ᠰᠤᠷᠭᠠᠭᠤᠯᠢ ᠶᠢᠨ ᠡᠭᠦᠳᠡᠨ ᠠᠴᠠ ᠭᠡᠷ ᠤᠨ ᠡᠭᠦᠳᠡ ᠬᠦᠷᠲᠡᠯᠡᠬᠢ ︽ᠰᠤᠷᠭᠠᠭᠤᠯᠢ ᠶᠢᠨ ᠬᠦᠷᠢᠶᠡᠨ ᠤ ᠰᠢᠭᠤᠳ ᠨᠡᠪᠲᠡᠷᠡᠬᠦ ᠲᠡᠷᠭᠡ︾ ᠰᠤᠷᠤᠭᠴᠢ ᠶᠢᠨ ᠭᠡᠷ ᠲᠡᠭᠡᠨ ᠬᠠᠷᠢᠬᠤ ᠵᠠᠮ ᠳᠤ ᠠᠶᠠᠯᠠᠯ ᠬᠠᠮᠠᠭᠠᠯᠠᠨ᠎ᠠ
ᠨᠡᠶᠢᠲᠡᠯᠡᠭᠰᠡᠨ ᠴᠠᠭ᠄
2024/10/31
   ᠰᠤᠷᠤᠭᠴᠢᠳ ᠤᠨ ᠭᠠᠷᠠᠭ ᠤᠨ ᠰᠡᠭᠦᠯᠴᠢ ᠶᠢᠨ ᠠᠮᠠᠷᠠᠯᠲᠠ ᠶᠢᠨ ᠬᠤᠭᠤᠴᠠᠭᠠᠨ ᠳᠤ ᠨᠠᠰᠢ ᠴᠠᠰᠢ ᠶᠠᠪᠤᠬᠤ ᠳᠤ ᠳᠥᠭᠦᠮ ᠦᠭᠡᠢ ᠪᠠᠶᠢᠬᠤ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠬᠦ ᠶᠢᠨ ᠲᠥᠯᠥᠭᠡ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠰᠢᠶᠠᠨ ᠤ ᠬᠡᠪᠴᠢᠶᠡᠨ ᠳᠠᠬᠢ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠲᠡᠷᠭᠡᠨ ᠳᠤ ᠰᠠᠭᠤᠬᠤ ᠰᠤᠷᠤᠭᠴᠢᠳ ᠤᠨ ᠲᠤᠭ᠎ᠠ᠂ ᠴᠢᠯᠥᠭᠡ ᠲᠠᠯᠪᠢᠬᠤ ᠴᠠᠭ ᠵᠡᠷᠭᠡ ᠦᠨᠳᠦᠰᠦᠨ ᠪᠠᠶᠢᠳᠠᠯ ᠲᠠᠢ ᠤᠶᠠᠯᠳᠤᠭᠤᠯᠤᠨ᠂ ᠰᠤᠷᠭᠠᠭᠤᠯᠢ ᠶᠢᠨ ᠬᠦᠷᠢᠶᠡᠨ ᠤ ᠰᠢᠭᠤᠳ ᠨᠡᠪᠲᠡᠷᠡᠬᠦ ᠲᠡᠷᠭᠡ ᠶᠢ ᠨᠡᠪᠲᠡᠷᠡᠭᠦᠯᠵᠦ᠂ ᠬᠥᠳᠡᠭᠡ ᠲᠣᠰᠬᠤᠨ ᠤ ᠰᠤᠷᠤᠭᠴᠢᠳ ᠲᠤ ᠰᠤᠷᠭᠠᠭᠤᠯᠢ ᠶᠢᠨ ᠡᠭᠦᠳᠡ ᠠᠴᠠ ᠬᠡᠷ ᠤᠨ ᠡᠭᠦᠳᠡ ᠬᠦᠷᠲᠡᠯᠡᠬᠢ ᠨᠢᠭᠡ ᠯᠡ ᠥᠷᠲᠡᠭᠡᠨ ᠤ ᠮᠠᠶ᠋ᠢᠭ ᠤᠨ ᠦᠶᠯᠡᠴᠢᠯᠡᠭᠡ ᠬᠠᠩᠭᠠᠵᠤ᠂ ᠰᠤᠷᠤᠭᠴᠢᠳ ᠤᠨ ᠬᠡᠷ ᠲᠡᠭᠡᠨ ᠬᠠᠷᠢᠬᠤ ᠵᠠᠮ ᠢ ᠳᠤᠯᠠᠭᠠᠴᠠᠭᠤᠯᠪᠠ᠃
   ᠪᠤᠤ ᠱᠢ ᠪᠠᠯᠭᠠᠰᠤᠨ ᠤ ᠭᠤᠤᠯ ᠪᠠᠭ᠎ᠠ ᠰᠤᠷᠭᠠᠭᠤᠯᠢ ᠳᠤ ᠬᠦᠷᠬᠦ ᠳᠤ᠂ ᠵᠢᠯᠣᠭᠤᠴᠢ ᠶᠠᠭ ᠰᠠᠶᠢᠬᠠᠨ ᠮᠣᠷᠳᠠᠬᠤ  ᠠᠴᠠ ᠡᠮᠦᠨᠡᠬᠢ ᠡᠯ᠎ᠡ ᠵᠦᠢᠯ ᠤᠨ ᠪᠡᠯᠡᠳᠬᠡᠯ ᠠᠵᠢᠯ ᠢ ᠶᠠᠭᠠᠷᠠᠯᠲᠠᠢ ᠬᠢᠵᠦ᠂ ᠲᠡᠷᠭᠡ ᠬᠥᠰᠬᠡ ᠶᠢ ᠪᠠᠶᠢᠴᠠᠭᠠᠵᠤ᠂ ᠬᠡᠮᠵᠢᠭᠦᠷᠯᠢᠭ ᠤᠨ ᠫᠠᠨᠰᠠ ᠶᠢ ᠠᠷᠴᠢᠵᠤ᠂ ᠲᠡᠷᠭᠡ ᠶᠠᠪᠤᠬᠤ ᠴᠠᠭ ᠤᠨ ᠬᠤᠪᠢᠶᠠᠷᠢ ᠵᠡᠷᠭᠡ ᠶᠢ ᠲᠡᠮᠳᠡᠭᠯᠡᠵᠦ᠂ ᠮᠥᠷ ᠮᠥᠷ ᠲᠠᠷᠢ ᠲᠡᠭᠰᠢ ᠰᠤᠷᠭᠠᠭᠤᠯᠢ ᠶᠢᠨ ᠲᠡᠷᠭᠡ ᠮᠣᠷᠳᠠᠬᠤ ᠪᠠᠷ ᠪᠡᠯᠡᠳᠬᠡᠵᠦ᠂ ᠲᠡᠷᠭᠡᠨ ᠤᠷᠤᠢ ᠳᠡᠭᠡᠷᠡᠬᠢ ᠰᠢᠷ᠎ᠠ ᠦᠩᠭᠡ ᠶᠢᠨ ᠰᠡᠷᠡᠮᠵᠢ ᠶᠢᠨ ᠳ᠋ᠧᠩ ᠭᠢᠯᠠᠯᠵᠠᠵᠤ᠂ ᠰᠢᠨ᠎ᠡ ᠨᠢᠭᠡ ᠡᠳᠦᠷ ᠤᠨ ᠬᠠᠮᠠᠭᠠᠯᠠᠨ ᠬᠦᠷᠭᠡᠬᠦ ᠡᠭᠦᠷᠭᠡ ᠤᠳᠠᠯ ᠦᠭᠡᠢ ᠡᠬᠢᠯᠡᠬᠦ ᠶᠢ ᠪᠡᠯᠭᠡᠳᠡᠵᠦ ᠪᠠᠶᠢᠯ᠎ᠠ᠃
   ︽ᠪᠢ ᠰᠤᠷᠭᠠᠭᠤᠯᠢ ᠶᠢᠨ ᠲᠡᠷᠭᠡ ᠶᠢᠨ ᠵᠢᠯᠣᠭᠤᠴᠢ ᠪᠣᠯᠣᠭᠠᠳ ᠨᠢᠭᠡᠨᠲᠡ 8 ᠵᠢᠯ ᠪᠣᠯᠵᠠᠢ᠂ ᠡᠨᠡ ᠵᠠᠮ ᠢᠶᠠᠷ ᠪᠢᠳᠡ ᠨᠢᠭᠡᠨᠲᠡ ᠣᠯᠠᠨ ᠤᠳᠠᠭ᠎ᠠ ᠶᠠᠪᠤᠵᠠᠢ᠂ ᠬᠠᠮᠤᠭ ᠠᠩᠬᠠᠨ ᠤ ᠬᠡᠳᠦᠨ ᠲᠡᠷᠭᠡ ᠠᠴᠠ ᠣᠳᠣ ᠪᠣᠯᠲᠠᠯ᠎ᠠ ᠨᠢᠭᠡ ᠨᠢᠭᠡ ᠪᠠᠭ᠎ᠠ ᠰᠠᠯᠪᠤᠷᠢ ᠠᠩᠭᠢ ᠪᠤᠯᠵᠤ᠂ ᠪᠢᠳᠡ ᠨᠡᠶᠢᠳᠡᠮ ᠴᠢᠷᠮᠠᠶᠢᠵᠤ᠂ ᠬᠡᠦᠬᠡᠳ ᠪᠣᠯᠭᠠᠨ ᠢ ᠠᠮᠤᠷ ᠲᠦᠪᠰᠢᠨ᠂ ᠲᠣᠭᠲᠠᠭᠰᠠᠨ ᠴᠠᠭ ᠲᠠᠭᠠᠨ ᠬᠠᠯᠠᠭᠤᠨ ᠳᠤᠯᠠᠭᠠᠨ ᠭᠡᠷ ᠲᠤ ᠬᠦᠷᠭᠡᠬᠦ ᠶᠢᠨ ᠲᠥᠯᠥᠭᠡ ᠶᠤᠮ᠂ ᠭᠡᠷ ᠤᠨ ᠠᠬᠠᠮᠠᠳ  ᠤᠳ ᠰᠠᠨᠠᠭ᠎ᠠ ᠠᠮᠤᠷ ᠪᠠᠢ᠂ ᠪᠢᠳᠡ ᠥᠪᠡᠷ ᠤᠨ ᠬᠡᠦᠬᠡᠳ ᠰᠢᠭ ᠲᠡᠷᠭᠡᠨ ᠳᠡᠭᠡᠷᠡᠬᠢ ᠵᠢᠵᠢᠭ ᠠᠶᠠᠨᠴᠢᠳ ᠪᠣᠯᠭᠠᠨ ᠢ ᠰᠠᠶᠢᠨ ᠬᠠᠷᠠᠭᠠᠯᠵᠠᠨ᠎ᠠ᠃︾ ᠭᠡᠵᠦ ᠲᠦᠴᠢᠦᠸᠠᠨ ᠰᠢᠶᠠᠨ ᠤ ᠹᠦ᠋ ᠰᠢᠶᠠᠩ ᠰᠤᠷᠭᠠᠭᠤᠯᠢ ᠶᠢᠨ ᠲᠡᠷᠭᠡᠨ ᠤ ᠺᠣᠮᠫᠠᠨᠢ  ᠶᠢᠨ ᠵᠢᠯᠣᠭᠤᠴᠢ ᠸᠠᠩ ᠰᠢᠶᠤᠤ ᠴᠢᠩ ᠬᠡᠯᠡᠪᠡ᠃    ᠬᠠᠮᠤᠭ ᠰᠡᠭᠦᠯᠴᠢ ᠶᠢᠨ ᠨᠢᠭᠡ ᠬᠢᠴᠢᠶᠡᠯ ᠪᠠᠭᠤᠬᠤ ᠬᠤᠩᠬᠤ ᠳᠤᠤᠭᠠᠷᠬᠤ ᠶᠢ ᠳᠠᠭᠠᠯᠳᠤᠨ᠂ ᠰᠤᠷᠤᠭᠴᠢᠳ ᠪᠣᠭᠴᠣ ᠪᠠᠨ ᠡᠭᠦᠷᠦᠨ ᠰᠤᠷᠭᠠᠭᠤᠯᠢ ᠶᠢᠨ ᠲᠡᠷᠭᠡᠨ ᠡᠮᠦᠨ᠎ᠡ ᠴᠤᠭᠯᠠᠷᠠᠵᠠᠭᠠᠵᠤ᠂ ᠪᠠᠭᠰᠢ ᠶᠢᠨ ᠳᠠᠭᠠᠭᠤᠯᠭ᠎ᠠ ᠳᠣᠤᠷ᠎ᠠ ᠡᠮᠬᠢ ᠵᠢᠷᠤᠮ ᠲᠠᠢ ᠪᠠᠷ ᠲᠡᠷᠭᠡᠨ ᠳᠤ ᠭᠠᠷᠴᠤ᠂ ᠲᠡᠷᠭᠡᠨ ᠳᠣᠲᠣᠷ᠎ᠠ ᠨᠢ ᠰᠤᠷᠤᠭᠴᠢᠳ ᠤᠨ ᠪᠠᠶᠠᠷ ᠪᠠᠶᠠᠰᠤᠯ ᠪᠢᠯᠬᠠᠵᠤ ᠪᠠᠶᠢᠯ᠎ᠠ᠂ ᠰᠤᠷᠭᠠᠭᠤᠯᠢ ᠶᠢᠨ ᠲᠡᠷᠭᠡ ᠠᠯᠭᠤᠷᠬᠠᠨ ᠵᠣᠭᠰᠣᠬᠤ ᠶᠢ ᠳᠠᠭᠠᠯᠳᠤᠨ᠂ ᠰᠤᠷᠭᠠᠭᠤᠯᠢ ᠶᠢᠨ ᠲᠡᠷᠭᠡᠨ ᠥᠷᠲᠡᠭᠡᠨ ᠳᠤ ᠣᠯᠠᠨ ᠴᠠᠭ ᠬᠦᠯᠢᠶᠡᠵᠦ ᠪᠠᠶᠢᠭᠰᠠᠨ ᠬᠡᠷ ᠤᠨ ᠠᠬᠠᠮᠠᠳ ᠨᠠᠷ ᠬᠤᠶᠢᠨ᠎ᠠ ᠬᠤᠶᠢᠨ᠎ᠠ ᠠᠴᠠ  ᠪᠠᠨ ᠤᠭᠲᠤᠨ ᠢᠷᠡᠵᠦ᠂ ᠲᠡᠷᠭᠡᠨ ᠳᠡᠭᠡᠷᠡᠬᠢ ᠪᠠᠭᠰᠢ ᠠᠴᠠ ᠬᠡᠷ ᠤᠨ ᠠᠬᠠᠮᠠᠳ ᠲᠠᠢ ᠲᠡᠮᠳᠡᠭᠯᠡᠯ ᠢᠶᠠᠨ ᠰᠠᠶᠢᠲᠤᠷ ᠬᠢᠵᠦ ᠳᠠᠷᠠᠭ᠎ᠠ ᠳᠠᠷᠠᠭ᠎ᠠ ᠨᠢᠭᠡ ᠥᠷᠲᠡᠭᠡᠨ ᠵᠦᠭ ᠶᠠᠪᠤᠨ᠎ᠠ᠃
   ︽ᠰᠤᠷᠭᠠᠭᠤᠯᠢ ᠶᠢᠨ ᠲᠡᠷᠭᠡ ᠪᠢᠳᠡᠨ ᠳᠤ ᠶᠡᠭᠡ ᠲᠤᠰᠠ ᠪᠣᠯᠤᠯ᠎ᠠ︕ ᠤᠤᠯ ᠳᠤ ᠪᠠᠨ ᠭᠠᠷᠠᠭ ᠤᠨ ᠰᠡᠭᠦᠯᠴᠢ ᠪᠣᠯᠤᠭᠰᠠᠭᠠᠷ᠂ ᠪᠢᠳᠡ ᠬᠡᠦᠬᠡᠳ ᠤᠨ ᠶᠠᠭᠠᠬᠢᠵᠦ ᠠᠮᠤᠷ ᠲᠦᠪᠰᠢᠨ ᠭᠡᠷ ᠲᠤ ᠪᠠᠨ ᠬᠠᠷᠢᠬᠤ ᠶᠢᠨ ᠲᠦᠯᠦᠭᠡ ᠵᠤᠪᠠᠨ᠎ᠠ ᠂ ᠤᠳᠤ ᠰᠤᠷᠭᠠᠭᠤᠯᠢ ᠶᠢᠨ ᠲᠡᠷᠭᠡ ᠲᠠᠢ ᠪᠤᠯᠤᠭᠰᠠᠨ ᠠᠴᠠ᠂ ᠪᠢᠳᠡ ᠰᠠᠨᠠᠭ᠎ᠠ ᠠᠮᠤᠷ ᠪᠤᠯᠵᠤ ᠬᠡᠦᠬᠡᠳ ᠪᠠᠰᠠ ᠠᠮᠤᠷ ᠲᠦᠪᠰᠢᠨ ᠪᠤᠯᠵᠠᠢ᠂ ᠦᠨᠡᠬᠡᠷ ᠰᠤᠷᠭᠠᠭᠤᠯᠢ ᠳᠤ ᠲᠠᠯᠠᠷᠬᠠᠵᠤ ᠪᠠᠶᠢᠨ᠎ᠠ᠂ ᠡᠶᠢᠮᠦ ᠨᠠᠷᠢᠨ ᠬᠢᠨᠠᠮᠠᠭᠠᠶ ᠪᠢᠳᠡᠨ ᠤ ᠬᠡᠷᠡᠭᠴᠡᠭᠡ ᠶᠢ ᠪᠣᠳᠣᠯᠬᠢᠯᠠᠵᠤ ᠪᠠᠶᠢᠨ᠎ᠠ᠃︾ ᠭᠡᠵᠦ ᠪᠤᠤ ᠱᠢ ᠪᠠᠯᠭᠠᠰᠤᠨ ᠤ ᠪᠤᠤ ᠯᠧ ᠲᠣᠰᠬᠤᠨ ᠤ ᠰᠤᠷᠤᠭᠴᠢ  ᠶᠢᠨ ᠭᠡᠷ ᠤᠨ ᠠᠬᠠᠮᠠᠳ ᠯᠢᠦ ᠯᠢ ᠬᠤᠩ ᠬᠡᠯᠡᠨ᠎ᠡ᠃    ᠬᠡᠦᠬᠡᠳ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠪᠤᠤ ᠱᠢ ᠪᠠᠯᠭᠠᠰᠤᠨ ᠤ ᠭᠤᠤᠯ ᠪᠠᠭ᠎ᠠ ᠰᠤᠷᠭᠠᠭᠤᠯᠢ ᠰᠤᠷᠭᠠᠭᠤᠯᠢ ᠶᠢᠨ ᠲᠡᠷᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠪᠠ᠃ ᠰᠤᠷᠤᠭᠴᠢ ᠵᠥᠭᠡᠭᠡᠪᠦᠷᠢᠯᠡᠬᠦ ᠲᠡᠷᠭᠡ ᠨᠢᠭᠡᠪᠦᠷᠢ ᠳᠤ ᠴᠥᠮ ᠬᠦᠷᠭᠡᠬᠦ ᠪᠠᠭᠰᠢ ᠲᠣᠬᠢᠷᠠᠭᠤᠯᠵᠤ ᠂ ᠰᠤᠷᠤᠭᠴᠢᠳ ᠤᠨ ᠲᠡᠷᠭᠡᠨ ᠳᠤ ᠭᠠᠷᠴᠤ ᠪᠠᠭᠤᠬᠤ ᠠᠮᠤᠷ ᠲᠦᠪᠰᠢᠨ ᠢ ᠬᠠᠷᠢᠭᠤᠴᠠᠨ᠂ ᠰᠤᠷᠤᠭᠴᠢ ᠨᠢᠭᠡᠪᠦᠷᠢ ᠳᠤ ᠴᠥᠮ ᠲᠣᠬᠢᠲᠠᠶ ᠬᠠᠷᠠᠭᠠᠯᠵᠠᠯ ᠬᠦᠷᠲᠡᠭᠡᠬᠦ ᠶᠢ ᠦᠨᠡᠨᠬᠦ ᠪᠠᠳᠤᠯᠠᠨ᠎ᠠ᠃
   ︽ᠪᠤᠤ ᠱᠢ ᠪᠠᠯᠭᠠᠰᠤᠨ ᠤ ᠭᠤᠤᠯ ᠪᠠᠭ᠎ᠠ ᠰᠤᠷᠭᠠᠭᠤᠯᠢ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠰᠤᠷᠭᠠᠭᠤᠯᠢ ᠶᠢᠨ ᠲᠡᠷᠭᠡᠨ ᠤ ᠦᠶᠯᠡᠴᠢᠯᠡᠭᠡ ᠥᠷᠨᠢᠭᠦᠯᠵᠦ᠂ ᠰᠤᠷᠤᠭᠴᠢᠳ ᠤᠨ ᠰᠤᠷᠭᠠᠭᠤᠯᠢ ᠳᠤ ᠣᠴᠢᠵᠤ ᠢᠷᠡᠬᠦ ᠵᠠᠮ ᠬᠠᠷᠢᠯᠴᠠᠭᠠᠨ ᠤ ᠬᠦᠴᠢᠷ ᠠᠰᠠᠭᠤᠳᠠᠯ ᠢ ᠰᠢᠶᠳᠪᠦᠷᠢᠯᠡᠭᠰᠡᠨ ᠢᠶᠠᠷ ᠪᠠᠷᠠᠬᠤ ᠥᠬᠡᠶ ᠬᠡᠷ ᠤᠨ ᠠᠬᠠᠮᠠᠳ ᠤᠨ ᠳᠠᠷᠤᠭᠠᠰᠤ ᠶᠢ ᠴᠤ ᠬᠥᠩᠭᠡᠷᠡᠭᠦᠯᠪᠡ ᠃ ᠪᠠᠰᠠ ᠰᠤᠷᠤᠭᠴᠢ ᠶᠢᠨ ᠬᠢᠴᠢᠶᠡᠯ ᠣᠷᠣᠬᠤ ᠨᠣᠷᠮ᠎ᠠ ᠪᠠ ᠰᠤᠷᠤᠯᠴᠠᠬᠤ ᠢᠳᠡᠪᠬᠢᠵᠢᠯ ᠢ ᠳᠡᠭᠡᠭᠰᠢᠯᠡᠭᠦᠯᠪᠡ᠃ ᠪᠢᠳᠡ ᠰᠤᠷᠭᠠᠭᠤᠯᠢ ᠶᠢᠨ ᠲᠡᠷᠭᠡᠨ ᠤ ᠦᠶᠯᠡᠴᠢᠯᠡᠭᠡᠨ ᠤ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠬᠡᠦᠬᠡᠳ ᠤᠨ ᠰᠤᠷᠤᠯᠴᠠᠯᠭ᠎ᠠ᠂ ᠦᠰᠦᠨ ᠪᠣᠶᠢᠵᠢᠯᠲᠠ ᠳᠤ ᠪᠠᠲᠤᠯᠠᠭ᠎ᠠ ᠬᠠᠩᠭᠠᠨ᠎ᠠ᠃︾ ᠭᠡᠵᠦ ᠪᠤᠤ ᠱᠢ ᠪᠠᠯᠭᠠᠰᠤᠨ ᠤ ᠭᠤᠣᠯ ᠪᠠᠭ᠎ᠠ ᠰᠤᠷᠭᠠᠭᠤᠯᠢ ᠶᠢᠨ ᠳᠡᠳ᠋ ᠵᠠᠬᠢᠷᠤᠯ ᠵᠤᠤ ᠴᠢᠤᠸᠠᠨ ᠬᠡᠯᠡᠪᠡ᠃    ᠲᠦᠴᠢᠦᠸᠠᠨ ᠰᠢᠶᠠᠨ ᠤ ᠰᠤᠷᠭᠠᠭᠤᠯᠢ ᠶᠢᠨ ᠲᠡᠷᠭᠡ ᠪᠠᠷ ᠬᠠᠮᠠᠭᠠᠯᠠᠨ ᠬᠦᠷᠭᠡᠬᠦ ᠦᠶᠯᠡᠴᠢᠯᠡᠭᠡ ᠶᠢ ᠬᠡᠷᠡᠭᠵᠢᠭᠦᠯᠦᠭᠰᠡᠨ ᠨᠢ ᠬᠡᠦᠬᠡᠳ ᠤᠳ ᠲᠤ ᠠᠮᠤᠷ ᠲᠦᠪᠰᠢᠨ᠂ ᠳᠥᠭᠦᠮ ᠳᠥᠲᠡ ᠬᠡᠷ ᠲᠡᠭᠡᠨ ᠬᠠᠷᠢᠬᠤ ᠵᠠᠮ ᠬᠠᠩᠭᠠᠭᠰᠠᠨ ᠢᠶᠠᠷ ᠪᠠᠷᠠᠬᠤ ᠥᠬᠡᠶ ᠨᠠᠩ ᠴᠤ ᠰᠤᠷᠤᠭᠴᠢᠳ ᠤᠨ ᠠᠮᠤᠷ ᠲᠦᠪᠰᠢᠨ ᠤ ᠲᠤᠬᠠᠶ ᠭᠦᠨ ᠵᠤᠵᠠᠭᠠᠨ ᠬᠠᠯᠠᠮᠵᠢᠯᠠᠯ ᠪᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠦᠭᠰᠡᠨ ᠪᠠᠶᠢᠨ᠎ᠠ᠃
   ︽ᠣᠳᠣᠬᠠᠨ ᠳᠤ ᠲᠦᠴᠢᠦᠸᠠᠨ ᠰᠢᠶᠠᠨ ᠳᠤ ᠨᠡᠶᠢᠲᠡ 60 ᠰᠤᠷᠭᠠᠭᠤᠯᠢ ᠶᠢᠨ ᠲᠡᠷᠭᠡ ᠠᠶᠠᠯᠠᠵᠤ᠂ 168 ᠵᠠᠮ ᠱᠤᠭᠤᠮ᠂ 386 ᠥᠷᠲᠡᠭᠡ ᠴᠡᠭ ᠢ ᠪᠠᠭᠲᠠᠭᠠᠵᠤ᠂ 9 ᠰᠢᠶᠠᠩ ᠪᠠᠯᠭᠠᠰᠤ᠂ 18 ᠰᠤᠷᠭᠠᠭᠤᠯᠢ ᠶᠢ ᠬᠠᠮᠤᠷᠴᠤ᠂ 3136 ᠰᠣᠷᠣᠭᠴᠢ ᠶᠢ ᠲᠤᠰᠴᠤ ᠬᠦᠷᠭᠡᠪᠡ᠃ ᠰᠤᠷᠤᠭᠴᠢ ᠵᠥᠭᠡᠭᠡᠪᠦᠷᠢᠯᠡᠬᠦ ᠲᠡᠷᠭᠡ ᠨᠢᠭᠡᠪᠦᠷᠢ ᠳᠤ ᠴᠥᠮ ᠴᠠᠭ ᠲᠤᠬᠠᠶ ᠳᠤᠨᠢ ᠸᠢᠳᠢᠤ᠋ ᠪᠠᠷ ᠬᠢᠨᠠᠨ ᠡᠵᠡᠮᠳᠡᠬᠦ ᠰᠢᠰᠲ᠋ᠧᠮ᠂ ᠪᠡᠶ᠎ᠡ ᠶᠢᠨ ᠬᠠᠯᠠᠭᠤᠨ ᠢ ᠬᠡᠮᠵᠢᠬᠦ ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠤᠨ ᠪᠠᠷᠠᠭ᠎ᠠ ᠲᠤᠬᠢᠷᠠᠭᠤᠯᠵᠠᠢ᠃ ᠬᠡᠳᠦᠨ ᠵᠢᠯ ᠤᠨ ᠦᠢᠯᠡᠳᠦᠯᠭᠡ ᠪᠠᠷ ᠳᠠᠮᠵᠢᠭᠠᠳ᠂ ᠪᠢᠳᠡ ᠨᠢᠭᠡᠨ ᠢᠵᠢ ᠰᠢᠨᠵᠢᠯᠡᠬᠦ ᠤᠬᠠᠭᠠᠨᠴᠢ᠂ ᠵᠢᠷᠤᠮᠵᠢᠭᠰᠠᠨ ᠰᠤᠷᠤᠭᠴᠢ ᠵᠥᠭᠡᠭᠡᠪᠦᠷᠢᠯᠡᠬᠦ ᠲᠡᠷᠭᠡ  ᠶᠢᠨ ᠠᠵᠢᠯᠯᠠᠭᠠᠨ ᠤ ᠰᠢᠰᠲ᠋ᠧᠮᠵᠢ ᠶᠢ ᠪᠣᠶ ᠪᠣᠯᠭᠠᠵᠤ᠂ ᠠᠵᠢᠯᠯᠠᠭᠠᠨ ᠤ ᠶᠠᠪᠤᠴᠠ ᠳᠠᠭᠠᠨ ᠰᠤᠷᠤᠭᠴᠢ ᠵᠥᠭᠡᠭᠡᠪᠦᠷᠢᠯᠡᠬᠦ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠪᠠᠶᠢᠩᠭᠤᠵᠢᠭᠤᠯᠬᠤ᠂ ᠤᠷᠲᠤ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢ ᠦᠨᠡᠨᠬᠦ ᠪᠡᠶᠡᠯᠡᠭᠦᠯᠵᠦ᠂ ᠰᠤᠷᠤᠭᠴᠢᠳ ᠤᠨ ᠲᠡᠷᠭᠡᠨ ᠳᠤ ᠰᠠᠭᠤᠬᠤ ᠳᠤ ᠨᠢᠭᠡᠨ ᠵᠤᠷᠪᠤᠰ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠬᠡᠷᠡᠮ ᠪᠠᠶᠢᠭᠤᠯᠵᠤ ᠥᠭᠭᠦᠭᠰᠡᠨ ᠪᠠᠶᠢᠨ᠎ᠠ᠃︾ ᠭᠡᠵᠦ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠤᠷᠭᠠᠭᠤᠯᠢ ᠶᠢᠨ ᠲᠡᠷᠭᠡᠨ ᠤ ᠠᠯᠪᠠᠨ ᠬᠡᠷ ᠤᠨ ᠬᠠᠷᠢᠭᠤᠴᠠᠯᠭᠠᠲᠠᠨ ᠸᠠᠩ ᠶᠠᠩ ᠬᠡᠯᠡᠵᠡᠶ᠃    ᠦᠳᠡᠰᠢ ᠶᠢᠨ ᠨᠠᠷᠠ ᠪᠠᠷᠠᠭᠤᠨᠰᠢ ᠲᠠᠰᠢᠵᠤ᠂ ᠰᠤᠷᠭᠠᠭᠤᠯᠢ ᠶᠢᠨ ᠲᠡᠷᠭᠡ ᠲᠣᠰᠬᠤᠨ ᠠᠴᠠ ᠰᠠᠯᠪᠠ᠃ ᠰᠤᠷᠭᠠᠭᠤᠯᠢ ᠶᠢᠨ ᠲᠡᠷᠭᠡ ᠨᠢ ᠬᠡᠦᠬᠡᠳ ᠤᠳ ᠤᠨ ᠰᠤᠷᠭᠠᠭᠤᠯᠢ ᠳᠤ ᠪᠠᠨ ᠪᠤᠴᠠᠬᠤ ᠵᠠᠮ ᠬᠠᠷᠢᠯᠴᠠᠭᠠᠨ ᠤ ᠪᠠᠭᠠᠵᠢ ᠪᠣᠯᠬᠤ ᠪᠠᠷ ᠪᠠᠷᠠᠬᠤ ᠦᠭᠡᠶ᠂ ᠬᠦᠰᠡᠯ ᠵᠡᠭᠦᠳᠦ ᠪᠣᠯᠤᠨ ᠪᠣᠳᠠᠲᠤ ᠠᠬᠤᠶ ᠶᠢ ᠬᠤᠯᠪᠣᠭᠰᠠᠨ ᠡᠯᠴᠢ ᠪᠣᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号