ᠣᠳᠣᠬᠠᠨ ᠳᠤ ᠶᠠᠭ ᠲᠠᠷᠢᠶᠠᠨ ᠠᠵᠢᠯ ᠶᠠᠭᠠᠷᠠᠯᠲᠠᠢ ᠶᠠᠪᠤᠭᠳᠠᠵᠤ᠂ ᠲᠠᠷᠢᠶᠠᠯᠠᠩ ᠤᠨ ᠮᠠᠰᠢᠨ ᠬᠦᠷᠴᠢᠭᠢᠨᠡᠵᠦ᠂ | ᠭᠠᠵᠠᠷ ᠰᠠᠢ ᠦᠭᠡᠢ ᠶᠠᠭᠠᠷᠠᠯᠲᠠᠢ ᠪᠠᠶᠢᠯ᠎ᠠ᠂ ᠭᠡᠪᠡᠴᠦ ᠪᠤᠤ ᠱᠢ ᠪᠠᠯᠭᠠᠰᠤᠨ ᠤ ᠲᠣᠰᠬᠤᠨ ᠤ ᠠᠷᠠᠳ ᠲᠤ ᠠᠪᠴᠤ | ᠬᠡᠯᠡᠪᠡᠯ᠂ ᠡᠨᠡ ᠵᠢᠯ ᠤᠨ ᠨᠠᠮᠤᠷ ᠤᠨ ᠬᠤᠷᠢᠶᠠᠯᠲᠠ ᠬᠠᠷᠢᠨ ᠣᠨᠴᠠᠭᠠᠢ ᠠᠭᠤᠵᠢᠭᠤ ᠲᠠᠯᠪᠢᠭᠤ ᠪᠣᠯᠵᠠᠢ᠃ | ᠡᠨᠡ ᠵᠢᠯ ᠠᠴᠠ ᠨᠠᠰᠢ᠂ ᠪᠤᠤ ᠱᠢ ᠪᠠᠯᠭᠠᠰᠤ ᠨᠡᠶᠢᠭᠡᠮᠴᠢᠯᠡᠭᠰᠡᠨ ᠦᠶᠯᠡᠴᠢᠯᠡᠭᠡᠨ ᠤ ︽ᠲᠣᠰᠬᠤᠨ ᠤ ᠬᠠᠮᠲᠤ | ᠨᠠᠶᠢᠳᠡ + ᠬᠤᠷᠰᠢᠶ᠎ᠠ + ᠵᠢᠵᠢᠭ ᠲᠠᠷᠢᠶᠠᠴᠢᠨ ᠡᠷᠦᠬᠡ︾ ᠶᠢᠨ ᠨᠠᠶᠢᠳᠠᠨ ᠬᠠᠮᠢᠶᠠᠷᠤᠭᠤᠯᠬᠤ ᠬᠠᠮᠲᠤᠷᠠᠯᠴᠠᠭᠠᠨ ᠤ | ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠬᠤᠷᠰᠢᠶ᠎ᠠ ᠪᠠᠷ ᠳᠠᠮᠵᠢᠭᠤᠯᠤᠨ ᠲᠠᠷᠢᠶᠠᠨ ᠭᠠᠵᠠᠷ ᠤᠨ ᠡᠬᠢ ᠪᠠᠶᠠᠯᠢᠭ ᠢ | ᠲᠥᠪᠯᠡᠷᠡᠭᠦᠯᠦᠨ ᠨᠡᠶᠢᠯᠡᠭᠦᠯᠵᠦ᠂ ᠨᠢᠭᠡᠳᠦᠯᠲᠡᠶ ᠲᠥᠷᠥᠯ ᠵᠦᠶᠯ ᠢ ᠨᠠᠶᠢᠳᠠᠪᠤᠷᠢᠵᠢᠭᠤᠯᠤᠨ᠂ ᠲᠠᠷᠢᠶᠠᠯᠠᠩ ᠤᠨ | ᠦᠶᠯᠡᠳᠪᠦᠷᠢᠯᠡᠯ ᠤᠨ ᠬᠡᠷᠡᠭᠰᠡᠯ ᠢ ᠨᠢᠭᠡᠳᠦᠯᠲᠡᠶ ᠬᠤᠳᠠᠯᠳᠤᠨ ᠠᠪᠴᠤ᠂ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ | ᠪᠠᠭᠠᠵᠢ ᠶᠢ ᠨᠢᠭᠡᠳᠦᠯᠲᠡᠶ ᠬᠡᠷᠡᠭᠯᠡᠨ᠂ ᠬᠠᠭᠠᠯᠪᠦᠷᠢᠯᠠᠬᠤ᠂ ᠳᠠᠷᠢᠬᠤ᠂ ᠰᠡᠷᠭᠡᠶᠢᠯᠡᠬᠦ᠂ ᠬᠤᠷᠢᠶᠠᠬᠤ ᠪᠥᠬᠦ ᠭᠤᠭᠴᠤᠭ᠎ᠠ | ᠶᠢᠨ ᠬᠡᠪᠴᠢᠶᠡᠵᠢᠭᠰᠡᠨ᠂ ᠡᠷᠴᠢᠮᠵᠢᠭᠰᠡᠨ ᠡᠵᠡᠩᠨᠡᠯᠲᠡ ᠬᠠᠮᠢᠶᠠᠷᠤᠯᠲᠠ ᠶᠢ ᠬᠡᠷᠡᠭᠵᠢᠭᠦᠯᠵᠦ᠂ ︽ᠠᠮᠤ ᠪᠤᠳᠠᠭ᠎ᠠ ᠳᠠᠷᠢᠬᠤ | ᠥᠪᠡᠷ ᠤᠨ ᠥᠷᠲᠡᠭ ᠢ ᠪᠠᠭᠤᠷᠠᠭᠤᠯᠬᠤ᠂ ᠲᠠᠷᠢᠶᠠᠯᠠᠩ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠠᠮᠤ ᠪᠤᠳᠠᠭᠠᠨ | ᠤ ᠤᠨᠠᠯᠲᠠ ᠶᠢ ᠳᠡᠭᠡᠭᠰᠢᠯᠡᠭᠦᠯᠬᠦ᠂ ᠠᠵᠤ ᠠᠬᠤᠶ ᠶᠢᠨ ᠣᠷᠣᠯᠭ᠎ᠠ ᠶᠢ ᠳᠡᠭᠡᠭᠰᠢᠯᠡᠭᠦᠯᠬᠦ︾ ︽ᠨᠢᠭᠡ ᠶᠢ ᠪᠠᠭᠤᠷᠠᠭᠤᠯᠵᠤ | ᠭᠤᠷᠪᠠ ᠶᠢ ᠳᠡᠭᠡᠭᠰᠢᠯᠡᠭᠦᠯᠬᠦ︾ ᠶᠢ ᠪᠡᠶᠡᠯᠡᠭᠦᠯᠪᠡ᠃ | | ︽ᠡᠨᠡ ᠵᠢᠯ᠂ ᠲᠣᠰᠬᠤᠨ ᠠᠴᠠ 3500 ᠮᠦ ᠲᠣᠰᠬᠤᠨ ᠤ ᠬᠠᠮᠲᠤ ᠶᠢᠨ ᠭᠠᠵᠠᠷ ᠰᠢᠷᠣᠢ ᠶᠢ ᠰᠢᠯᠢᠳᠡᠭ᠂ | ᠬᠢᠮᠳᠠ᠂ ᠤᠷᠢᠳᠠᠪᠠᠷ ᠳᠠᠭᠠᠭᠠᠴᠢᠯᠠᠬᠤ ᠵᠠᠷᠴᠢᠮ ᠢᠶᠠᠷ ᠨᠢᠯᠬ᠎ᠠ ᠬᠡᠦᠬᠡᠳ ᠲᠠᠢ ᠲᠠᠷᠢᠶᠠᠴᠢᠨ ᠡᠷᠦᠬᠡ 385 ᠡᠷᠦᠬᠡ ᠳᠤ | ᠳᠠᠭᠠᠭᠠᠴᠢᠯᠠᠭᠤᠯᠵᠤ᠂ ᠬᠤᠷᠰᠢᠶ᠎ᠠ ᠠᠴᠠ ᠳᠠᠬᠢᠨ 510 ᠲᠥᠭᠦᠷᠢᠭ / ᠮᠦ ᠶᠢᠨ ᠦᠨ᠎ᠡ ᠪᠠᠷ ᠲᠠᠭᠠᠭᠠᠴᠢᠯᠠᠵᠦ᠂ ᠵᠢᠯ | ᠪᠦᠷᠢ ᠲᠣᠰᠬᠤᠨ ᠤ ᠬᠠᠮᠲᠤ ᠶᠢᠨ ᠠᠵᠤ ᠠᠬᠤᠢ ᠶᠢ ᠳᠠᠶᠢᠴᠢᠯᠠᠨ 17 ᠲᠦᠮᠡᠨ ᠲᠥᠭᠦᠷᠢᠭ ᠤᠨ ᠣᠷᠣᠯᠭ᠎ᠠ ᠶᠢ | ᠨᠡᠮᠡᠭᠳᠡᠭᠦᠯᠵᠦ᠂ ᠲᠣᠰᠬᠤᠨ ᠤ ᠠᠷᠠᠳ ᠤᠨ ᠬᠥᠮᠦᠨ ᠪᠦᠷᠢ ᠶᠢᠨ ᠣᠷᠣᠯᠭ᠎ᠠ ᠶᠢ 3000 ᠲᠥᠭᠦᠷᠢᠭ | ᠨᠡᠮᠡᠭᠳᠡᠭᠦᠯᠦᠨ᠎ᠡ᠃︾ ᠭᠡᠵᠦ ᠪᠤᠤ ᠹᠧᠩ ᠲᠣᠰᠬᠤᠨ ᠤ ᠨᠠᠮ ᠤᠨ ᠡᠭᠦᠷ ᠤᠨ ᠱᠦᠵᠢ ᠵᠤᠸᠠᠩ ᠪᠢᠩ ᠺᠦᠨ ᠬᠡᠯᠡᠪᠡ᠃ | | | ᠪᠤᠤ ᠹᠧᠩ ᠲᠣᠰᠬᠤᠨ ᠳᠤ᠂ ᠮᠥᠷᠯᠡᠨ ᠵᠢᠭᠰᠠᠭᠰᠠᠨ ᠪᠤᠷᠴᠠᠭ ᠤᠨ ᠰᠦᠷᠡᠯ ᠰᠡᠬᠦᠶᠢᠨ ᠰᠦᠨᠳᠡᠷᠯᠡᠵᠦ᠂ ᠪᠤᠷᠴᠠᠭ | ᠤᠨ ᠡᠰᠢᠨ ᠳᠡᠭᠡᠷ᠎ᠡ ᠨᠢ ᠠᠯᠳᠠᠨ ᠰᠢᠷᠭᠠᠯ ᠪᠤᠷᠴᠠᠭ ᠤᠨ ᠬᠤᠩᠭᠤᠷᠴᠠᠭ ᠲᠦᠭᠦᠷᠡᠩ ᠡᠯᠭᠦᠭᠳᠡᠵᠦ᠂ ᠲᠤᠮᠤ ᠬᠡᠯᠪᠡᠷᠢ | ᠶᠢᠨ ᠬᠠᠳᠤᠵᠤ ᠬᠤᠷᠢᠶᠠᠬᠤ ᠮᠠᠰᠢᠨ ᠲᠠᠷᠢᠶᠠᠨ ᠳᠤᠮᠳᠠᠭᠤᠷ ᠨᠠᠭᠠᠰᠢ ᠴᠠᠭᠠᠰᠢ ᠰᠦᠯᠵᠢᠯᠳᠦᠵᠦ᠂ ᠬᠦᠷᠴᠢᠭᠢᠨᠡᠨ | ᠳᠤᠤᠭᠠᠷᠴᠤ᠂ ᠡᠩᠨᠡᠷᠡᠨ ᠵᠢᠭᠳᠡᠷᠡᠭᠰᠡᠨ ᠪᠤᠷᠴᠠᠭ ᠤᠨ ᠬᠤᠩᠭᠤᠷᠴᠠᠭ ᠬᠤᠷᠣᠮᠬᠠᠨ ᠵᠠᠭᠤᠷ᠎ᠠ ᠬᠠᠯᠢᠰᠤ ᠱᠠᠭᠠᠷᠠᠵᠤ | ᠪᠤᠷᠴᠠᠭ ᠤᠨ ᠮᠥᠬᠦᠯᠢᠭ ᠢ ᠱᠠᠭᠠᠯᠤᠨᠠ᠃ ᠬᠠᠳᠤᠵᠤ ᠬᠤᠷᠢᠶᠠᠬᠤ᠂ ᠮᠥᠯᠢᠬᠦ᠂ ᠠᠴᠢᠵᠤ ᠪᠠᠭᠤᠯᠭᠠᠬᠤ᠂ ᠪᠤᠷᠴᠠᠭ | ᠤᠨ ᠬᠤᠩᠭᠤᠷᠴᠤᠭ ᠠᠴᠠ ᠬᠠᠳᠤᠵᠤ ᠬᠤᠷᠢᠶᠠᠬᠤ ᠮᠠᠰᠢᠨ ᠳᠤ ᠣᠷᠣᠭᠤᠯᠬᠤ᠂ ᠪᠤᠷᠴᠠᠭ ᠤᠨ ᠮᠥᠬᠦᠯᠢᠭ ᠲᠤ | ᠤᠳᠬᠤᠭᠤᠷ ᠲᠡᠷᠭᠡᠨ ᠳᠤ ᠣᠷᠣᠭᠤᠯᠬᠤ᠂ ᠳᠠᠬᠢᠨ ᠤᠳᠬᠤᠭᠤᠷ ᠲᠡᠷᠭᠡ ᠪᠠᠷ ᠠᠮᠤ ᠪᠤᠳᠠᠭ᠎ᠠ ᠬᠤᠷᠢᠶᠠᠬᠤ ᠲᠡᠷᠭᠡᠨ | ᠳᠤ ᠬᠦᠷᠭᠡᠵᠦ᠂ ᠨᠢᠭᠡ ᠥᠷᠲᠡᠭᠡ ᠮᠠᠶ᠋ᠢᠭ ᠤᠨ ᠪᠤᠷᠴᠠᠭ ᠤᠨ ᠬᠤᠷᠢᠶᠠᠯᠲᠠ ᠶᠢ ᠪᠡᠶᠡᠯᠡᠭᠦᠯᠦᠨ᠎ᠡ᠃ | | ︽ᠮᠠᠨ ᠤ ᠬᠤᠷᠰᠢᠶ᠎ᠠ ᠴᠢᠨᠠᠷ ᠰᠠᠶᠢᠲᠠᠶ᠂ ᠰᠥᠷᠬᠦ ᠴᠢᠨᠠᠷᠲᠠᠶ ᠰᠢᠷ᠎ᠠ ᠪᠤᠷᠴᠠᠭ ᠤᠨ ᠲᠥᠷᠥᠯ ᠵᠦᠶᠯ ᠢ ᠨᠠᠷᠢᠯᠢᠭ | ᠰᠣᠩᠭᠤᠵᠤ᠂ ᠪᠦᠬᠦᠨ ᠢ ᠲᠣᠮᠣ ᠳᠠᠯᠠᠩ ᠭᠤᠷᠪᠠᠨ ᠮᠥᠷ᠂ ᠭᠦᠶᠦᠭᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠢ | ᠬᠡᠷᠡᠭᠯᠡᠨ᠂ ᠬᠥᠷᠥᠰᠥ ᠰᠢᠷᠣᠶ ᠶᠢᠨ ᠥᠩ ᠰᠢᠮ᠎ᠡ ᠶᠢ ᠪᠠᠲᠤᠯᠠᠵᠤ᠂ ᠡᠪᠡᠳᠴᠢᠨ ᠬᠤᠷᠣᠬᠠᠶ ᠶᠢᠨ ᠬᠥᠨᠥᠭᠡᠯ ᠪᠠ ᠭᠠᠩ | ᠤᠰᠤᠲᠤᠯ ᠤᠨ ᠪᠠᠶᠢᠳᠠᠯ ᠢ ᠪᠠᠭᠠᠰᠬᠠᠭᠰᠠᠨ ᠤᠷᠢᠲᠠᠯ ᠳᠣᠤᠷ᠎ᠠ ᠵᠦᠶ ᠵᠣᠬᠢᠰᠲᠠᠶ ᠲᠠᠷᠬᠠᠯᠲᠠ ᠪᠠᠷ ᠳᠠᠮᠵᠢᠭᠤᠯᠤᠨ᠂ | ᠰᠢᠷ᠎ᠠ ᠪᠤᠷᠴᠠᠭ ᠤᠨ ᠳᠠᠷᠢᠬᠤ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠬᠢᠵᠠᠭᠠᠷᠲᠠᠶ ᠲᠠᠷᠢᠶᠠᠨ ᠭᠠᠵᠠᠷ ᠤᠨ | ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠡᠨᠡ ᠵᠢᠯ ᠤᠨ ᠮᠥ ᠪᠦᠷᠢ ᠶᠢᠨ ᠤᠨᠠᠯᠲᠠ ᠶᠢ 400 ᠵᠢᠩ ᠳᠤ | ᠬᠦᠷᠭᠡᠵᠦ᠂ ᠲᠠᠷᠢᠶᠠᠴᠢᠨ ᠡᠷᠦᠬᠡ ᠶᠢᠨ ᠥᠪᠡᠷ ᠢᠶᠠᠨ ᠳᠠᠷᠢᠬᠤ ᠠᠴᠠ ᠪᠠᠷᠤᠭ 20 % ᠪᠠᠷ ᠳᠡᠭᠡᠭᠰᠢᠯᠡᠭᠦᠯᠵᠦ᠂ | ᠵᠢᠱᠢᠯᠲᠡ ᠪᠠᠷ ᠣᠷᠣᠯᠭ᠎ᠠ ᠨᠢ 30 ᠭᠠᠷᠤᠶ ᠲᠦᠮᠡᠨ ᠲᠥᠭᠦᠷᠢᠭ ᠲᠤ ᠬᠦᠷᠴᠦ᠂ ᠰᠢᠷ᠎ᠠ ᠪᠤᠷᠴᠠᠭ ᠢ ᠵᠢᠩᠬᠢᠨᠢ ᠪᠠᠷ | ᠪᠠᠶᠠᠵᠢᠯ ᠤᠨ ᠠᠯᠲᠠᠨ ᠪᠤᠷᠴᠠᠭ ᠪᠣᠯᠭᠠᠨ ᠬᠤᠪᠢᠷᠠᠭᠤᠯᠵᠤ ᠪᠣᠯᠤᠨ᠎ᠠ᠃︾ ᠭᠡᠵᠦ ᠯᠢᠦᠢ ᠶᠧ ᠱᠠᠩ ᠫᠢᠨ ᠵᠢᠮᠢᠰ | ᠢᠳᠡᠰᠢᠨ ᠨᠣᠭᠤᠭ᠎ᠠ ᠲᠠᠷᠢᠬᠤ ᠲᠤᠰᠬᠠᠢ ᠬᠤᠷᠰᠢᠶ᠎ᠠ ᠶᠢᠨ ᠬᠠᠷᠢᠭᠤᠴᠠᠯᠭᠠᠲᠠᠨ ᠸᠠᠩ ᠭᠦᠸᠧ ᠯᠢ ᠬᠡᠯᠡᠪᠡ᠃ | | ᠪᠤᠤ ᠱᠢ ᠪᠠᠯᠭᠠᠰᠤ ᠢᠮᠠᠭᠲᠠ ᠠᠮᠤ ᠪᠤᠳᠠᠭᠠᠨ ᠤ ᠦᠶᠯᠡᠳᠪᠦᠷᠢᠯᠡᠯ ᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ | ᠲᠠᠷᠢᠶᠠᠴᠢᠳ ᠤᠨ ᠬᠤᠪᠢ ᠶᠢᠨ ᠡᠵᠡᠩᠨᠡᠯᠲᠡ ᠶᠢᠨ ᠭᠠᠵᠠᠷ ᠰᠢᠷᠣᠶ ᠶᠢ ᠠᠵᠤ ᠠᠬᠤᠶ ᠶᠢᠨ ᠬᠤᠷᠰᠢᠶᠠᠵᠢᠯ ᠳᠠᠰᠢ | ᠠᠯᠬᠤᠮ ᠠᠯᠬᠤᠮ ᠢᠶᠠᠷ ᠨᠠᠶᠢᠳᠠᠨ ᠬᠠᠮᠢᠶᠠᠷᠤᠭᠤᠯᠵᠤ ᠡᠵᠡᠩᠨᠡᠨ ᠬᠠᠮᠢᠶᠠᠷᠤᠭᠤᠯᠬᠤ ᠲᠡᠶᠢᠰᠢ ᠬᠤᠪᠢᠷᠠᠭᠤᠯᠵᠤ᠂ ᠭᠠᠵᠠᠷ | ᠰᠢᠷᠣᠶ ᠶᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠡᠶᠡᠯᠡᠭᠦᠯᠵᠦ᠂ ᠤᠨᠠᠯᠲᠠ ᠶᠢ ᠳᠡᠭᠡᠭᠰᠢᠯᠡᠭᠦᠯᠵᠦ᠂ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠣᠷᠣᠯᠭ᠎ᠠ ᠶᠢ ᠨᠡᠮᠡᠭᠳᠡᠭᠦᠯᠵᠦ᠂ ᠴᠡᠭ ᠢᠶᠠᠷ ᠨᠡᠶᠢᠳᠡᠮ ᠢ ᠡᠪᠳᠡᠵᠦ᠂ ᠲᠣᠰᠬᠤᠨ ᠤ | ᠬᠠᠮᠲᠤ ᠶᠢᠨ ᠠᠵᠤ ᠠᠬᠤᠶ ᠶᠢᠨ ᠨᠡᠮᠡᠭᠳᠡᠯ᠂ ᠲᠠᠷᠢᠶᠠᠴᠢᠳ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ | ᠠᠬᠢᠭᠤᠯᠵᠤ᠂ ᠲᠠᠷᠢᠶᠠᠯᠠᠩ ᠤᠨ ᠦᠶᠯᠡᠳᠪᠦᠷᠢᠯᠡᠯ ᠤᠨ ᠨᠡᠶᠢᠭᠡᠮᠴᠢᠯᠡᠭᠰᠡᠨ ᠦᠶᠯᠡᠴᠢᠯᠡᠭᠡᠨ ᠤ ᠪᠣᠳᠠᠲᠠᠶᠢᠵᠢᠵᠤ | ᠭᠦᠨᠵᠡᠭᠡᠶᠢᠷᠡᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ |