ᠲᠦᠴᠢᠦᠸᠠᠨ ᠰᠢᠶᠠᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠠᠷᠠᠳ ᠤᠨ ᠪᠠᠭᠠᠲᠤᠷᠴᠤᠳ ᠰᠠᠭᠰᠠᠳᠤ ᠴᠡᠴᠡᠭ ᠬᠦᠷᠭᠡᠬᠦ ᠶᠣᠰᠣᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/10/7
   ᠦᠷᠡᠭᠳᠡᠭᠰᠡᠨ ᠪᠠᠭᠠᠲᠤᠷᠴᠤᠳ ᠤᠨ ᠰᠢᠳᠤᠷᠭᠤ ᠰᠦᠨᠡᠰᠦ ᠥᠨᠢ ᠮᠥᠩᠬᠡ᠂ ᠪᠠᠭᠠᠲᠤᠷ ᠵᠣᠷᠢᠭ ᠥᠨᠢ ᠮᠥᠩᠬᠡ ᠣᠷᠣᠰᠢᠨ᠎ᠠ᠃ 9 ᠰᠠᠷ᠎ᠠ ᠶᠢᠨ 30 ᠤ ᠡᠳᠦᠷ᠂ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠲᠦᠴᠢᠦᠸᠠᠨ ᠰᠢᠶᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠠᠷᠠᠳ ᠤᠨ ᠪᠠᠭᠠᠲᠤᠷᠴᠤᠳ ᠲᠤ ᠰᠠᠭᠰᠠᠳᠤ ᠴᠡᠴᠡᠭ ᠬᠦᠷᠭᠡᠬᠦ ᠶᠣᠰᠣᠯᠠᠯ ᠶᠠᠪᠤᠭᠤᠯᠪᠠ᠃
   ᠵᠠᠩ ᠱᠤᠸᠠᠩ ᠴᠧᠩ ᠵᠡᠷᠭᠡ ᠰᠢᠶᠠᠨ ᠤ ᠤᠳᠤᠷᠢᠳᠤᠯᠭ᠎ᠠ ᠵᠢᠴᠢ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠪᠣᠯᠤᠨ ᠡᠯ᠎ᠡ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠲᠥᠯᠥᠭᠡᠯᠡᠭᠴᠢ ᠵᠡᠷᠭᠡ 200 ᠭᠠᠷᠤᠢ ᠬᠥᠮᠦᠨ ᠬᠠᠮᠲᠤ ᠪᠠᠷ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠳᠤ ᠰᠠᠭᠰᠠᠳᠤ ᠴᠡᠴᠡᠭ ᠬᠦᠷᠭᠡᠵᠦ᠂ ᠠᠷᠠᠳ ᠤᠨ ᠪᠠᠭᠠᠲᠤᠷᠴᠤᠳ ᠲᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠪᠣᠯᠤᠨ ᠭᠦᠨ ᠭᠠᠰᠢᠭᠤᠳᠠᠯ ᠳᠡᠪᠰᠢᠭᠦᠯᠪᠡ᠃ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠬᠥ᠋ ᠴᠦᠨ ᠯᠢᠨ ᠶᠣᠰᠣᠯᠠᠯ ᠢ ᠡᠷᠭᠢᠯᠡᠪᠡ᠃
   ᠨᠠᠮᠤᠷ ᠤᠨ ᠥᠷᠯᠥᠭᠡ᠂ ᠨᠠᠷᠠᠰᠤ ᠮᠠᠶᠢᠯᠠᠰᠤ ᠪᠠᠷ ᠬᠤᠴᠢᠭᠳᠠᠭᠰᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠰᠡᠬᠦᠶᠢᠨ ᠰᠦᠨᠳᠡᠷᠯᠡᠨ᠎ᠡ᠃ 9 ᠴᠠᠭ ᠲᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠠᠷᠠᠳ ᠤᠨ ᠪᠠᠭᠠᠲᠤᠷᠴᠤᠳ ᠲᠤ ᠰᠠᠭᠰᠠᠳᠤ ᠴᠡᠴᠡᠭ ᠬᠦᠷᠭᠡᠬᠦ ᠶᠣᠰᠣᠯᠠᠯ ᠵᠢᠩᠬᠢᠨᠢ ᠪᠠᠷ ᠡᠬᠢᠯᠡᠪᠡ᠃ ᠲᠠᠯᠠᠪᠠᠢ ᠳᠠᠶᠠᠭᠠᠷ ᠢᠶᠠᠨ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃ ᠤᠯᠤᠰ ᠤᠨ ᠰᠦᠯᠳᠡ ᠳᠠᠭᠤᠤ ᠶᠢ ᠳᠠᠭᠤᠯᠠᠵᠤ ᠪᠠᠷᠠᠭᠰᠠᠨ  ᠤ ᠲᠠᠷᠠᠭ᠎ᠠ᠂ ᠲᠠᠯᠠᠪᠠᠢ ᠳᠠᠶᠠᠭᠠᠷ ᠢᠶᠠᠨ ᠲᠥᠪ ᠵᠣᠭᠰᠣᠵᠤ᠂ ᠳᠤᠮᠳᠠᠳᠤ ᠤᠯᠤᠰ ᠤᠨ ᠠᠷᠠᠳ ᠲᠦᠮᠡᠨ ᠤ ᠴᠢᠯᠥᠭᠡᠯᠡᠯᠲᠡ ᠶᠢᠨ ᠦᠢᠯᠡᠰ ᠪᠣᠯᠤᠨ ᠪᠦᠬᠦᠳᠠ ᠨᠠᠶᠢᠷᠠᠮᠳᠠᠬᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠦᠢᠯᠡᠰ  ᠤᠨ ᠲᠥᠯᠥᠭᠡ ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ ᠪᠠᠭᠠᠲᠤᠷᠴᠤᠳ ᠢ ᠨᠠᠮᠠᠨᠴᠢᠯᠠᠨ ᠭᠠᠰᠢᠭᠤᠳᠠᠪᠠ᠃    ᠨᠠᠮᠠᠨᠴᠢᠯᠠᠨ ᠭᠠᠰᠢᠭᠤᠳᠠᠵᠤ ᠪᠠᠷᠠᠭᠰᠠᠨ ᠤ ᠳᠠᠷᠠᠭ᠎ᠠ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ︽ᠪᠢᠳᠡ ᠪᠣᠯ ᠡᠪ ᠬᠠᠮᠲᠤ ᠶᠣᠰᠣᠨ ᠤ ᠵᠠᠯᠭᠠᠮᠵᠢᠯᠠᠭᠴᠢ ᠮᠥᠨ︾ ᠭᠡᠬᠦ ᠳᠠᠭᠤᠤ ᠶᠢ ᠬᠠᠩᠭᠢᠨᠠᠲᠠᠯ᠎ᠠ ᠳᠠᠭᠤᠯᠠᠪᠠ᠃
   ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢᠨ ᠡᠮᠦᠨ᠎ᠡ᠂ ᠰᠢᠶᠠᠨ ᠤ ᠨᠠᠮ  ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠵᠢᠴᠢ ᠡᠯ᠎ᠡ ᠦᠨᠳᠦᠰᠦᠲᠡᠨ ᠡᠯ᠎ᠡ ᠡᠲᠡᠭᠡᠳ ᠤᠨ ᠲᠥᠯᠥᠭᠡᠯᠡᠭᠴᠢᠳ ᠤᠨ ᠬᠦᠷᠭᠡᠭᠰᠡᠨ ᠰᠠᠭᠰᠠᠳᠤ ᠴᠡᠴᠡᠭ  ᠶᠢ ᠲᠡᠷᠢ ᠲᠡᠭᠰᠢ ᠵᠢᠭᠰᠠᠭᠠᠵᠤ᠂ ᠲᠥᠪ ᠬᠢᠴᠢᠶᠡᠩᠭᠦᠢ ᠪᠠᠶᠢᠯ᠎ᠠ᠃    ︽ᠴᠡᠴᠡᠭ ᠬᠦᠷᠭᠡᠬᠦ ᠠᠶᠠᠰ︾ ᠤᠨ ᠳᠤᠮᠳᠠ᠂ ᠶᠣᠰᠣᠯᠠᠯ ᠤᠨ ᠰᠠᠭᠰᠠᠳᠤ ᠴᠡᠴᠡᠭ ᠰᠠᠭᠰᠤ ᠶᠢ ᠡᠷᠭᠦᠵᠦ᠂ ᠳᠤᠷᠠᠰᠬᠠᠯ ᠤᠨ ᠬᠥᠰᠢᠶ᠎ᠡ ᠵᠦᠭ ᠠᠯᠭᠤᠷᠬᠠᠨ ᠠᠯᠬᠤᠵᠤ᠂ ᠰᠠᠭᠰᠠᠳᠤ ᠴᠡᠴᠡᠭ ᠶᠢ ᠬᠥᠰᠢᠶᠡᠨ ᠤ ᠳᠣᠣᠷ᠎ᠠ ᠲᠠᠯᠪᠢᠪᠠ᠃ ᠰᠠᠭᠰᠠᠳᠤ ᠴᠡᠴᠡᠭ ᠬᠦᠷᠭᠡᠬᠦ ᠶᠣᠰᠣᠯᠠᠯ ᠳᠤ ᠣᠷᠣᠯᠴᠠᠭᠰᠠᠨ ᠬᠥᠮᠦᠰ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠲᠤ ᠮᠡᠬᠦᠶᠢᠨ ᠶᠣᠰᠣᠯᠠᠵᠤ᠂ ᠠᠯᠭᠤᠷᠬᠠᠨ ᠠᠯᠬᠤᠯᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ  ᠤᠨ ᠳᠤᠷᠠᠰᠬᠠᠯ ᠤᠨ ᠬᠥᠰᠢᠶ᠎ᠡ ᠶᠢ ᠪᠠᠷᠠᠳᠠᠵᠤ᠂ ᠦᠷᠡᠭᠳᠡᠭᠰᠡᠨ ᠪᠠᠭᠠᠲᠤᠷᠴᠤᠳ ᠢ ᠬᠢᠵᠠᠭᠠᠯᠠᠰᠢ ᠦᠭᠡᠢ ᠳᠤᠷᠠᠰᠤᠨ ᠰᠠᠨᠠᠭᠠᠯᠵᠠᠵᠤ ᠪᠠᠶᠢᠬᠤ ᠪᠠᠨ ᠢᠯᠡᠳᠬᠡᠪᠡ᠃    ︽ᠡᠨᠡ ᠡᠳᠦᠷ ᠪᠣᠯ ᠠᠷᠪᠠᠨ ᠨᠢᠭᠡᠳᠦᠭᠡᠷ ᠬᠤᠭᠤᠴᠠᠭᠠᠨ ᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠪᠣᠯᠤᠨ᠎ᠠ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠡᠬᠡ ᠤᠯᠤᠰ ᠤᠨ ᠢᠶᠠᠨ ᠲᠥᠯᠥᠭᠡ ᠠᠷᠢᠭᠤᠨ ᠴᠢᠰᠤ ᠪᠠ ᠠᠮᠢ ᠨᠠᠰᠤ ᠪᠠᠨ ᠵᠤᠷᠢᠭᠤᠯᠤᠭᠰᠠᠨ ᠠᠴᠠ ᠤᠳᠤ ᠶᠢᠨ ᠵᠣᠯ ᠵᠢᠷᠭᠠᠯᠲᠤ ᠠᠮᠢᠳᠤᠷᠠᠯ ᠪᠠᠶᠢᠵᠤ ᠴᠢᠳᠠᠨ᠎ᠠ᠂ ᠪᠢᠳᠡ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠬᠤᠪᠢᠰᠬᠠᠯ ᠤᠨ ᠠᠬᠠᠮᠠᠳ ᠨᠢᠭᠡ ᠦᠶ᠎ᠡ  ᠶᠢᠨ ᠬᠢᠨ ᠤ ᠵᠣᠷᠢᠭ ᠰᠠᠨᠠᠭ᠎ᠠ ᠶᠢ ᠰᠤᠷᠤᠯᠴᠠᠨ ᠪᠠᠳᠠᠷᠠᠭᠤᠯᠵᠤ᠂ ᠬᠤᠶᠢᠰᠢᠳᠠ ᠶᠢᠨ ᠠᠵᠢᠯ ᠳᠠᠭᠠᠨ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠠᠷᠠᠳ ᠲᠦᠮᠡᠨ ᠳᠤ ᠦᠢᠯᠡᠴᠢᠯᠡᠬᠦ ᠶᠢ ᠪᠡᠶᠡᠯᠡᠭᠦᠯᠬᠦ ᠬᠡᠷᠡᠭᠲᠡᠢ᠃︾ ᠭᠡᠵᠦ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠬᠠᠷᠢᠭᠤᠴᠠᠯᠭᠠᠲᠠᠨ ᠨᠢᠦ ᠵᠤᠸᠠᠩ ᠬᠡᠯᠡᠪᠡ᠃    ︽ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ᠂ ᠪᠢᠳᠡ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠵᠣᠷᠢᠭᠲᠠᠢ ᠪᠠᠷ ᠠᠮᠢ ᠪᠡᠶ᠎ᠡ ᠪᠠᠨ ᠵᠣᠷᠢᠭᠤᠯᠬᠤ ᠬᠤᠪᠢᠰᠬᠠᠯ ᠤᠨ ᠵᠣᠷᠢᠭ ᠰᠠᠨᠠᠭ᠎ᠠ ᠪᠠᠷ ᠲᠡᠮᠡᠴᠡᠯ  ᠤᠨ ᠵᠣᠷᠢᠭ ᠢᠶᠠᠨ ᠬᠥᠪᠴᠢᠯᠡᠵᠦ᠂ ᠲᠡᠳᠡᠨ ᠤ ᠬᠥᠭᠡᠭᠡᠴᠡᠯᠳᠦᠬᠦ ᠦᠭᠡᠢ᠂ ᠨᠢᠭᠡ ᠰᠡᠳᠬᠢᠯ ᠢᠶᠠᠷ ᠠᠷᠠᠳ ᠤᠨ ᠲᠥᠯᠥᠭᠡ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠪᠠᠷ ᠡᠷᠴᠢ ᠵᠣᠷᠢᠭ ᠢᠶᠠᠨ ᠳᠠᠪᠲᠠᠨ ᠪᠣᠯᠪᠠᠰᠤᠷᠠᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠭᠠᠯ ᠤᠨᠲᠠᠷᠠᠭᠠᠬᠤ ᠬᠦᠴᠦᠨ ᠴᠢᠳᠠᠯ ᠢᠶᠠᠨ ᠡᠷᠭᠦᠨ᠎ᠡ᠃︾ ᠭᠡᠵᠦ ᠲᠦᠴᠢᠦᠸᠠᠨ ᠰᠢᠶᠠᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠲᠤᠸᠠᠨ ᠵᠢᠶᠧ ᠵᠠᠮ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡᠨ ᠤ ᠳᠡᠳ᠋ ᠳᠠᠷᠤᠭ᠎ᠠ ᠵᠠᠢ ᠬᠤᠩ ᠯᠢᠶᠠᠩ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号