ᠤᠢᠢᠷ᠎ᠠ ᠶᠢᠨ ᠵᠢᠯ ᠠᠴᠠ᠂ ᠶᠦᠩ ᠠᠨ ᠪᠠᠯᠭᠠᠰᠤᠨ ᠤ ᠳ᠋ᠦ᠋ ᠰᠢᠩ ᠲᠣᠰᠬᠤᠨ ᠳᠤ ᠪᠠᠶᠢᠷᠢᠯᠠᠵᠤ ᠪᠠᠶᠢᠭ᠎ᠠ ᠥᠪᠥᠷ | ᠮᠣᠩᠭᠤᠯ ᠤᠨ ᠯᠢᠦᠢ ᠰᠢᠩ ᠢᠳᠡᠭᠡᠨ ᠤ ᠬᠢᠵᠠᠭᠠᠷᠲᠤ ᠺᠣᠮᠫᠠᠨᠢ ᠠᠭᠠᠵᠢᠮ ᠢᠶᠠᠷ ᠤᠯᠠᠨ ᠤ ᠠᠩᠬᠠᠷᠤᠯ ᠤᠨ ᠲᠥᠪ | ᠪᠤᠯᠵᠤ᠂ ᠲᠤᠰ ᠺᠣᠮᠫᠠᠨᠢ ᠴᠢᠨᠠᠷ ᠰᠠᠶᠢᠲᠠᠢ ᠦᠢᠯᠡᠳᠬᠦᠨ ᠪᠠ ᠢᠳᠡᠪᠬᠢᠲᠡᠢ ᠵᠠᠬ᠎ᠠ ᠳᠡᠯᠭᠡᠭᠦᠷ ᠢᠶᠠᠨ ᠥᠷᠭᠡᠳᠬᠡᠭᠡᠳ᠂ | ᠭᠠᠳᠠᠭᠠᠳᠤ ᠳᠤ ᠭᠠᠷᠭᠠᠬᠤ ᠬᠦᠷᠢᠶᠡᠨ ᠳᠤ ᠢᠯᠡᠳᠲᠡ ᠠᠮᠵᠢᠯᠲᠠ ᠣᠯᠤᠭᠰᠠᠨ ᠪᠥᠭᠡᠳ ᠡᠷᠬᠢᠨ ᠲᠣᠭᠤᠷᠢᠨ ᠤ | ᠲᠠᠷᠢᠶᠠᠴᠢᠨ ᠡᠷᠦᠭᠡ ᠶᠢ ᠲᠠᠶᠢᠴᠢᠯᠠᠨ ᠬᠠᠮᠲᠤ ᠪᠠᠷ ᠴᠢᠨᠡᠭᠡᠯᠢᠭᠵᠢᠬᠦ ᠰᠠᠷᠠᠭᠤᠯ ᠳᠠᠷᠳᠠᠩ ᠵᠠᠮ ᠢᠶᠠᠷ ᠵᠠᠮᠨᠠᠭᠤᠯᠵᠠᠢ᠃ | | ᠥᠪᠥᠷ ᠮᠣᠩᠭᠤᠯ ᠤᠨ ᠯᠢᠦᠶ ᠰᠢᠩ ᠢᠳᠡᠭᠡᠨ ᠤ ᠬᠢᠵᠠᠭᠠᠷᠲᠤ ᠺᠣᠮᠫᠠᠨᠢ ᠶᠢᠨ ᠤᠰᠤ ᠥᠬᠡᠶᠢᠳᠡᠭᠦᠯᠦᠭᠰᠡᠨ | ᠢᠳᠡᠰᠢᠨ ᠨᠣᠭᠤᠭ᠎ᠠ ᠪᠣᠯᠪᠠᠰᠤᠷᠠᠭᠤᠯᠬᠤ ᠦᠶᠯᠡᠳᠪᠦᠷᠢ ᠶᠢᠨ ᠲᠠᠰᠤᠭ ᠲᠤ ᠣᠷᠣᠵᠤ᠂ ᠰᠢᠨ᠎ᠡ ᠰᠣᠷᠭᠤᠭ ᠤᠰᠤᠯᠢᠭ | ᠴᠠᠭᠠᠨ ᠯᠤᠤᠪᠠᠩ ᠢ ᠤᠬᠢᠶᠠᠵᠤ ᠴᠡᠪᠡᠷᠯᠡᠬᠦ᠂ ᠢᠯᠭᠠᠬᠤ᠂ ᠬᠠᠯᠢᠰᠦ ᠶᠢ ᠠᠷᠢᠯᠭᠠᠬᠤ᠂ ᠬᠠᠳᠠᠭᠠᠬᠤ᠂ ᠡᠳ᠋ᠰᠢᠭᠦᠯᠬᠦ᠂ | ᠪᠣᠭᠤᠳᠠᠯᠯᠠᠬᠤ ᠵᠡᠷᠭᠡ ᠣᠯᠠᠨ ᠵᠦᠶᠯ ᠤᠨ ᠠᠵᠢᠯ ᠤᠨ ᠳᠠᠷᠠᠭᠠᠯᠠᠯ ᠢᠶᠠᠷ ᠳᠡᠮᠵᠢᠨ᠂ ᠨᠢᠭᠡ ᠨᠢᠭᠡ ᠬᠠᠶᠢᠷᠴᠠᠭ ᠠᠮᠲᠠᠲᠤ | ᠬᠠᠳᠠᠭᠠᠭᠰᠠᠨ ᠯᠤᠤᠪᠠᠩ ᠪᠣᠯᠵᠣ᠂ ᠯᠤᠤᠪᠠᠩ ᠤᠨ ᠤᠨᠴᠠᠯᠢᠬᠳᠤ ᠲᠠᠷᠢᠮᠠᠯ᠂ ᠡᠳ᠋ᠰᠢᠭᠦᠯᠦᠯᠲᠡ ᠠᠴᠠ ᠪᠣᠷᠣᠯᠠᠭᠤᠯᠭ᠎ᠠ | ᠬᠦᠷᠲᠡᠯᠡᠬᠢ ᠨᠢᠭᠡ ᠴᠤᠭᠴᠠᠵᠢᠭᠰᠠᠨ ᠡᠵᠡᠩᠨᠡᠯᠲᠡ ᠶᠢᠨ ᠵᠠᠭᠪᠤᠷ ᠢ ᠪᠡᠶᠡᠯᠡᠭᠦᠯᠵᠦ᠂ ᠲᠦᠴᠢᠦᠸᠠᠨ ᠰᠢᠶᠠᠨ ᠤ | ᠤᠨᠴᠠᠯᠢᠬᠳᠤ ᠠᠵᠤ ᠦᠶᠯᠡᠰ ᠤᠨ ᠠᠵᠤ ᠠᠬᠤᠶ ᠶᠢᠨ ᠦᠷ᠎ᠡ ᠠᠰᠢᠭ ᠢ ᠪᠦᠲᠦᠮᠵᠢᠲᠡᠶ ᠳᠡᠭᠡᠭᠰᠢᠯᠡᠭᠦᠯᠪᠡ᠃ | | ︽ᠮᠠᠨ ᠤ ᠭᠡᠷ 120 ᠮᠦ ᠯᠤᠤᠪᠠᠩ ᠲᠠᠷᠢᠵᠠᠢ᠂ 1000 ᠭᠠᠷᠤᠢ ᠲᠣᠨ ᠯᠤᠤᠪᠠᠩ ᠬᠤᠷᠢᠶᠠᠨ᠎ᠠ᠂ 30 | ᠭᠠᠷᠤᠢ ᠲᠦᠮᠡᠨ ᠲᠥᠭᠦᠷᠢᠭ ᠬᠤᠳᠠᠯᠳᠤᠬᠤ ᠪᠣᠯᠤᠨ᠎ᠠ᠂ ᠵᠢᠯ ᠪᠣᠯᠭᠠᠨ ᠦᠢᠯᠡᠳᠪᠦᠷᠢ ᠲᠠᠢ ᠭᠡᠷ᠎ᠡ ᠲᠣᠭᠲᠠᠵᠤ᠂ | ᠪᠣᠷᠣᠯᠠᠭᠤᠯᠭ᠎ᠠ ᠶᠢᠨ ᠠᠰᠠᠭᠤᠳᠠᠯ ᠳᠤ ᠰᠠᠨᠠᠭ᠎ᠠ ᠵᠣᠪᠠᠭ᠋ᠤ ᠬᠡᠷᠡᠭ ᠦᠭᠡᠢ᠃︾ ᠭᠡᠵᠦ ᠲᠠᠷᠢᠮᠠᠯ ᠤᠨ ᠡᠷᠦᠬᠡ ᠵᠤᠤ | ᠰᠢᠶᠤᠤ ᠸᠧᠢ ᠬᠡᠯᠡᠪᠡ᠃ | ᠥᠪᠥᠷ ᠮᠣᠩᠭᠤᠯ ᠤᠨ ᠯᠢᠦᠶ ᠰᠢᠩ ᠢᠳᠡᠭᠡᠨ ᠤ ᠬᠢᠵᠠᠭᠠᠷᠲᠤ ᠺᠣᠮᠫᠠᠨᠢ ᠨᠢ ᠦᠶᠯᠡᠳᠬᠦ ᠤᠷ᠎ᠠ ᠮᠡᠷᠭᠡᠵᠢᠯ ᠢᠶᠠᠨ | ᠴᠢᠩᠭ᠎ᠠ ᠪᠠᠷᠢᠮᠲᠠᠯᠠᠵᠤ᠂ ᠲᠤᠬᠠᠶ ᠶᠢᠨ ᠭᠠᠵᠠᠷ ᠤᠨ ᠰᠢᠨ᠎ᠡ ᠰᠣᠷᠭᠤᠭ᠂ ᠴᠢᠨᠠᠷ ᠰᠠᠶᠢᠲᠠᠶ ᠯᠤᠤᠪᠠᠩ ᠤᠨ ᠲᠥᠷᠥᠯ | ᠵᠦᠶᠯ ᠢ ᠨᠠᠷᠢᠯᠢᠭ ᠰᠣᠩᠭᠤᠵᠤ᠂ ᠦᠶᠯᠡᠳᠦᠭᠰᠡᠨ ᠬᠠᠳᠠᠭᠠᠭᠰᠠᠨ ᠯᠤᠤᠪᠠᠩ ᠴᠤ ᠠᠮᠲᠠ ᠰᠠᠶᠢᠲᠠᠶ᠂ ᠥᠪᠡᠷᠮᠢᠴᠡ | ᠦᠨᠦᠷ ᠠᠮᠲᠠ ᠲᠠᠢ ᠪᠠᠶᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠡᠷᠡᠭᠯᠡᠭᠴᠢᠳ ᠤᠨ ᠪᠠᠭ᠋ᠠᠷᠬᠠᠯ ᠢ ᠶᠡᠬᠡᠳᠡ | ᠣᠯᠤᠭᠰᠠᠨ ᠪᠠᠶᠢᠨ᠎ᠠ᠃ ᠵᠠᠬᠢᠶᠠᠯᠠᠭ᠎ᠠ ᠶᠢᠨ ᠬᠠᠭᠤᠳᠠᠰᠤ ᠲᠠᠰᠤᠷᠠᠯᠲᠠ ᠥᠬᠡᠶ ᠣᠷᠣᠵᠤ ᠢᠷᠡᠬᠦ ᠶᠢ ᠳᠠᠭᠠᠯᠳᠤᠨ᠂ ᠡᠯ᠎ᠡ | ᠭᠤᠭᠴᠤᠭ᠎ᠠ ᠳᠤ ᠴᠥᠮ ᠶᠡᠭᠡ ᠬᠡᠮᠵᠢᠶᠡᠨ ᠤ ᠠᠵᠢᠯ ᠤᠨ ᠪᠠᠶᠢᠷᠢ ᠢᠯᠡᠷᠡᠵᠦ᠂ ᠡᠷᠬᠢᠨ ᠲᠣᠭᠤᠷᠢᠨ ᠤ 50 ᠭᠠᠷᠤᠶ | ᠠᠷᠠᠳ ᠢ ᠰᠢᠭᠤᠳ ᠳᠠᠶᠢᠴᠢᠯᠠᠨ ᠠᠵᠢᠯ ᠣᠯᠭᠤᠪᠠ᠃ | | ︽ᠮᠠᠨ ᠤ ᠭᠡᠷ ᠪᠣᠯ ᠤᠶᠢᠷ᠎ᠠ ᠬᠠᠪᠢ ᠶᠢᠨ ᠶᠤᠮ᠂ ᠪᠢ ᠠᠳᠡ ᠲᠠᠪᠤ ᠵᠢᠷᠭᠤᠭᠠᠨ ᠵᠢᠯ ᠠᠵᠢᠯᠯᠠᠵᠤ ᠪᠠᠶᠢᠨ᠎ᠠ᠂ | ᠮᠢᠨᠦ ᠭᠤᠣᠯ ᠠᠵᠢᠯ ᠪᠣᠯ ᠪᠣᠭᠤᠳᠠᠯᠯᠠᠬᠤ ᠶᠢ ᠬᠠᠷᠢᠭᠤᠴᠠᠨ᠎ᠠ᠂ ᠨᠢᠭᠡ ᠰᠠᠷ᠎ᠠ ᠳᠤ 4000 ᠢᠯᠡᠭᠦᠦ ᠲᠥᠭᠦᠷᠢᠭ | ᠣᠯᠤᠨ᠎ᠠ᠂ ᠬᠠᠷᠠᠭᠠᠯᠵᠠᠯ ᠪᠦᠷ ᠨᠡᠯᠢᠶᠡᠳ ᠰᠠᠶᠢᠨ᠂ ᠠᠵᠢᠯ ᠪᠠᠰᠠ ᠶᠠᠳᠠᠷᠠᠬᠤ ᠦᠭᠡᠢ᠃︾ ᠭᠡᠵᠦ ᠥᠪᠥᠷ ᠮᠣᠩᠭᠤᠯ | ᠤᠨ ᠯᠢᠦᠢ ᠰᠢᠩ ᠢᠳᠡᠭᠡᠨ ᠤ ᠬᠢᠵᠠᠭᠠᠷᠲᠤ ᠺᠣᠮᠫᠠᠨᠢ ᠶᠢᠨ ᠠᠵᠢᠯᠴᠢᠨ ᠵᠠᠩ ᠱᠤ᠋ ᠯᠢᠨ ᠬᠡᠯᠡᠪᠡ᠃ | | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠯᠢᠦᠶ ᠰᠢᠩ ᠢᠳᠡᠭᠡᠨ ᠤ ᠬᠢᠵᠠᠭᠠᠷᠲᠤ ᠺᠣᠮᠫᠠᠨᠢ ᠦᠶᠯᠡᠳᠪᠦᠷᠢᠯᠡᠯ | ᠡᠵᠡᠩᠨᠡᠯᠲᠡ ᠳᠤᠮᠳᠠ ᠪᠠᠨ ︽ᠠᠵᠤ ᠠᠬᠤᠶᠢᠯᠠᠯ + ᠰᠠᠭᠤᠷᠢᠨ ᠭᠠᠵᠠᠷ + ᠲᠠᠷᠢᠶᠠᠴᠢᠨ ᠡᠷᠦᠬᠡ︾ ᠶᠢᠨ ᠠᠵᠤ | ᠦᠶᠯᠡᠰ ᠤᠨ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ ᠪᠣᠶ᠃ 2015 ᠣᠨ ᠳᠤ ᠳ᠋ᠦ᠋ ᠰᠢᠩ ᠲᠣᠰᠬᠤᠨ ᠤ | ᠠᠷᠠᠳ ᠤᠨ ᠵᠥᠪᠯᠡᠯ ᠲᠠᠢ ᠬᠠᠮᠲᠤ ᠪᠠᠷ ᠯᠢᠦᠶ ᠰᠢᠩ ᠲᠠᠷᠢᠮᠠᠯ ᠤᠨ ᠲᠤᠰᠬᠠᠶ ᠬᠤᠷᠰᠢᠶ᠎ᠠ ᠶᠢ ᠪᠠᠶᠢᠭᠤᠯᠤᠭᠰᠠᠨ ᠪᠥᠭᠡᠳ | ᠬᠤᠷᠰᠢᠶ᠎ᠠ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠲᠠᠷᠢᠶᠠᠴᠢᠨ ᠡᠷᠦᠬᠡ ᠳᠤ ︽ᠬᠡᠰᠡᠭ ᠪᠦᠯᠦᠭᠵᠢᠭᠦᠯᠬᠦ᠂ | ᠪᠠᠷᠢᠮᠵᠢᠶᠠᠵᠢᠭᠤᠯᠬᠤ᠂ ᠲᠤᠰᠬᠠᠶᠢᠵᠢᠭᠤᠯᠬᠤ︾ ᠠᠵᠤ ᠦᠶᠯᠡᠰ ᠤᠨ ᠳᠡᠮᠵᠢᠯᠭᠡ ᠦᠵᠡᠭᠦᠯᠵᠦ᠂ ᠳᠠᠷᠢᠬᠤ᠂ | ᠦᠶᠯᠡᠳᠪᠦᠷᠢᠯᠡᠬᠦ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠯᠤᠤᠪᠠᠩ ᠤᠨ ᠠᠵᠤ ᠦᠶᠯᠡᠰ | ᠤᠨ ᠬᠡᠯᠬᠢᠶ᠎ᠡ ᠶᠢ ᠪᠦᠷᠢᠯᠳᠦᠭᠦᠯᠵᠦ᠂ ᠲᠤᠬᠠᠶ ᠶᠢᠨ ᠭᠠᠵᠠᠷ ᠤᠨ ᠯᠤᠤᠪᠠᠩ ᠤᠨ ᠠᠵᠤ ᠦᠶᠯᠡᠰ ᠤᠨ ᠠᠵᠤ ᠠᠬᠤᠶ | ᠶᠢᠨ ᠦᠷ᠎ᠡ ᠠᠰᠢᠭ ᠢ ᠶᠡᠭᠡ ᠪᠠᠷ ᠳᠡᠭᠡᠭᠰᠢᠯᠡᠭᠦᠯᠵᠦ᠂ ᠲᠠᠷᠢᠶᠠᠴᠢᠨ ᠡᠷᠦᠬᠡ ᠶᠢᠨ ᠬᠡᠷ ᠤᠨ ᠡᠭᠦᠳᠡᠨ ᠳᠠᠬᠢ ᠠᠵᠢᠯ | ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠵᠦ᠂ ᠣᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠵᠦ | ᠪᠠᠶᠠᠵᠢᠬᠤ ᠵᠠᠮ ᠢ ᠦᠨᠡᠨ ᠬᠦ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠨᠠᠶᠢᠷᠠᠯ | ᠬᠥᠭᠵᠢᠮ︾ ᠢ ᠬᠠᠩᠭᠢᠨᠠᠭᠤᠯᠪᠠ᠃ | | ︽ᠵᠢᠯ ᠪᠦᠷᠢ ᠶᠢᠨ ᠲᠠᠷᠢᠮᠠᠯ ᠤᠨ ᠰᠠᠭᠤᠷᠢᠨ ᠨᠢ ᠲᠠᠷᠢᠶᠠᠴᠢᠨ ᠡᠷᠦᠬᠡ ᠲᠠᠢ 1000 ᠭᠠᠷᠤᠶ ᠮᠥ ᠵᠠᠬᠢᠶᠠᠯᠠᠭ᠎ᠠ | ᠶᠢᠨ ᠬᠠᠭᠤᠳᠠᠰᠤ ᠲᠣᠭᠲᠠᠵᠤ᠂ 1000 ᠭᠠᠷᠤᠶ ᠮᠥ ᠵᠠᠬᠢᠶᠠᠯᠠᠭ᠎ᠠ ᠶᠢᠨ ᠯᠤᠤᠪᠠᠩ ᠤᠨ ᠤᠨᠠᠯᠲᠠ ᠨᠢ 3000 ᠲᠣᠨ | ᠣᠷᠴᠢᠮ ᠪᠠᠶᠢᠵᠤ᠂ ᠦᠶᠯᠡᠳᠪᠦᠷᠢᠯᠡᠵᠦ ᠭᠠᠷᠭᠠᠭᠰᠠᠨ ᠬᠠᠳᠠᠭᠠᠭᠰᠠᠨ ᠯᠤᠤᠪᠠᠩ ᠤᠨ ᠬᠠᠲᠠᠭᠠᠮᠠᠯ ᠨᠢ 200 ᠲᠣᠨ | ᠣᠷᠴᠢᠮ ᠪᠠᠶᠢᠵᠤ᠂ ᠦᠶᠯᠡᠳᠬᠦᠨ ᠢᠶᠠᠨ ᠪᠦᠬᠦᠨ ᠢ ᠺᠣᠷᠢᠶᠠ ᠳᠤ ᠭᠠᠷᠭᠠᠵᠤ᠂ ᠰᠠᠷ᠎ᠠ ᠪᠦᠷᠢ ᠨᠢᠭᠡ ᠴᠢᠩᠭᠡᠯᠢᠭ | ᠭᠠᠷᠭᠠᠵᠦ᠂ ᠨᠢᠭᠡ ᠰᠠᠷ᠎ᠠ ᠶᠢᠨ ᠪᠣᠷᠣᠯᠠᠭᠤᠯᠭ᠎ᠠ ᠶᠢᠨ ᠬᠡᠮᠵᠢᠶ᠎ᠡ ᠨᠢ ᠪᠠᠷᠤᠭ 36 ᠲᠦᠮᠡ ᠪᠠᠶᠢᠵᠤ᠂ ᠨᠢᠭᠡ ᠵᠢᠯ ᠤᠨ | ᠪᠣᠷᠣᠯᠠᠭᠤᠯᠭ᠎ᠠ ᠶᠢᠨ ᠬᠡᠮᠵᠢᠶ᠎ᠡ ᠨᠢ 400 ᠭᠠᠷᠤᠶ ᠲᠦᠮᠡ ᠳᠤ ᠭᠥᠷᠳᠡᠭ᠃︾ ᠭᠡᠵᠦ ᠥᠪᠥᠷ ᠮᠣᠩᠭᠤᠯ ᠤᠨ ᠯᠢᠦᠶ | ᠰᠢᠩ ᠢᠳᠡᠭᠡᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠸᠠᠩ ᠰᠢᠩ ᠬᠦᠶ ᠲᠠᠨᠢᠯᠴᠠᠭᠤᠯᠪᠠ᠃ |