2024 ᠣᠨ ᠤ 1 - 9 ᠰᠠᠷ᠎ᠠ ᠳᠤ ᠲᠦᠴᠢᠦᠸᠠᠨ ᠰᠢᠶᠠᠨ ᠤ ᠭᠤᠤᠯ ᠪᠣᠯᠬᠤ ᠠᠵᠤ ᠠᠬᠤᠶ ᠶᠢᠨ ᠭᠦᠶᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2024/10/25
   ᠬᠤᠰᠢᠭᠤ ᠰᠢᠶᠠᠨ ᠬᠤᠲᠠ ᠶᠢᠨ ᠦᠶᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2024 ᠣᠨ ᠤ 1 - 9 ᠳ᠋ᠦ᠋ᠭᠡᠷ ᠰᠠᠷ᠎ᠠ ᠳᠤ ᠪᠥᠬᠦ ᠰᠢᠶᠠᠨ ᠤ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 53 . 2554 ᠳ᠋ᠦᠩᠰᠢᠭᠤᠷ ᠲᠥᠭᠦᠷᠢᠭ ᠲᠤ ᠬᠦᠷᠴᠦ᠂ ᠬᠤᠪᠢᠷᠠᠰᠢ ᠥᠬᠡᠶ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 2 . 1 % ᠪᠠᠷ ᠨᠡᠮᠡᠭᠳᠡᠪᠡ  ᠃ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ 6 ᠳ᠋ᠤᠭᠠᠷ ᠲᠤ ᠵᠢᠭᠰᠠᠭᠠᠭᠳᠠᠪᠠ ( ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 4 . 6 % )  ᠃ ᠡᠭᠦᠨ ᠳᠤ᠂ ᠨᠢᠭᠡᠳᠦᠭᠡᠷ ᠠᠵᠤ ᠦᠶᠯᠡᠰ ᠤᠨ ᠨᠡᠮᠡᠭᠳᠡᠯ ᠥᠷᠲᠡᠭ 7 . 703 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6 . 4 % ᠪᠠᠷ ᠨᠡᠮᠡᠭᠳᠡᠪᠡ︔ ᠬᠤᠶᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ 25 . 1953 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8 . 5 % ᠪᠠᠷ ᠪᠠᠭᠤᠷᠠᠪᠠ︔ ᠭᠤᠷᠪᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ 20 . 3571 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6 . 3 % ᠪᠠᠷ ᠨᠡᠮᠡᠭᠳᠡᠪᠡ  ᠃    2024 ᠣᠨ ᠤ 1 ᠰᠠᠷ᠎ᠠ ᠠᠴᠠ 9 ᠰᠠᠷ᠎ᠠ ᠪᠣᠯᠲᠠᠯ᠎ᠠ ᠲᠦᠴᠢᠦᠸᠠᠨ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 0 . 6 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠳᠤ ᠲᠠᠪᠤᠳᠤᠭᠠᠷ ᠲᠤ ᠵᠢᠭᠰᠠᠭᠠᠭᠳᠠᠪᠠ ( ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ ᠨᠢ 5 . 8 % ᠪᠠᠷ ᠨᠡᠮᠡᠭᠳᠡᠪᠡ )  ᠃    2024 ᠣᠨ ᠤ 1 - 9 ᠳ᠋ᠦ᠋ᠭᠡᠷ ᠰᠠᠷ᠎ᠠ ᠳᠤ ᠲᠦᠴᠢᠦᠸᠠᠨ ᠰᠢᠶᠠᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠨᠡᠶᠢᠲᠡ ᠪᠡᠶᠡᠯᠡᠭᠦᠯᠦᠭᠰᠡᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 3 . 9 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠳᠤ ᠲᠠᠪᠤᠳᠤᠭᠠᠷ ᠲᠤ ᠵᠢᠭᠰᠠᠭᠠᠭᠳᠠᠪᠠ ( ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ ᠨᠢ 4 . 6 % ᠪᠠᠷ ᠨᠡᠮᠡᠭᠳᠡᠪᠡ )  ᠃    2024 ᠣᠨ ᠤ 1 ᠰᠠᠷ᠎ᠠ ᠠᠴᠠ 9 ᠰᠠᠷ᠎ᠠ ᠪᠣᠯᠲᠠᠯ᠎ᠠ ᠲᠦᠴᠢᠦᠸᠠᠨ ᠰᠢᠶᠠᠨ ᠤ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 93385 . 1 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2 . 6 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠳᠥᠷᠪᠡᠳᠦᠭᠡᠷ ᠲᠤ ᠵᠢᠭᠰᠠᠭᠠᠭᠳᠠᠪᠠ ( ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ ᠨᠢ 3 . 1 % ᠪᠠᠷ ᠨᠡᠮᠡᠭᠳᠡᠪᠡ )  ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号