ᠰᠣᠶᠣᠯ ᠢᠶᠠᠷ ᠠᠷᠠᠳ ᠲᠤ ᠠᠰᠢᠭ ᠬᠦᠷᠲᠡᠭᠡᠵᠦ ᠵᠣᠯ ᠵᠢᠷᠭᠠᠯᠲᠤ ᠠᠮᠢᠳᠤᠷᠠᠯ ᠢ ᠪᠠᠶᠠᠯᠢᠭᠵᠢᠭᠤᠯᠤᠨ᠎ᠠ
ᠨᠡᠶᠢᠲᠡᠯᠡᠭᠰᠡᠨ ᠴᠠᠭ᠄
2024/10/25
   ᠤᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ᠂ ᠮᠦᠽᠧᠢ ᠪᠣᠯ ᠤᠯᠠᠨ ᠨᠡᠶᠢᠲᠡ ᠶᠢᠨ ᠰᠣᠶᠣᠯ  ᠤᠨ ᠦᠢᠯᠡᠴᠢᠯᠡᠭᠡ ᠶᠢ ᠥᠷᠨᠢᠭᠦᠯᠬᠦ ᠴᠢᠬᠤᠯᠠ ᠲᠠᠯᠠᠪᠤᠷ ᠮᠥᠨ᠂ ᠡᠳᠡᠭᠡᠷ ᠲᠥᠬᠦᠭᠡᠷᠦᠮᠵᠢ ᠶᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠶᠢ ᠲᠦᠯᠬᠢᠨ ᠠᠬᠢᠭᠤᠯᠬᠤ ᠪᠣᠯ ᠠᠷᠠᠳ ᠤᠯᠠᠨ ᠤ ᠰᠣᠶᠣᠯ ᠤᠨ ᠦᠨᠳᠦᠰᠦᠨ ᠡᠷᠬᠡ ᠠᠰᠢᠭ ᠢ ᠪᠡᠶᠡᠯᠡᠭᠦᠯᠦᠨ ᠪᠠᠲᠤᠯᠠᠬᠤ ᠢᠳᠡᠪᠬᠢᠲᠡᠢ ᠠᠵᠢᠯᠯᠠᠭ᠎ᠠ ᠮᠥᠨ᠂ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠥᠨ᠃ ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠤ ᠤᠯᠠᠨ ᠨᠡᠶᠢᠲᠡ ᠶᠢᠨ ᠰᠣᠶᠣᠯ ᠤᠨ ᠲᠠᠯᠠᠪᠠᠢ ᠣᠷᠳᠣᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠭᠦᠨᠵᠡᠭᠡᠢ ᠵᠣᠯᠭᠠᠭᠤᠯᠵᠤ᠂ ᠡᠯ᠎ᠡ ᠲᠦᠷᠦᠯ ᠤᠨ ᠡᠬᠢ ᠪᠠᠶᠠᠯᠢᠭ ᠢ ᠨᠢᠭᠡᠳᠭᠡᠵᠦ᠂ ᠡᠯ᠎ᠡ ᠱᠠᠲᠤᠨ ᠤ ᠡᠯ᠎ᠡ ᠲᠦᠷᠦᠯ ᠤᠨ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠶᠢ ᠪᠦᠬᠦ ᠲᠠᠯ᠎ᠠ ᠪᠠᠷ ᠠᠬᠢᠭᠤᠯᠵᠤ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠲᠠᠰᠤᠷᠠᠯᠳᠠ ᠦᠭᠡᠢ ᠪᠠᠶᠠᠯᠢᠭᠵᠢᠭᠤᠯᠪᠠ᠃
   ᠲᠦᠴᠢᠦᠸᠠᠨ ᠰᠢᠶᠠᠨ ᠤ ᠰᠣᠶᠣᠯ ᠤᠨ ᠣᠷᠳᠣᠨ ᠳᠤ ᠰᠦᠶᠳᠬᠡᠯ ᠬᠤᠷᠢᠶᠠᠬᠤ ᠥᠬᠡᠶ ᠪᠠᠷ ᠨᠡᠭᠡᠭᠡᠭᠰᠡᠨ ᠬᠢᠲᠠᠳ ᠵᠢᠷᠤᠭ ᠤᠨ ᠬᠢᠴᠢᠶᠡᠯ ᠶᠠᠭ ᠶᠠᠪᠤᠭᠳᠠᠵᠤ ᠪᠣᠶ᠃ ᠬᠢᠴᠢᠶᠡᠯ ᠳᠡᠭᠡᠷ᠎ᠡ᠂ ᠪᠠᠭᠰᠢ ᠬᠢᠲᠠᠳ ᠵᠢᠷᠤᠭ ᠤᠨ ᠪᠢᠷ ᠬᠡᠷᠡᠭᠯᠡᠬᠦ ᠤᠷ᠎ᠠ ᠮᠡᠷᠭᠡᠵᠢᠯ᠂ ᠥᠩᠭᠡ ᠪᠤᠳᠤᠭ ᠲᠣᠬᠢᠷᠠᠭᠤᠯᠬᠤ ᠵᠡᠷᠭᠡ ᠤᠷ᠎ᠠ ᠮᠡᠷᠭᠡᠵᠢᠯ ᠢ ᠨᠠᠷᠢᠨ ᠨᠢᠮᠪᠠᠶ ᠲᠠᠶᠢᠯᠪᠤᠷᠢᠯᠠᠵᠤ᠂ ᠲᠤᠬᠠᠶ ᠶᠢᠨ ᠲᠠᠯᠠᠪᠤᠷ ᠲᠤ ᠬᠢᠲᠠᠳ ᠵᠢᠷᠤᠭ ᠤᠨ ᠪᠢᠷ ᠤᠨ ᠤᠨᠠᠯᠲᠠ ᠶᠢᠨ ᠬᠦᠨᠳᠦ ᠬᠥᠩᠭᠡᠨ᠂ ᠪᠡᠭᠡ ᠶᠢᠨ ᠭᠦᠨ ᠭᠦᠢᠬᠡᠨ ᠢ ᠵᠢᠭᠠᠨ᠎ᠠ᠃ ᠪᠠᠭᠰᠢ ᠶᠢᠨ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠪᠠ ᠨᠠᠷᠢᠯᠢᠭ ᠵᠢᠱᠢᠶ᠎ᠡ ᠦᠵᠡᠭᠦᠯᠬᠦ ᠵᠢᠯᠣᠭᠤᠳᠣᠯᠭ᠎ᠠ ᠳᠣᠤᠷ᠎ᠠ᠂ ᠰᠤᠷᠤᠭᠴᠢᠳ ᠡᠬᠢᠯᠡᠨ ᠳᠠᠭᠤᠷᠢᠶᠠᠨ ᠰᠤᠷᠤᠯᠴᠠᠵᠤ᠂ ᠬᠢᠲᠠᠳ ᠵᠢᠷᠤᠭ ᠤᠨ ᠤᠷᠠᠯᠢᠭ ᠤᠨ ᠠᠪᠴᠢᠷᠠᠭᠰᠠᠨ ᠪᠠᠶᠠᠷ ᠪᠠᠭ᠋ᠠᠳᠤᠯ ᠳᠤ ᠰᠣᠭᠲᠣᠭᠤᠷᠠᠵᠤ ᠪᠠᠶᠢᠨ᠎ᠠ᠃
   ︽ᠰᠣᠶᠣᠯ ᠤᠨ ᠣᠷᠳᠣᠨ ᠳᠤ ᠬᠢᠲᠠᠳ ᠤᠷᠠᠨ ᠵᠢᠷᠤᠭ ᠤᠨ ᠠᠩᠭᠢ ᠡᠷᠬᠢᠯᠡᠵᠡᠢ᠂ ᠪᠢ ᠲᠤᠩ ᠳᠤᠷᠠᠲᠠᠢ᠂ ᠡᠨᠡ ᠨᠢᠭᠡ ᠵᠢᠯ ᠤᠨ ᠲᠤᠷᠰᠢ᠂ ᠪᠢ ᠲᠤᠩ ᠶᠡᠭᠡ ᠲᠠᠪᠰᠢᠯᠲᠠ ᠲᠠᠢ᠃ ᠣᠷᠴᠢᠮ ᠪᠢ ᠥᠪᠡᠷ ᠢᠶᠠᠷ ᠨᠢᠭᠡ ᠬᠢᠲᠠᠳ ᠵᠢᠷᠤᠭ ︽ᠪᠢᠴᠢᠬᠠᠨ ᠬᠤᠲᠠ ᠶᠢᠨ ᠬᠠᠪᠤᠷ ᠥᠩᠭᠡ︾ ᠶᠢ ᠵᠢᠷᠤᠵᠤ᠂ ᠵᠢᠷᠤᠭᠯᠠᠭᠰᠠᠨ ᠨᠢ ᠰᠢᠶᠠᠨ ᠤ ᠭᠤᠣᠯ ᠴᠡᠴᠡᠷᠯᠢᠭ ᠤᠨ ᠨᠢᠭᠡ ᠥᠨᠴᠥᠭ᠂ ᠪᠠᠰᠠ ᠨᠢᠭᠡ ᠪᠦᠯᠦᠭ ᠰᠢᠶᠠᠨ ᠤ ᠨᠡᠶᠢᠲᠡᠯᠢᠭ ᠪᠠᠷᠢᠯᠭ᠎ᠠ ᠢ ᠪᠦᠷ ᠬᠤᠷᠢᠶᠠᠨ ᠣᠷᠣᠭᠤᠯᠵᠠᠢ᠃ ᠮᠢᠨᠦ ᠪᠤᠳᠤᠬᠤ ᠪᠠᠷ ᠬᠢᠲᠠᠳ ᠵᠢᠷᠤᠭ ᠰᠤᠷᠬᠤ ᠨᠢ ᠮᠠᠰᠢ ᠤᠳᠬ᠎ᠠ ᠠᠭᠤᠯᠭ᠎ᠠ ᠲᠠᠢ᠂ ᠨᠠᠰᠤᠲᠠᠶ ᠬᠥᠮᠦᠨ ᠳᠤ ᠮᠠᠰᠢ ᠰᠠᠶᠢᠨ ᠰᠤᠷᠤᠯᠴᠠᠬᠤ ᠲᠠᠪᠴᠠᠩ ᠬᠠᠩᠭᠠᠵᠠᠶ᠃︾ ᠭᠡᠵᠦ ᠰᠤᠷᠤᠬᠴᠢ ᠯᠢᠶᠠᠩ ᠬᠦᠢ ᠵᠦᠩ ᠪᠠᠶᠠᠷᠲᠠᠢ ᠬᠡᠯᠡᠨ᠎ᠡ᠃
   ᠣᠶᠢᠯᠠᠭᠠᠭᠰᠠᠨ ᠢᠶᠠᠷ᠂ ᠲᠦᠴᠢᠦᠸᠠᠨ ᠰᠢᠶᠠᠨ ᠤ ᠰᠣᠶᠣᠯ ᠤᠨ ᠣᠷᠳᠣᠨ ᠨᠢ ᠣᠷᠳᠣ ᠬᠤᠭᠤᠴᠠᠭ᠎ᠠ ᠪᠠᠷ ᠦᠨ᠎ᠡ ᠲᠥᠯᠥᠪᠦᠷᠢ ᠥᠬᠡᠶ ᠪᠠᠷ ᠳᠠᠭᠤᠤ ᠬᠥᠭᠵᠢᠮ᠂ ᠪᠥᠵᠢᠭ᠂ ᠤᠷᠠᠨ ᠪᠢᠴᠢᠯᠭᠡ᠂ ᠤᠷᠠᠨ ᠵᠢᠷᠤᠭ᠂ ᠴᠠᠭᠠᠰᠤᠨ ᠬᠠᠶᠢᠴᠢᠯᠠᠮᠠᠯ᠂ ᠬᠡᠷᠡᠯ ᠵᠢᠷᠤᠭ ᠵᠡᠷᠭᠡ ᠣᠯᠠᠨ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠬᠢᠴᠢᠶᠡᠯ ᠢ ᠬᠠᠩᠭᠠᠵᠤ᠂ ᠡᠨᠡ ᠵᠢᠯ ᠠᠴᠠ ᠨᠠᠰᠢ ᠨᠢᠭᠡᠨᠲᠡ 140 ᠬᠤᠭᠤᠴᠠᠭᠠᠨ ᠤ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠭᠢᠯᠡᠵᠦ᠂ ᠨᠡᠶᠢᠲᠡ 3000 ᠭᠠᠷᠤᠶ ᠬᠥᠮᠦᠨ ᠤᠳᠠᠭ᠎ᠠ ᠰᠤᠷᠤᠯᠴᠠᠯᠭ᠎ᠠ ᠪᠡᠶᠡᠴᠢᠯᠡᠨ ᠣᠶᠢᠯᠠᠭᠠᠬᠤ ᠳᠤ ᠣᠷᠣᠯᠴᠠᠵᠠᠶ᠃
   ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠦᠢᠯᠡᠴᠢᠯᠡᠭᠡᠨ ᠤ ᠲᠦᠷᠦᠯ ᠵᠦᠢᠯ ᠪᠣᠯᠤᠨ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠪᠠ᠃ ᠲᠦᠴᠢᠦᠸᠠᠨ ᠰᠢᠶᠠᠨ ᠤ ᠰᠣᠶᠣᠯ ᠤᠨ ᠣᠷᠳᠣᠨ᠂ ᠣᠯᠠᠨ ᠨᠡᠶᠢᠲᠡ ᠶᠢᠨ ᠨᠣᠮ ᠤᠨ ᠰᠠᠩ ᠭᠠᠷᠠᠭ ᠪᠦᠷᠢ ᠰᠦᠶᠳᠬᠡᠯ ᠬᠤᠷᠢᠶᠠᠬᠤ ᠥᠬᠡᠶ ᠪᠠᠷ ᠨᠡᠭᠡᠭᠡᠬᠦ ᠴᠠᠭ ᠢ 56 ᠴᠠᠭ ᠠᠴᠠ ᠳᠤᠲᠠᠭᠤ ᠪᠠᠶᠢᠯᠭᠠᠵᠤ ᠪᠣᠯᠬᠤ ᠥᠬᠡᠶ᠂ 9 ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠰᠣᠶᠣᠯ ᠤᠨ ᠥᠷᠲᠡᠭᠡ ᠭᠠᠷᠠᠭ ᠪᠦᠷᠢ ᠰᠦᠶᠳᠬᠡᠯ ᠬᠤᠷᠢᠶᠠᠬᠤ ᠥᠬᠡᠶ ᠪᠠᠷ ᠨᠡᠭᠡᠭᠡᠬᠦ ᠴᠠᠭ ᠢ 42 ᠴᠠᠭ ᠠᠴᠠ ᠳᠤᠲᠠᠭᠤ ᠪᠠᠶᠢᠯᠭᠠᠵᠤ ᠪᠣᠯᠬᠤ ᠥᠬᠡᠶ᠂ ᠣᠯᠠᠨ ᠲᠦᠮᠡᠨ  ᠤ ᠣᠶᠤᠨ ᠤ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠨ᠎ᠠ᠃
  ᠭᠠᠷᠠᠭ ᠤᠨ ᠨᠢᠭᠡᠨ ᠠᠴᠠ ᠭᠠᠷᠠᠭ ᠤᠨ ᠡᠳᠦᠷ ᠪᠣᠯᠲᠠᠯ᠎ᠠ᠂ ᠲᠦᠴᠢᠦᠸᠠᠨ ᠰᠢᠶᠠᠨ ᠤ ᠨᠣᠮ ᠤᠨ ᠰᠠᠩ ᠴᠥᠮ ᠰᠦᠶᠳᠬᠡᠯ ᠬᠤᠷᠢᠶᠠᠬᠤ ᠥᠬᠡᠶ ᠪᠠᠷ ᠣᠯᠠᠨ ᠨᠡᠶᠢᠲᠡ ᠳᠤ ᠨᠡᠭᠡᠭᠡᠵᠦ ᠥᠭᠲᠡᠭ᠂ ᠨᠠᠮ ᠵᠢᠮ ᠣᠷᠴᠢᠨ ᠲᠣᠭᠤᠷᠢᠨ ᠪᠠ ᠪᠦᠷᠢᠨ ᠭᠦᠶᠴᠡᠳ ᠨᠣᠮ ᠪᠢᠴᠢᠭ ᠢ ᠴᠥᠭᠡᠨ ᠪᠤᠰᠤ ᠣᠯᠠᠨ ᠲᠦᠮᠡᠨ ᠠᠳᠡ ᠢᠷᠡᠵᠦ ᠰᠤᠷᠤᠯᠴᠠᠵᠤ ᠤᠩᠰᠢᠳᠠᠭ᠃    ︽ᠨᠣᠮ ᠤᠨ ᠰᠠᠩ ᠤᠨ ᠰᠦᠶᠳᠬᠡᠯ ᠬᠤᠷᠢᠶᠠᠬᠤ ᠥᠬᠡᠶ ᠳᠠᠪᠲᠠᠯᠭ᠎ᠠ ᠶᠢᠨ ᠲᠠᠰᠤᠭ ᠨᠡᠭᠡᠭᠡᠭᠳᠡᠭᠰᠡᠨ ᠠᠴᠠ ᠨᠠᠰᠢ ᠂ ᠪᠢᠳᠡᠨ ᠳᠤ ᠮᠠᠰᠢ ᠰᠠᠶᠢᠨ ᠰᠤᠷᠤᠯᠴᠠᠬᠤ ᠣᠷᠴᠢᠨ ᠨᠥᠬᠦᠴᠡᠯ ᠬᠠᠩᠭᠠᠵᠤ᠂ ᠣᠯᠠᠨ ᠢᠶᠠᠷ ᠢᠶᠠᠨ ᠴᠥᠮ ᠴᠢᠷᠮᠠᠶᠢᠨ ᠰᠤᠷᠤᠯᠴᠠᠵᠤ ᠪᠠᠶᠢᠨ᠎ᠠ᠂ ᠲᠡᠷᠡ ᠮᠥᠷᠲᠡᠭᠡᠨ ᠡᠭᠦᠳᠡ ᠨᠡᠭᠡᠭᠡᠬᠦ ᠴᠠᠭ ᠨᠢ ᠴᠦ ᠣᠷᠳᠣ ᠪᠣᠯᠬᠤᠷ ᠪᠢᠳᠡ ᠠᠳᠡ ᠢᠷᠡᠵᠦ ᠰᠤᠷᠤᠯᠴᠠᠬᠤ ᠮᠠᠰᠢ ᠳᠤᠷᠠᠲᠠᠶ ᠪᠠᠶᠢᠳᠠᠭ᠃︾ ᠭᠡᠵᠦ ᠰᠠᠭᠤᠭᠠᠯᠢ ᠠᠷᠠᠳ ᠪᠠᠢ ᠴᠠᠩ ᠬᠠᠢ ᠲᠠᠨᠢᠯᠴᠠᠭᠤᠯᠤᠨ ᠬᠡᠯᠡᠨ᠎ᠡ᠃
   ᠡᠭᠦᠨ ᠤ ᠬᠠᠮᠲᠤ᠂ ᠲᠦᠴᠢᠦᠸᠠᠨ ᠰᠢᠶᠠᠨ ᠤ ᠬᠢᠨ ᠤᠳᠬ᠎ᠠ ᠤᠷᠠᠯᠢᠭ ᠤᠨ ᠰᠣᠶᠣᠯ ᠤᠨ ᠰᠢᠷᠢᠰ ᠠᠵᠢᠯᠯᠠᠭ᠎ᠠ᠂ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾᠂ ︽ᠰᠣᠶᠣᠯ ᠢ ᠲᠦᠮᠡᠨ ᠡᠷᠦᠬᠡ ᠳᠤ ᠬᠦᠷᠭᠡᠬᠦ︾ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠰᠢᠯᠢᠳᠡᠭᠵᠢᠭᠦᠯᠦᠨ ᠡᠭᠦᠳᠬᠦ᠂ ᠰᠣᠶᠣᠯ ᠤᠨ ᠲᠠᠯᠠᠪᠠᠶ ᠣᠷᠳᠣᠨ ᠢ ᠲᠠᠰ ᠳᠡᠪᠰᠢᠭᠦᠯᠬᠦ᠂ ᠰᠣᠶᠣᠯ ᠤᠨ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠵᠣᠯ ᠵᠢᠷᠭᠠᠯᠲᠤ ᠠᠮᠢᠳᠤᠷᠠᠯ ᠳᠤ ᠲᠠᠰᠤᠷᠠᠯᠲᠠ ᠥᠬᠡᠶ ︽ᠵᠢᠳᠬᠦᠯ︾ ᠭᠠᠷᠭᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号