︽ᠰᠤᠷᠬᠤ ᠡᠭᠦᠳᠬᠦ ᠲᠣᠭᠯᠠᠬᠤ︾ ᠨᠢ ︽ᠤᠯᠠᠭᠠᠨ ᠨᠢᠯᠬ᠎ᠠ ᠨᠠᠬᠢᠶ᠎ᠠ︾ ᠶᠢ ᠤᠮᠳᠠᠯᠠᠨ᠎ᠠ
ᠨᠡᠶᠢᠲᠡᠯᠡᠭᠰᠡᠨ ᠴᠠᠭ᠄
2024/10/24
   ︽ᠤᠯᠠᠭᠠᠨᠮᠥ᠋ᠴᠢᠷ︾ ᠨᠢ ︽ᠤᠯᠠᠭᠠᠨ ᠨᠢᠯᠬ᠎ᠠ ᠨᠠᠬᠢᠶ᠎ᠠ︾ ᠭᠡᠰᠡᠨ ᠤᠳᠬ᠎ᠠ ᠲᠠᠢ᠂ 2017 ᠣᠨ ᠠᠴᠠ ᠨᠠᠰᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤᠯᠠᠭᠠᠨᠮᠥ᠋ᠴᠢᠷ ᠤᠨ ᠦᠶᠯᠡᠰ  ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠷᠢᠳ ᠬᠤᠵᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠲᠦᠷᠢᠮ︾᠂ ︽ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠤᠯᠠᠭᠠᠨᠮᠥ᠋ᠴᠢᠷ  ᠤᠨ ᠦᠶᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠶ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠰᠢᠯᠭᠠᠨ ᠬᠢᠨᠠᠵᠤ ᠦᠨᠡᠯᠡᠨ ᠵᠢᠱᠢᠬᠦ ᠬᠠᠮᠢᠶᠠᠷᠤᠯᠲᠠ ᠶᠢᠨ ᠠᠷᠭ᠎ᠠ︾ ᠵᠡᠷᠭᠡ ᠶᠢ ᠨᠡᠶᠢᠳᠡᠯᠡᠵᠦ᠂ ᠪᠥᠬᠦ ᠣᠷᠣᠨ ᠤ ᠤᠯᠠᠭᠠᠨᠮᠥ᠋ᠴᠢᠷ ᠤᠨ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ ᠪᠠᠶᠢᠭᠤᠯᠤᠨ᠂ ᠤᠯᠠᠭᠠᠨᠮᠥ᠋ᠴᠢᠷ ᠤᠨ ᠰᠠᠭᠤᠷᠢ ᠲᠥᠬᠦᠭᠡᠷᠦᠮᠵᠢ ᠶᠢ ᠪᠠᠷᠢᠮᠵᠢᠶᠠᠵᠢᠭᠤᠯᠬᠤ ᠭᠤᠷᠪᠠᠨ ᠵᠢᠯ  ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ ᠤᠯᠠᠭᠠᠨᠮᠥ᠋ᠴᠢᠷ ᠤᠨ ᠡᠭᠦᠳᠦᠨ ᠲᠣᠭᠯᠠᠬᠤ ᠨᠥᠬᠦᠴᠡᠯ ᠢᠯᠡᠳᠲᠡ ᠳᠡᠭᠡᠭᠰᠢᠯᠡᠪᠡ᠃
   ᠡᠨᠡ ᠬᠡᠳᠦᠨ ᠡᠳᠦᠷ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠣᠲᠣ ᠶᠠᠭ ᠬᠡᠦᠬᠡᠳ ᠤᠨ ᠵᠦᠴᠦᠭᠡ ︽ᠨᠠᠶᠢᠮᠠᠯᠵᠢ ᠶᠢᠨ ᠬᠠᠴᠢᠨ ᠤᠴᠠᠷᠠᠯ︾ ᠢ ᠴᠠᠭ ᠨᠡᠮᠡᠵᠦ ᠪᠣᠯᠪᠠᠰᠤᠷᠠᠵᠤ ᠪᠠᠶᠢᠨ᠎ᠠ᠂ ᠲᠣᠰ ᠵᠦᠴᠦᠭᠡ ᠳᠤ ᠭᠤᠤᠯᠳᠠᠭᠤ ᠲᠦᠴᠢᠦᠸᠠᠨ ᠰᠢᠶᠠᠨ ᠤ ᠵᠡᠭᠦᠨ ᠲᠦᠷᠦᠯᠵᠢ ᠪᠠᠯᠭᠠᠰᠤᠨ ᠤ ᠮᠢᠩ ᠰᠢᠩ ᠨᠠᠭᠤᠷ ᠤᠨ ᠲᠤᠲᠤᠷᠭ᠎ᠠ ᠶᠢᠨ ᠲᠠᠷᠢᠶᠠᠨ ᠳᠤ ᠠᠮᠢᠳᠤᠷᠠᠵᠤ ᠪᠠᠶᠢᠭ᠎ᠠ ᠨᠠᠶᠢᠮᠠᠯᠵᠢ ᠶᠢᠨ ᠵᠡᠭᠦᠳᠦᠨ ᠤ ᠠᠶᠠᠯᠠᠯ ᠢᠶᠠᠨ ᠡᠬᠢᠯᠡᠭᠦᠯᠦᠭᠰᠡᠨ ᠥᠯᠢᠭᠡᠷ ᠢ ᠶᠠᠷᠢᠨ᠎ᠠ᠃ ᠲᠤᠰ ᠵᠦᠴᠦᠭᠡ ᠨᠢ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾᠂ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠢᠷᠡᠭᠰᠡᠨ︾ ᠵᠡᠷᠭᠡ ᠶᠢ ᠪᠠᠭᠲᠠᠭᠠᠭᠰᠠᠨ ᠣᠷᠣᠨ ᠨᠤᠲᠤᠭ ᠤᠨ ᠣᠨᠴᠠᠯᠢᠭ ᠲᠠᠢ ᠠᠯᠢ ᠤᠯᠠᠨ ᠲᠡᠦᠬᠡ ᠶᠢᠨ ᠮᠡᠳᠡᠯᠭᠡ ᠪᠠ ᠬᠤᠪᠢᠰᠬᠠᠯ ᠤᠨ ᠦᠯᠢᠭᠡᠷ ᠢ ᠤᠷᠠᠨ ᠢᠶᠠᠷ ᠬᠤᠯᠪᠣᠵᠤ᠂ ᠪᠢᠴᠢᠬᠠᠨ ᠨᠠᠶᠢᠵᠠ ᠨᠠᠷ ᠤᠨ ᠪᠠᠭ᠋ᠠᠷᠬᠠᠳᠠᠭ᠂ ᠠᠮᠠᠷᠬᠠᠨ ᠬᠦᠯᠢᠶᠡᠨ ᠠᠪᠬᠤ ᠬᠡᠯᠪᠡᠷᠢ ᠪᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠦᠯᠦ ᠮᠡᠳᠡᠭᠳᠡᠮ᠎ᠡ ᠪᠠᠷ ᠤᠯᠠᠮᠵᠢᠯᠠᠨ ᠵᠠᠯᠭᠠᠮᠵᠢᠯᠠᠪᠠ᠃
   ︽ᠮᠠᠨ ᠤ ᠪᠦᠯᠬᠦᠮ ᠤᠨ ᠵᠣᠬᠢᠶᠠᠨ ᠪᠦᠲᠦᠭᠡᠭᠰᠡᠨ ᠬᠡᠦᠬᠡᠳ ᠤᠨ ᠵᠦᠴᠦᠭᠡ ︿ᠨᠠᠶᠮᠠᠯᠵᠢ ᠶᠢᠨ ᠬᠠᠴᠢᠨ ᠤᠴᠠᠷᠠᠯ ﹀ ᠨᠢ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠤᠨ ᠢᠨᠵᠧᠨᠧᠷᠢᠩ ᠢᠶᠠᠷ ᠵᠢᠭᠰᠠᠭᠠᠭᠳᠠᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠪᠢᠳᠡᠨ ᠳᠤ 50 ᠲᠦᠮᠡᠨ ᠲᠥᠭᠦᠷᠢᠭ ᠤᠨ ᠲᠥᠷᠥᠯ ᠵᠦᠶᠯ ᠤᠨ ᠲᠡᠳᠬᠦᠮᠵᠢ ᠶᠢᠨ ᠵᠠᠷᠤᠳᠠᠯ ᠪᠠᠭᠤᠯᠭᠠᠪᠠ᠂ ᠡᠨᠡ ᠬᠦ ᠵᠠᠷᠤᠳᠠᠯ ᠨᠢ ᠦᠨᠳᠦᠰᠦᠨ ᠱᠠᠲᠤᠨ ᠤ ᠤᠯᠠᠭᠠᠨᠮᠥ᠋ᠴᠢᠷ ᠲᠤ ᠠᠪᠴᠤ ᠬᠡᠯᠡᠪᠡᠯ ᠳᠠᠭᠠᠷᠠᠭᠰᠠᠨ ᠬᠥᠮᠦᠨ ᠳᠤ ᠳᠠᠬᠤ ᠬᠦᠷᠭᠡᠭᠰᠡᠨ ᠶᠠᠪᠤᠳᠠᠯ ᠪᠣᠯᠤᠨ᠎ᠠ᠃ ᠣᠳᠣᠬᠠᠨ ᠳᠤ᠂ ᠮᠠᠨ ᠤ ᠡᠨᠡ ᠬᠡᠦᠬᠡᠳ ᠤᠨ ᠵᠦᠴᠦᠭᠡ ᠶᠢ ᠨᠢᠭᠡᠨᠲᠡ ᠵᠣᠬᠢᠶᠠᠨ ᠪᠦᠲᠦᠭᠡᠵᠦ ᠳᠠᠭᠤᠰᠬᠠᠭᠠᠳ᠂ ᠶᠠᠭ ᠬᠤᠪᠴᠠᠰᠤ ᠵᠠᠰᠠᠯ ᠦᠶᠯᠡᠳᠴᠦ᠂ 11 ᠰᠠᠷ᠎ᠠ  ᠶᠢᠨ ᠡᠬᠢ ᠪᠠᠷ ᠵᠦᠴᠦᠭᠡ ᠶᠢᠨ ᠲᠠᠯᠠᠪᠤᠷ ᠲᠤ ᠣᠷᠣᠭᠤᠯᠬᠤ ᠪᠠᠷ ᠴᠢᠷᠮᠠᠶᠢᠵᠤ᠂ 11 ᠰᠠᠷ᠎ᠠ ᠶᠢᠨ ᠳᠤᠮᠳᠠᠴᠢ ᠪᠠᠷ᠂ ᠪᠦᠬᠦ ᠰᠢᠶᠠᠨ ᠤ ᠪᠠᠭ᠎ᠠ ᠰᠤᠷᠭᠠᠭᠤᠯᠢ ᠳᠤ ᠢᠯᠡ ᠪᠠᠷ ᠲᠣᠭᠯᠠᠯᠲᠠ ᠭᠠᠷᠭᠠᠨ᠎ᠠ᠃︾ ᠭᠡᠵᠦ ᠲᠦᠴᠢᠦᠸᠠᠨ ᠰᠢᠶᠠᠨ ᠤ ᠤᠯᠠᠭᠠᠨᠮᠥ᠋ᠴᠢᠷ ᠤᠨ ᠳᠠᠷᠤᠭ᠎ᠠ ᠳ᠋ᠦᠩ ᠶᠢᠨ ᠮᠧᠢ ᠲᠠᠨᠢᠯᠴᠠᠭᠤᠯᠪᠠ᠃
   ᠲᠦᠴᠢᠦᠸᠠᠨ ᠰᠢᠶᠠᠨ ᠤ ᠤᠯᠠᠭᠠᠨᠮᠥ᠋ᠴᠢᠷ ︽ᠶᠠᠭᠤ ᠶᠢ ᠡᠭᠦᠳᠬᠦ︾ ︽ᠶᠠᠭᠠᠬᠢᠵᠤ ᠡᠭᠦᠳᠬᠦ︾ ᠶᠢᠨ ᠲᠣᠭᠤᠷᠢᠨ  ᠳᠤ᠂ ᠭᠤᠤᠯ ᠰᠡᠳᠦᠪᠲᠦ ᠵᠣᠬᠢᠶᠠᠨ ᠪᠦᠲᠦᠭᠡᠯᠭᠡ ᠶᠢ ᠴᠢᠩᠭᠠᠳᠬᠠᠬᠤ᠂ ᠤᠷᠠᠯᠢᠭ ᠤᠨ ᠬᠠᠪᠰᠤᠷᠤᠨ ᠵᠢᠯᠣᠭᠤᠳᠣᠯᠭ᠎ᠠ ᠥᠷᠨᠢᠭᠦᠯᠬᠦ᠂ ᠰᠢᠯᠢᠳᠡᠭ ᠪᠦᠲᠦᠭᠡᠯ ᠢ ᠳᠠᠮᠵᠢᠭᠤᠯᠬᠤ᠂ ᠳᠡᠯᠭᠡᠨ ᠦᠵᠡᠭᠦᠯᠬᠦ ᠲᠠᠪᠴᠠᠩ ᠪᠠᠶᠢᠭᠤᠯᠬᠤ᠂ ᠰᠣᠯᠢᠯᠴᠠᠭ᠎ᠠ ᠰᠤᠷᠤᠯᠴᠠᠯᠭ᠎ᠠ ᠪᠠᠨ ᠨᠡᠮᠡᠭᠳᠡᠭᠦᠯᠬᠦ ᠵᠡᠷᠭᠡ ᠪᠠᠷ ᠳᠠᠮᠵᠢᠭᠤᠯᠤᠨ᠂ ᠤᠯᠠᠭᠠᠨᠮᠥ᠋ᠴᠢᠷ ᠤᠨ ᠵᠣᠬᠢᠶᠠᠨ ᠪᠦᠲᠦᠭᠡᠬᠦ ᠠᠮᠢᠵᠢᠷᠠᠯ  ᠤᠨ ᠬᠦᠴᠦᠨ ᠪᠠ ᠬᠥᠳᠡᠯᠭᠡᠬᠦ ᠬᠦᠴᠦᠨ ᠢ ᠴᠢᠩᠭᠠᠷᠠᠭᠤᠯᠪᠠ᠃    ᠲᠦᠴᠢᠦᠸᠠᠨ ᠰᠢᠶᠠᠨ ᠤ ᠤᠯᠠᠭᠠᠨᠮᠥ᠋ᠴᠢᠷ ᠨᠠᠮ ᠤᠨ ᠬᠤᠷᠢᠳᠤᠭᠠᠷ ᠶᠡᠭᠡ ᠬᠤᠷᠠᠯ ᠤᠨ ᠲᠣᠭᠤᠷᠢᠨ ᠳᠤ ︽ᠪᠠᠭ᠎ᠠ ᠲᠣᠰᠬᠤᠨ ᠤ ᠶᠡᠭᠡ ᠬᠠᠶᠢᠷ᠎ᠠ︾᠂ ︽ᠵᠣᠯ ᠵᠢᠷᠭᠠᠯ ᠮᠠᠷᠭᠠᠰᠢ︾ ᠭᠡᠬᠦ ᠬᠥᠭᠵᠢᠭᠡᠨᠲᠦ ᠵᠦᠴᠦᠭᠡ ᠶᠢ ᠵᠣᠬᠢᠶᠠᠨ ᠪᠦᠲᠦᠭᠡᠪᠡ︔ ᠬᠤᠪᠢᠰᠬᠠᠯᠲᠤ ᠰᠣᠶᠣᠯ ᠤᠨ ᠲᠣᠭᠤᠷᠢᠨ ᠳᠤ ︽ᠴᠢᠮᠠᠶᠢ ᠪᠠᠨ ᠰᠠᠬᠢᠨ᠎ᠠ︾᠂ ︽ᠴᠦᠨ ᠵᠧᠦ ᠶᠢᠨ ᠲᠡᠷᠡ ᠬᠡᠰᠡᠭ ᠤᠯᠠᠭᠠᠨ︾᠂ ︽ᠵᠠᠩ ᠼᠧ ᠶᠢᠨ ᠰᠥᠨᠢ ᠶᠢᠨ ᠶᠠᠷᠢᠯᠴᠠᠭ᠎ᠠ︾ ᠵᠡᠷᠭᠡ ᠪᠦᠲᠦᠭᠡᠯ ᠲᠠᠷᠢᠶᠠᠴᠢᠨ ᠲᠦᠮᠡᠨ ᠤ ᠪᠠᠭ᠋ᠠᠷᠬᠠᠯ ᠢ ᠣᠯᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠡᠭᠡᠯ ᠠᠷᠠᠳ ᠤᠨ ᠭᠡᠷ ᠲᠤ ᠬᠦᠷᠭᠡᠪᠡ᠃
   ᠰᠤᠷᠤᠯᠴᠠᠯᠭ᠎ᠠ ᠶᠢᠨ ᠲᠠᠯ᠎ᠠ ᠪᠠᠷ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠪᠡᠶ᠎ᠡ ᠪᠠᠨ ᠳᠠᠭᠠᠭᠠᠵᠤ ᠰᠤᠷᠤᠯᠴᠠᠬᠤ᠂ ᠲᠥᠪᠯᠡᠷᠡᠭᠦᠯᠦᠨ ᠰᠤᠷᠤᠯᠴᠠᠬᠤ᠂ ᠠᠬᠠᠮᠠᠳ ᠭᠡᠰᠢᠭᠦᠳ ᠳᠠᠭᠠᠭᠤᠯᠤᠨ ᠰᠤᠷᠤᠯᠴᠠᠬᠤ᠂ ᠨᠠᠮᠴᠢ ᠴᠢᠨᠠᠷ  ᠤᠨ ᠬᠥᠮᠦᠵᠢᠯ ᠤᠨ ᠰᠠᠭᠤᠷᠢᠨ ᠢ ᠠᠰᠢᠭᠯᠠᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠵᠡᠷᠭᠡ ᠠᠷᠭ᠎ᠠ ᠬᠡᠯᠪᠡᠷᠢ ᠪᠠᠷ ᠶᠡᠷᠦᠩᠬᠡᠶ ᠱᠦᠵᠢ ᠰᠢ ᠶᠢᠨ ᠫᠢᠩ ᠤᠨ ᠤᠯᠠᠭᠠᠨᠮᠥ᠋ᠴᠢᠷ ᠤᠨ ᠭᠡᠰᠢᠭᠦᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠷᠢᠨ ᠪᠦᠲᠦᠨ ᠣᠨᠣᠪᠴᠢᠲᠠᠶ ᠣᠶᠢᠯᠠᠭᠠᠵᠤ᠂ ᠭᠦᠨᠵᠡᠭᠡᠶ ᠰᠤᠷᠤᠯᠴᠠᠨ ᠨᠠᠷᠢᠯᠢᠭ ᠣᠶᠢᠯᠠᠭᠠᠵᠤ᠂ ᠪᠠᠶᠢᠩᠭᠤ ᠰᠤᠷᠤᠯᠴᠠᠨ ᠪᠠᠶᠢᠩᠭᠤ ᠰᠢᠨᠡᠳᠬᠡᠬᠦ ᠶᠢ ᠪᠡᠶᠡᠯᠡᠭᠦᠯᠪᠡ᠃
   ︽ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠶᠢᠨ ᠲᠠᠯ᠎ᠠ ᠪᠠᠷ᠂ ᠨᠢᠭᠡ ᠵᠦᠶᠯ ᠨᠢ ᠪᠣᠯ ᠤᠷᠢᠵᠤ ᠣᠷᠣᠭᠤᠯᠤᠨ᠎ᠠ᠂ ᠭᠠᠳᠠᠷ ᠣᠷᠣᠨ ᠤ ᠪᠠᠭᠰᠢ ᠲᠤᠰᠬᠠᠶ ᠮᠡᠷᠭᠡᠵᠢᠯᠲᠡᠨ ᠢ ᠪᠦᠯᠬᠦᠮ ᠨᠡᠶᠢᠲᠡ ᠳᠤ ᠤᠷᠢᠵᠤ᠂ ᠪᠢᠳᠡᠨ  ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠵᠦ᠂ ᠫᠷᠤᠭ᠍ᠷᠠᠮ ᠵᠣᠬᠢᠶᠠᠨ ᠪᠠᠶᠢᠭᠤᠯᠵᠤ ᠪᠡᠯᠡᠳᠬᠡᠨ᠎ᠡ᠃ ᠡᠭᠦᠨ ᠠᠴᠠ ᠭᠠᠳᠠᠨ᠎ᠠ ᠭᠠᠷᠴᠤ ᠶᠠᠪᠤᠬᠤ᠂ ᠣᠲᠣ ᠡᠯ᠎ᠡ ᠵᠦᠶᠯ ᠤᠨ ᠲᠥᠷᠥ ᠶᠢᠨ ᠪᠣᠳᠣᠯᠭ᠎ᠠ ᠮᠠᠰᠢ ᠰᠠᠶᠢᠨ ᠪᠠᠶᠢᠵᠤ᠂ ᠦᠨᠳᠦᠰᠦᠨ ᠱᠠᠲᠤᠨ ᠤ ᠤᠯᠠᠭᠠᠨᠮᠥ᠋ᠴᠢᠷ ᠢ ᠬᠥᠮᠦᠵᠢᠭᠦᠯᠬᠦ ᠲᠣᠬᠢᠶᠠᠯ ᠴᠤ ᠮᠠᠰᠢ ᠣᠯᠠᠨ ᠪᠠᠶᠢᠨ᠎ᠠ᠂ ᠡᠶᠢᠮᠦ ᠠᠴᠠ ᠪᠢᠳᠡ ᠡᠯ᠎ᠡ ᠵᠦᠶᠯ ᠤᠨ ᠰᠤᠷᠤᠯᠴᠠᠬᠤ ᠲᠣᠬᠢᠶᠠᠯ ᠳᠤ ᠴᠢᠭᠯᠡᠭᠦᠯᠦᠨ᠂ ᠠᠳᠠᠯᠢ ᠪᠤᠰᠤ ᠭᠡᠰᠢᠭᠦᠳ ᠢ ᠰᠣᠩᠭᠤᠨ ᠲᠣᠮᠢᠯᠠᠵᠤ᠂ ᠨᠢᠳᠦ ᠨᠡᠭᠡᠭᠡᠯᠭᠡᠬᠦ ᠪᠣᠯᠤᠨ᠎ᠠ᠃︾ ᠭᠡᠵᠦ ᠳ᠋ᠦᠩ ᠶᠢᠨ ᠮᠧᠶ ᠲᠠᠨᠢᠯᠴᠠᠭᠤᠯᠤᠨ᠎ᠠ᠃
   ᠲᠣᠭᠯᠠᠯᠲᠠ ᠳᠡᠭᠡᠷ᠎ᠡ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠶᠡᠭᠡ ᠪᠠᠷ ᠪᠠᠳᠠᠷᠠᠭᠤᠯᠵᠤ᠂ ᠠᠮᠢᠳᠤᠷᠠᠯ ᠤᠨ ᠰᠢᠮᠡᠯᠢᠭ ᠬᠥᠷᠥᠰᠥᠨ ᠳᠤ ᠦᠨᠳᠦᠰᠦᠯᠡᠵᠦ᠂ ᠮᠠᠯᠴᠢᠨ ᠲᠠᠷᠢᠶᠠᠴᠢᠨ ᠤᠯᠠᠨ ᠲᠦᠮᠡᠨ ᠳᠤ ᠦᠢᠯᠡᠴᠢᠯᠡᠵᠦ᠂ ᠪᠦᠬᠦ ᠵᠢᠯ ᠳᠤ ᠦᠨᠳᠦᠰᠦᠨ ᠱᠠᠲᠤᠨ ᠤ ᠤᠯᠠᠨ ᠲᠦᠮᠡᠨ ᠳᠤ ᠲᠣᠭᠯᠠᠯᠲᠠ ᠭᠠᠷᠭᠠᠵᠤ ᠦᠢᠯᠡᠴᠢᠯᠡᠵᠦ᠂ ᠵᠢᠯ ᠪᠦᠷᠢ ᠶᠢᠨ 6 ᠰᠠᠷ᠎ᠠ ᠳᠤ ᠤᠯᠠᠭᠠᠨᠮᠥ᠋ᠴᠢᠷ ᠤᠨ ᠰᠠᠷ᠎ᠠ ᠶᠢᠨ ᠠᠵᠢᠯᠯᠠᠭ᠎ᠠ ᠥᠷᠨᠢᠭᠦᠯᠵᠦ᠂ 11 ᠰᠠᠷ᠎ᠠ ᠳᠤ ︽ᠪᠠᠶᠠᠷ ᠪᠠᠶᠠᠰᠤᠯ ᠬᠦᠷᠭᠡᠬᠦ᠂ ᠪᠣᠯᠪᠠᠰᠤᠨ ᠬᠦᠷᠭᠡᠬᠦ︾ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ︽ᠳᠠᠪᠬᠤᠷᠳᠠᠭᠤᠯᠤᠬᠤ ᠦᠭᠡᠢ᠂ ᠥᠷᠭᠡᠨ ᠢᠶᠠᠷ ᠪᠦᠷᠬᠦᠬᠦᠯᠬᠦ︾ ᠵᠠᠷᠴᠢᠮ ᠶᠣᠰᠣᠭᠠᠷ᠂ ᠬᠥᠳᠡᠭᠡ ᠲᠣᠰᠬᠤᠨ᠂ ᠪᠤᠶᠢᠳᠠ ᠪᠥᠭᠯᠡᠭᠦᠦ ᠭᠠᠵᠠᠷ ᠣᠷᠣᠨ᠂ ᠤᠯᠠᠨ ᠨᠡᠶᠢᠲᠡ ᠶᠢᠨ ᠰᠣᠶᠣᠯ  ᠤᠨ ᠦᠢᠯᠡᠴᠢᠯᠡᠭᠡ ᠪᠠᠭᠤᠷᠠᠢ ᠭᠠᠵᠠᠷ ᠣᠷᠣᠨ ᠢ ᠭᠤᠣᠯᠳᠠᠯᠭ᠎ᠠ ᠲᠠᠢ ᠰᠣᠩᠭᠤᠵᠤ᠂ ᠤᠷᠠᠨ ᠰᠠᠶᠢᠬᠠᠨ ᠤ ᠲᠣᠭᠯᠠᠯᠲᠠ᠂ ᠤᠷᠠᠯᠢᠭ ᠤᠨ ᠬᠠᠪᠰᠤᠷᠤᠨ ᠵᠢᠯᠤᠭᠤᠳᠤᠯᠭ᠎ᠠ᠂ ᠰᠤᠷᠤᠯᠴᠠᠯᠭ᠎ᠠ ᠳᠤ ᠬᠦᠷᠭᠡᠬᠦ ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ᠃
   ᠣᠳᠣᠬᠠᠨ ᠪᠣᠯᠲᠠᠯ᠎ᠠ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠡᠯ᠎ᠡ ᠲᠥᠷᠥᠯ ᠤᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ ᠨᠡᠶᠢᠲᠡ 70 ᠤᠳᠠᠭ᠎ᠠ ᠥᠷᠨᠢᠭᠦᠯᠵᠦ᠂ ᠭᠥᠯᠢᠶᠡᠨ ᠠᠪᠤᠭᠰᠠᠨ ᠬᠥᠮᠦᠨ ᠤ ᠲᠤᠭ᠎ᠠ 2.2 ᠲᠦᠮᠡ ᠳᠤ ᠬᠦᠷᠴᠡᠶ᠃ ᠡᠯ᠎ᠡ ᠵᠦᠢᠯ ᠤᠨ ᠬᠠᠪᠰᠤᠷᠤᠨ ᠵᠢᠯᠤᠭᠤᠳᠤᠯᠭ᠎ᠠ ᠶᠢ ᠡᠯ᠎ᠡ ᠨᠡᠶᠢᠭᠡᠮ ᠲᠣᠭᠤᠷᠢᠭ᠂ ᠡᠯ᠎ᠡ ᠰᠢᠶᠠᠩ ᠪᠠᠯᠭᠠᠰᠤ ᠠᠶᠢᠯ ᠲᠣᠰᠬᠤᠨ ᠳᠤ ᠨᠡᠶᠢᠳᠡ 62 ᠲᠠᠯᠠᠪᠠᠢ ᠥᠷᠨᠢᠭᠦᠯᠵᠦ᠂ ᠬᠦᠯᠢᠶᠡᠨ ᠠᠪᠤᠭᠰᠠᠨ ᠬᠥᠮᠦᠨ ᠤ ᠲᠤᠭ᠎ᠠ 2 ᠲᠦᠮᠡᠨ ᠬᠥᠮᠦᠨ ᠤᠳᠠᠭ᠎ᠠ ᠳᠤ ᠬᠦᠷᠴᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号