ᠠᠷᠪᠠᠨ ᠰᠠᠷ᠎ᠠ ᠪᠣᠯ ᠬᠤᠷᠢᠶᠠᠯᠲᠠ ᠶᠢᠨ ᠤᠯᠠᠷᠢᠯ ᠪᠤᠯᠤᠨ᠎ᠠ᠂ ᠡᠨᠡ ᠦᠶ᠎ᠡ ᠶᠢᠨ ᠲᠦᠴᠢᠦᠸᠠᠨ ᠤ ᠡᠬᠡ ᠭᠠᠵᠠᠷ | ᠳᠡᠭᠡᠷ᠎ᠡ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢᠶᠠᠷ ᠪᠢᠯᠬᠠᠨ᠎ᠠ᠃ ᠡᠨᠡ ᠵᠢᠯ ᠠᠴᠠ ᠨᠠᠭᠠᠰᠢ᠂ ᠲᠦᠴᠢᠦᠸᠠᠨ | ᠰᠢᠶᠠᠨ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠰᠤ ᠪᠤᠷᠳᠤᠭᠤᠷ ᠢ ᠨᠢᠭᠡ ᠴᠤᠬᠴᠠᠵᠢᠭᠤᠯᠬᠤ ᠢᠨᠵᠧᠨᠧᠷᠢᠩ ᠤᠨ ᠠᠷᠭ᠎ᠠ | ᠬᠡᠮᠵᠢᠶ᠎ᠡ ᠪᠠᠷ ᠰᠠᠭᠤᠷᠢ ᠪᠣᠯᠭᠠᠨ᠂ 8 ᠤᠨᠢᠨ ᠳᠡᠭᠡᠷ᠎ᠡ ᠨᠢ ᠢᠵᠢ ᠪᠦᠷᠢᠳᠦᠬᠦᠯᠬᠦ 11 ᠵᠦᠢᠯ ᠤᠨ ᠵᠠᠩᠭᠢᠯᠠᠭ᠎ᠠ ᠶᠢᠨ | ᠮᠡᠷᠭᠡᠵᠢᠯ ᠢ ᠳᠡᠯᠭᠡᠷᠡᠭᠦᠯᠵᠦ᠂ ᠠᠮᠤ ᠪᠤᠳᠠᠭᠠᠨ ᠤ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ ᠲᠣᠭᠲᠠᠭᠤᠨ | ᠤᠨᠠᠯᠲᠠ ᠲᠠᠢ ᠪᠣᠯᠬᠤ ᠶᠢ ᠲᠤᠯᠭᠠᠭᠤᠷᠢᠯᠠᠵᠤ᠂ ᠲᠠᠷᠢᠶᠠᠯᠠᠩ ᠤᠨ ᠤᠨᠠᠯᠲᠠ ᠶᠢ ᠨᠡᠮᠡᠭᠳᠡᠭᠦᠯᠵᠦ ᠦᠷ᠎ᠡ ᠠᠰᠢᠭ ᠢ | ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃ | ᠲᠦᠴᠢᠦᠸᠠᠨ ᠪᠠᠯᠭᠠᠰᠤᠨ ᠤ ᠴᠠᠩ ᠴᠢᠩ ᠲᠣᠰᠬᠤᠨ ᠤ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ | ᠶᠢ ᠳᠡᠭᠡᠭᠰᠢᠯᠡᠭᠦᠯᠬᠦ ᠢᠨᠵᠧᠨᠧᠷᠢᠩ ᠤᠨ ᠦᠯᠢᠭᠡᠷ ᠴᠡᠭ ᠤᠨ ᠲᠤᠬᠠᠢ ᠶᠢᠨ ᠲᠠᠯᠠᠪᠠᠢ ᠳᠤ᠂ ᠡᠷᠳᠡᠨᠢ ᠰᠢᠰᠢ ᠨᠢ ᠰᠠᠯᠬᠢ | ᠰᠦᠷᠦᠨ ᠰᠦᠨᠳᠡᠷᠯᠡᠵᠦ᠂ ᠡᠷᠳᠡᠨᠢ ᠰᠢᠰᠢ ᠶᠢᠨ ᠮᠥᠬᠦᠯᠢᠭ ᠨᠢ ᠳᠦᠭᠦᠷᠡᠩ ᠪᠠᠶᠢᠵᠤ᠂ ᠲᠦᠴᠢᠦᠸᠠᠨ ᠰᠢᠶᠠᠨ ᠤ | ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠲᠣᠪᠴᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ | ᠢ ᠳᠡᠯᠭᠡᠷᠡᠭᠦᠯᠬᠦ ᠲᠥᠪ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨ ᠡᠷᠳᠡᠨᠢ ᠰᠢᠰᠢ ᠶᠢᠨ ᠲᠠᠯᠠᠪᠠᠢ ᠳᠠᠬᠢ | ᠤᠨᠠᠯᠲᠠ ᠶᠢ ᠬᠡᠮᠵᠢᠨ ᠰᠢᠯᠭᠠᠨ ᠠᠪᠬᠤ ᠱᠠᠭᠠᠷᠳᠠᠯᠭ᠎ᠠ ᠶᠢ ᠦᠨᠳᠦᠰᠦᠯᠡᠨ ᠰᠢᠨᠵᠢᠯᠡᠬᠦ ᠤᠬᠠᠭᠠᠨᠴᠢ ᠪᠠᠷ ᠦᠯᠢᠭᠡᠷ | ᠠᠪᠴᠤ᠂ ᠲᠤᠬᠠᠢ ᠶᠢᠨ ᠲᠠᠯᠠᠪᠠᠢ ᠳᠤ ᠲᠡᠭᠦᠵᠦ᠂ ᠬᠦᠨᠳᠦ ᠶᠢ ᠨᠢ ᠬᠡᠮᠵᠢᠵᠦ᠂ ᠨᠠᠷᠢᠨ ᠪᠣᠳᠠᠲᠠᠢ ᠲᠡᠮᠳᠡᠭᠯᠡᠯ ᠬᠢᠵᠦ | ᠪᠠᠶᠢᠯ᠎ᠠ᠃ | | ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠲᠠᠷᠢᠶᠠᠯᠠᠩ ᠮᠠᠯ ᠠᠵᠤ ᠠᠬᠤᠶ ᠶᠢᠨ | ᠮᠡᠷᠭᠡᠵᠢᠯ ᠳᠡᠯᠭᠡᠷᠡᠭᠦᠯᠬᠦ ᠲᠥᠪ ᠤᠨ ᠮᠡᠷᠭᠡᠵᠢᠯᠲᠡᠨ ᠯᠢᠦ ᠱᠤᠸᠠᠢ ᠲᠠᠨᠢᠯᠴᠠᠭᠤᠯᠬᠤ ᠳᠠᠭᠠᠨ᠄ ︽ᠮᠠᠨ ᠤ ᠡᠨᠡ | ᠤᠳᠠᠭᠠᠨ ᠤ ᠡᠷᠳᠡᠨᠢ ᠰᠢᠰᠢ ᠶᠢᠨ ᠤᠨᠠᠯᠲᠠ ᠶᠢ ᠬᠡᠮᠵᠢᠬᠦ ᠳᠤ ᠭᠤᠤᠯᠳᠠᠭᠤ ᠵᠠᠷᠢᠮ ᠲᠠᠷᠢᠮᠠᠯ ᠤᠨ ᠲᠠᠯᠠᠪᠠᠶ ᠪᠠᠷ | ᠨᠡᠯᠢᠶᠡᠳ ᠶᠡᠭᠡ᠂ ᠲᠥᠯᠥᠭᠡᠯᠡᠬᠦ ᠴᠢᠨᠠᠷᠲᠠᠶ ᠭᠠᠵᠠᠷ ᠢ ᠰᠣᠩᠭᠤᠵᠤ ᠤᠨᠠᠯᠲᠠ ᠶᠢ ᠬᠡᠮᠵᠢᠨ᠎ᠡ᠃ ᠲᠠᠷᠢᠶᠠᠨ ᠭᠠᠵᠠᠷ | ᠭᠦᠷᠦᠭᠰᠡᠨ ᠤ ᠳᠠᠷᠠᠭ᠎ᠠ᠂ ᠶᠠᠭᠤᠨ ᠤ ᠡᠮᠦᠨ᠎ᠡ ᠡᠷᠳᠡᠨᠢ ᠰᠢᠰᠢ ᠶᠢᠨ ᠲᠦᠷᠦᠭᠦᠦ ᠶᠢᠨ ᠲᠤᠭ᠎ᠠ᠂ ᠲᠦᠷᠦᠭᠦᠦ ᠶᠢᠨ | ᠬᠦᠨᠳᠦ ᠵᠡᠷᠭᠡ ᠶᠢ ᠪᠠᠭᠲᠠᠭᠠᠭᠰᠠᠨ ᠪᠠᠭ᠎ᠠ ᠬᠡᠪᠴᠢᠶᠡᠨ ᠤ ᠬᠡᠮᠵᠢᠯᠲᠡ ᠬᠢᠵᠦ᠂ ᠪᠠᠭ᠎ᠠ ᠬᠡᠰᠡᠭ ᠢᠶᠠᠷ ᠪᠦᠬᠦᠶᠢᠯᠡ ᠲᠠᠷᠢᠮᠠᠯ | ᠤᠨ ᠲᠤᠭ᠎ᠠ ᠪᠠᠷᠢᠮᠲᠠ ᠶᠢ ᠲᠥᠰᠦᠭᠡᠯᠡᠨ ᠪᠤᠳᠤᠨ᠎ᠠ᠃ ᠳᠠᠷᠠᠭ᠎ᠠ ᠨᠢ ᠪᠢᠳᠡ ᠳᠠᠬᠢᠨ ᠲᠤᠭ᠎ᠠ ᠪᠠᠷᠢᠮᠲᠠ ᠶᠢ ᠪᠦᠬᠦᠯᠢ | ᠴᠣᠭᠴᠠ ᠪᠠᠷ ᠬᠤᠷᠢᠶᠠᠩᠭᠤᠶᠢᠯᠠᠵᠤ᠂ ᠠᠯᠢ ᠠᠯᠢ ᠲᠥᠷᠥᠯ ᠵᠦᠶᠯ ᠨᠢ ᠲᠣᠰ ᠰᠢᠶᠠᠨ ᠤ ᠬᠡᠪ ᠤᠨ ᠪᠣᠶᠢᠵᠢᠯᠲᠠ ᠳᠤ | ᠳᠣᠭᠢᠷᠠᠬᠤ᠂ ᠠᠯᠢ ᠠᠯᠢ ᠲᠥᠷᠥᠯ ᠵᠦᠶᠯ ᠢ ᠮᠠᠨ ᠤ ᠳᠡᠯᠭᠡᠷᠡᠭᠦᠯᠬᠦ ᠲᠥᠪ ᠠᠴᠠ ᠦᠷᠭᠦᠯᠵᠢᠯᠡᠨ ᠳᠡᠯᠭᠡᠷᠡᠭᠦᠯᠵᠦ | ᠪᠣᠯᠬᠤ ᠶᠢ ᠦᠵᠡᠨ᠎ᠡ᠃ ᠮᠦ ᠪᠦᠷᠢ ᠶᠢᠨ ᠤᠨᠠᠯᠲᠠ ᠶᠢ ᠬᠡᠮᠵᠢᠬᠦ ᠪᠠᠷ ᠳᠠᠮᠵᠢᠨ᠂ ᠵᠠᠷᠢᠮ ᠰᠢᠭᠰᠢᠨ ᠰᠣᠩᠭᠤᠬᠤ | ᠦᠶᠯᠡᠳᠦᠯ ᠲᠠᠢ᠃︾ ᠭᠡᠵᠡᠢ᠃ | | ᠮᠥᠷ ᠤᠨ ᠵᠠᠶ᠂ ᠲᠦᠷᠦᠭᠦᠦ ᠶᠢᠨ ᠲᠤᠭ᠎ᠠ᠂ ᠲᠦᠷᠦᠭᠦᠦ ᠶᠢᠨ ᠬᠦᠨᠳᠦ᠂ ᠤᠰᠤᠨ ᠤ ᠠᠭᠤᠯᠤᠭᠳᠠᠴᠠ ᠵᠡᠷᠭᠡ | ᠬᠠᠮᠢᠶ᠎ᠠ ᠪᠥᠬᠦᠶ ᠲᠤᠭ᠎ᠠ ᠪᠠᠷᠢᠮᠲᠠ ᠶᠢ ᠴᠤᠭᠯᠠᠭᠤᠯᠤᠭᠰᠠᠨ ᠤ ᠳᠠᠷᠠᠭ᠎ᠠ᠂ ᠮᠡᠷᠭᠡᠵᠢᠯ ᠤᠨ ᠠᠵᠢᠯᠲᠠᠨ ᠲᠣᠮᠢᠶ᠎ᠠ ᠪᠠᠷ | ᠳᠠᠮᠵᠢᠭᠤᠯᠤᠨ ᠡᠷᠳᠡᠨᠢ ᠰᠢᠰᠢ ᠶᠢᠨ ᠲᠥᠷᠥᠯ ᠵᠦᠶᠯ ᠪᠣᠯᠬᠤ ︽ᠳ᠋ᠦᠩ ᠳ᠋ᠠᠨ 1331︾ ᠶᠢᠨ ᠮᠥ ᠪᠦᠷᠢ ᠶᠢᠨ | ᠳᠤᠮᠳᠠᠴᠢ ᠤᠨᠠᠯᠲᠠ ᠶᠢ 760 ᠺᠢᠯᠣᠭ᠍ᠷᠠᠮ ᠣᠷᠴᠢᠮ ᠪᠠᠶᠢᠬᠤ ᠶᠢ ᠪᠤᠳᠤᠵᠤ ᠭᠠᠷᠭᠠᠪᠠ᠃ ᠬᠡᠮᠵᠢᠯᠲᠡ ᠶᠢᠨ ᠦᠷ᠎ᠡ | ᠳ᠋ᠦᠩ ᠨᠢ ᠲᠠᠷᠢᠮᠠᠯ ᠤᠨ ᠲᠣᠮᠣ ᠡᠷᠦᠬᠡ ᠴᠢᠦᠶ ᠸᠧᠨ ᠡᠦ ᠳᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ | ᠬᠦᠷᠲᠡᠭᠡᠵᠦ᠂ ᠲᠡᠭᠦᠨ ᠤ ᠲᠠᠷᠢᠬᠤ ᠡᠷᠡᠰ ᠵᠣᠷᠢᠭ ᠢ ᠴᠤ ᠪᠠᠲᠤᠳᠬᠠᠪᠠ᠃ | | ︽ᠮᠠᠨ ᠤ ᠬᠢᠨ ᠡᠨᠡ ᠵᠢᠯ ᠨᠡᠶᠢᠲᠡ ᠨᠠᠶᠮᠠᠨ ᠵᠠᠭᠤᠨ ᠮᠥ ᠡᠷᠳᠡᠨᠢ ᠰᠢᠰᠢ ᠳᠠᠷᠢᠪᠠ᠂ ᠡᠭᠦᠨ ᠠᠴᠠ ᠡᠮᠦᠨ᠎ᠡ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠮᠡᠷᠭᠡᠵᠢᠯᠲᠡᠨ ᠮᠠᠨ ᠳᠤ ᠨᠢᠭᠲᠠ ᠳᠠᠷᠢᠬᠤ ᠪᠠ ᠭᠦᠢᠬᠡᠨ | ᠪᠤᠯᠠᠵᠤ ᠤᠰᠤᠯᠠᠬᠤ ᠠᠷᠭ᠎ᠠ ᠶᠢ ᠵᠢᠯᠣᠭᠤᠳᠴᠤ᠂ ᠡᠭᠦᠨ ᠤ ᠳᠡᠭᠡᠷ᠎ᠡ ᠪᠣᠷᠣᠭᠠᠨ ᠤ ᠤᠰᠤ ᠨᠡᠯᠢᠶᠡᠳ ᠭᠦᠶᠴᠡᠳ | ᠪᠠᠶᠢᠵᠤ᠂ ᠡᠷᠳᠡᠨᠢ ᠰᠢᠰᠢ ᠶᠢᠨ ᠤᠷᠭᠤᠴᠠ ᠮᠠᠰᠢ ᠰᠠᠶᠢᠨ᠂ ᠡᠨᠡ ᠵᠢᠯ ᠤᠨ ᠤᠨᠠᠯᠲᠠ ᠨᠢ ᠨᠢᠳᠤᠨᠤᠨ ᠤ ᠬᠢ ᠠᠴᠠ | ᠨᠡᠯᠢᠶᠡᠳ ᠥᠨᠳᠥᠷ ᠪᠣᠯᠵᠠᠶ᠃︾ ᠭᠡᠵᠦ ᠲᠦᠴᠢᠦᠸᠠᠨ ᠪᠠᠯᠭᠠᠰᠤᠨ ᠤ ᠴᠠᠩ ᠴᠢᠩ ᠲᠣᠰᠬᠤᠨ ᠤ ᠠᠷᠠᠳ ᠴᠢᠦᠶ | ᠸᠧᠨ ᠦ᠋ ᠪᠠᠶᠠᠷᠳᠠᠢ ᠬᠡᠯᠡᠪᠡ᠃ | ᠲᠦᠴᠢᠦᠸᠠᠨ ᠰᠢᠶᠠᠨ ᠰᠢᠨ᠎ᠡ ᠮᠡᠷᠭᠡᠵᠢᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠡᠷᠳᠡᠨᠢ ᠰᠢᠰᠢ | ᠲᠠᠷᠢᠬᠤ ᠨᠢᠭᠲᠠᠴᠠ ᠶᠢ ᠨᠡᠮᠡᠭᠳᠡᠭᠦᠯᠦᠭᠰᠡᠨ ᠤ ᠳᠡᠭᠡᠷ᠎ᠡ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ | ᠢᠨᠵᠧᠨᠧᠷᠢᠩ ᠵᠡᠷᠭᠡ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠯᠲᠡ ᠶᠢ ᠨᠡᠮᠡᠵᠦ᠂ ᠲᠠᠷᠢᠶᠠᠯᠠᠩ ᠢ | ᠤᠶᠤᠨᠴᠢᠯᠠᠬᠤ᠂ ᠰᠢᠨᠵᠢᠯᠡᠬᠦ ᠤᠬᠠᠭᠠᠨᠴᠢᠯᠠᠬᠤ᠂ ᠲᠣᠭᠠᠴᠢᠯᠠᠬᠤ ᠴᠢᠭᠯᠡᠯ ᠲᠡᠰᠢ ᠬᠥᠭᠵᠢᠭᠦᠯᠬᠦ ᠶᠢ ᠶᠡᠬᠡᠪᠡᠷ ᠲᠦᠯᠬᠢᠨ | ᠠᠬᠢᠭᠤᠯᠵᠤ᠂ ᠰᠠᠶᠢᠨ ᠡᠭᠦᠯᠳᠡᠷ᠂ ᠰᠠᠶᠢᠨ ᠠᠷᠭ᠎ᠠ᠂ ᠰᠠᠶᠢᠨ ᠲᠠᠷᠢᠶ᠎ᠠ᠂ ᠰᠠᠶᠢᠨ ᠲᠣᠬᠢᠶᠠᠯ ᠪᠣᠯᠤᠨ ᠰᠠᠶᠢᠨ | ᠲᠣᠭᠲᠠᠴᠠ ᠶᠢᠨ ᠣᠷᠭᠠᠨᠢᠭ ᠠᠭᠤᠰᠤᠯᠴᠠᠯ ᠢᠶᠠᠷ ᠳᠠᠮᠵᠢᠭᠤᠯᠤᠨ᠂ ᠭᠠᠵᠠᠷ ᠰᠢᠷᠣᠶ ᠶᠢᠨ ᠭᠠᠷᠤᠯᠲᠠ ᠶᠢᠨ ᠨᠣᠷᠮ᠎ᠠ ᠶᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠷᠳᠡᠨᠢ ᠰᠢᠰᠢ ᠶᠢᠨ ᠨᠢᠭᠡᠴᠢ ᠲᠠᠯᠠᠪᠠᠢ ᠶᠢᠨ ᠤᠨᠠᠯᠲᠠ ᠶᠢ ᠢᠯᠡᠳᠲᠡ | ᠳᠡᠭᠡᠭᠰᠢᠯᠡᠭᠦᠯᠪᠡ᠃ | | ︽ᠲᠣᠰ ᠤᠳᠠᠭ᠎ᠠ ᠨᠡᠶᠢᠲᠡ 40 ᠥᠯᠢᠭᠡᠷ ᠴᠡᠭ ᠢ ᠬᠡᠮᠵᠢᠵᠦ᠂ 28 ᠡᠷᠳᠡᠨᠢ ᠰᠢᠰᠢ᠂ 5 ᠰᠢᠷ᠎ᠠ ᠪᠤᠷᠴᠠᠭ᠂ | 1 ᠲᠥᠮᠥᠰᠥ᠂ 6 ᠤᠰᠤᠨ ᠲᠤᠲᠤᠷᠭ᠎ᠠ ᠶᠢᠨ ᠴᠢᠭ ᠪᠠᠶᠢᠨ᠎ᠠ᠃ ᠤᠳᠤ ᠶᠠᠭ ᠡᠷᠳᠡᠨᠢ ᠰᠢᠰᠢ ᠶᠢ ᠬᠡᠮᠵᠢᠵᠦ ᠪᠠᠶᠢᠨ᠎ᠠ᠂ | ᠨᠥᠬᠦᠭᠡ ᠭᠤᠷᠪᠠ ᠶᠢ ᠨᠢ ᠬᠡᠮᠵᠢᠵᠦ ᠳᠠᠭᠤᠰᠴᠠᠶ᠂ ᠣᠳᠣᠬᠠᠨ ᠤ ᠠᠵᠢᠯ ᠶᠢᠨ ᠠᠬᠢᠴᠠ ᠪᠠᠷ ᠪᠣᠯ᠂ ᠭᠤᠷᠪᠠ ᠬᠤᠨᠤᠭ | ᠤᠨ ᠴᠠᠭ ᠬᠡᠷᠡᠭᠰᠡᠪᠡᠯ᠂ ᠤᠨᠠᠯᠲᠠ ᠶᠢ ᠬᠡᠮᠵᠢᠬᠦ ᠠᠵᠢᠯ ᠢ ᠪᠡᠶᠡᠯᠡᠭᠦᠯᠵᠦ ᠳᠡᠶᠢᠯᠦᠨ᠎ᠡ᠃ ᠣᠳᠣ ᠶᠢᠨ ᠪᠠᠶᠢᠳᠠᠯ ᠠᠴᠠ | ᠦᠵᠡᠪᠡᠯ᠂ ᠪᠢᠳᠡ ᠮᠦ ᠪᠦᠷᠢ ᠶᠢᠨ ᠤᠨᠠᠯᠲᠠ ᠶᠢ 10 % ᠪᠠᠷ ᠨᠡᠮᠡᠭᠳᠡᠭᠦᠯᠬᠦ ᠵᠢᠱᠢᠭᠰᠡᠨ ᠬᠠᠷᠠᠯᠲᠠ ᠪᠠᠨ | ᠳᠠᠪᠠᠭᠤᠯᠤᠨ ᠪᠡᠶᠡᠯᠡᠭᠦᠯᠵᠦ ᠪᠣᠯᠤᠨ᠎ᠠ᠃︾ ᠭᠡᠵᠦ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ | ᠶᠢᠨ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠳᠠᠷᠢᠵᠤ ᠡᠵᠡᠩᠨᠡᠬᠦ ᠥᠷᠲᠡᠭᠡ ᠶᠢᠨ | ᠳᠠᠷᠤᠭ᠎ᠠ ᠯᠢ ᠰᠢᠶᠤᠤ ᠮᠢᠩ ᠬᠡᠯᠡᠪᠡ᠃ | | ᠣᠶᠢᠯᠠᠭᠠᠭᠰᠠᠨ ᠢᠶᠠᠷ᠂ ᠲᠣᠰ ᠤᠳᠠᠭᠠᠨ ᠤ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠬᠦ ᠢᠨᠵᠧᠨᠧᠷᠢᠩ ᠤᠨ 10 ᠲᠦᠮᠡᠨ ᠮᠥ ᠲᠠᠷᠢᠶ᠎ᠠ ᠨᠢ ᠴᠥᠮ ᠤᠰᠤᠯᠠᠯᠲᠠ ᠶᠢᠨ ᠲᠠᠷᠢᠶ᠎ᠠ ᠪᠠᠶᠢᠵᠤ᠂ | ᠲᠥᠷᠥᠯ ᠵᠦᠶᠯ ᠤᠨ ᠣᠷᠣᠨ ᠤ ᠳᠣᠲᠣᠷ᠎ᠠ ᠭᠦᠶᠦᠭᠡᠨ ᠪᠤᠯᠠᠵᠤ ᠳᠤᠰᠤᠯᠭᠠᠨ ᠤᠰᠤᠯᠠᠬᠤ ᠤᠰᠤ ᠪᠣᠷᠲᠣᠭᠤᠷ ᠢ ᠨᠢᠭᠡ | ᠴᠣᠭᠴᠠᠵᠢᠭᠤᠯᠤᠨ ᠪᠥᠷᠬᠦᠭᠦᠯᠬᠦ ᠶᠢ ᠬᠡᠷᠡᠭᠯᠡᠵᠦ᠂ ᠡᠷᠳᠡᠨᠢ ᠰᠢᠰᠢ ᠶᠢᠨ ᠨᠢᠭᠲᠠ ᠳᠠᠷᠢᠬᠤ ᠲᠥᠷᠥᠯ ᠵᠦᠶᠯ ᠤᠨ | ᠪᠦᠷᠬᠦᠴᠡ ᠶᠢᠨ ᠨᠣᠷᠮ᠎ᠠ ᠶᠢ 80 % ᠠᠴᠠ ᠳᠡᠭᠡᠭᠰᠢ ᠳᠤ ᠬᠦᠷᠦᠭᠦᠯᠵᠦ᠂ ᠡᠷᠳᠡᠨᠢ ᠰᠢᠰᠢ ᠶᠢᠨ ᠳᠠᠷᠢᠬᠤ ᠨᠢᠭᠲᠠᠴᠠ | ᠶᠢ 500 - 1000 ᠰᠠᠭᠤᠷᠢ / ᠮᠥ ᠨᠡᠮᠡᠭᠳᠡᠭᠦᠯᠵᠦ᠂ ᠬᠢᠮᠢ ᠶᠢᠨ ᠰᠡᠷᠭᠡᠶᠢᠯᠡᠨ ᠡᠵᠡᠮᠳᠡᠬᠦ ᠮᠡᠷᠭᠡᠵᠢᠯ ᠢᠶᠠᠷ | ᠳᠠᠮᠵᠢᠭᠤᠯᠤᠨ ᠨᠢᠭᠲᠠ ᠳᠠᠷᠢᠬᠤ ᠦᠷ᠎ᠡ ᠪᠦᠲᠦᠮᠵᠢ ᠳᠤ ᠬᠦᠷᠦᠭᠦᠯᠵᠦ᠂ ᠮᠥ ᠪᠦᠷᠢ ᠶᠢᠨ ᠤᠨᠠᠯᠲᠠ ᠶᠢ ᠳᠤᠮᠳᠠᠴᠢ | ᠪᠠᠷ 80 ᠺᠢᠯᠣᠭ᠍ᠷᠠᠮ ᠠᠴᠠ ᠳᠡᠭᠡᠭᠰᠢ ᠳᠡᠭᠡᠭᠰᠢᠯᠡᠭᠦᠯᠵᠦ᠂ ᠮᠥ ᠪᠦᠷᠢ ᠶᠢᠨ ᠬᠢᠮᠢ ᠶᠢᠨ ᠪᠣᠷᠲᠣᠭᠤᠷ ᠬᠡᠷᠡᠭᠯᠡᠬᠦ ᠬᠡᠮᠵᠢᠶ᠎ᠡ | ᠶᠢ ᠳᠤᠮᠳᠠᠴᠢ ᠪᠠᠷ 1 - 2 ᠺᠢᠯᠣᠭ᠍ᠷᠠᠮ ᠪᠠᠭᠠᠰᠬᠠᠵᠤ᠂ ᠮᠥ ᠪᠦᠷᠢ ᠳᠤ 50 ᠪᠣᠰᠤᠭ᠎ᠠ ᠳᠥᠷᠪᠡᠯᠵᠢᠨ ᠮᠧᠲᠷ ᠤᠰᠤ | ᠠᠷᠪᠢᠯᠠᠨ᠎ᠠ᠃ |