ᠲᠦᠴᠢᠦᠸᠠᠨ ᠰᠢᠶᠠᠨ ᠤ ᠱᠤ᠋ ᠭᠤᠸᠠᠩ ᠠᠰᠠᠷ ᠨᠢ ᠲᠦᠴᠢᠦᠸᠠᠨ ᠰᠢᠶᠠᠨ ᠤ ᠪᠡᠯᠭᠡ ᠲᠡᠮᠳᠡᠭ ᠤᠨ ᠴᠢᠨᠠᠷᠲᠠᠢ | ᠪᠠᠷᠢᠯᠭ᠎ᠠ ᠶᠢᠨ ᠨᠢᠭᠡ ᠪᠣᠯᠤᠭᠰᠠᠨ ᠤ ᠬᠤᠪᠢ ᠳᠤ᠂ ᠡᠯᠪᠡᠭ ᠪᠠᠶᠠᠯᠢᠭ ᠲᠡᠦᠬᠡ ᠰᠣᠶᠣᠯ ᠤᠨ ᠠᠭᠤᠯᠤᠭᠳᠠᠬᠤᠨ ᠲᠠᠢ | ᠪᠥᠭᠡᠳ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠰᠡᠳᠬᠢᠯ ᠳᠠᠬᠢ ᠣᠮᠣᠭᠰᠢᠯ ᠪᠣᠯᠤᠨ᠎ᠠ᠃ ᠠᠷᠪᠠᠨ ᠰᠠᠷ᠎ᠠ | ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ᠂ ᠪᠦᠬᠦᠶᠢᠯᠡ ᠱᠤ᠋ ᠭᠤᠸᠠᠩ ᠠᠰᠠᠷ ᠤᠨ ᠲᠣᠭᠤᠷᠢᠭ ᠲᠤ ᠪᠠᠶᠠᠷ | ᠤᠨ ᠡᠳᠦᠷ ᠤᠨ ᠪᠠᠶᠠᠷ ᠪᠠᠶᠠᠰᠤᠯ ᠢᠶᠠᠷ ᠪᠢᠯᠬᠠᠵᠤ᠂ ᠡᠷᠬᠢᠨ ᠲᠣᠭᠤᠷᠢᠨ ᠤ ᠰᠠᠭᠤᠭᠠᠯᠢ ᠠᠷᠠᠳ᠂ ᠵᠤᠭᠠᠴᠠᠭᠰᠠᠳ ᠤᠨ | ᠤᠴᠢᠬᠤ ᠰᠠᠶᠢᠨ ᠭᠠᠵᠠᠷ ᠪᠣᠯᠵᠠᠢ᠃ | | ᠲᠦᠴᠢᠦᠸᠠᠨ ᠰᠢᠶᠠᠨ ᠤ ᠱᠤ᠋ ᠭᠤᠸᠠᠩ ᠬᠦᠷᠢᠶᠡᠯᠡᠩ ᠤᠨ ᠱᠤ᠋ ᠭᠤᠸᠠᠩ ᠠᠰᠠᠷ ᠤᠨ ᠡᠮᠦᠨᠡᠬᠢ ᠠᠭᠤᠳᠠᠮ | ᠲᠠᠯᠠᠪᠠᠢ ᠳᠤ᠂ ᠲᠠᠪᠤᠨ ᠣᠳᠣᠲᠤ ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠵᠤ᠂ ᠬᠥᠮᠦᠰ ᠤᠨ ᠬᠠᠮᠲᠤ ᠶᠢᠨ | ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠬᠦ ᠠᠷᠤ ᠦᠵᠡᠭᠳᠡᠯ ᠪᠣᠯᠵᠠᠢ᠃ ᠰᠠᠭᠤᠭᠠᠯᠢ ᠠᠷᠠᠳ ᠬᠤᠶᠢᠨ᠎ᠠ | ᠬᠤᠶᠢᠨ᠎ᠠ ᠠᠴᠠ ᠪᠠᠨ ᠤᠯᠤᠰ ᠤᠨ ᠲᠤᠭ ᠲᠠᠢ ᠬᠠᠮᠲᠤ ᠵᠢᠷᠤᠭ ᠠᠪᠴᠤ᠂ ᠡᠨᠡ ᠬᠦ ᠣᠨᠴᠠᠭᠠᠶ ᠴᠠᠭ ᠮᠥᠴᠡ ᠶᠢ | ᠲᠡᠮᠳᠡᠭᠯᠡᠵᠦ᠂ ᠮᠥᠨ ᠴᠦ ᠠᠷᠪᠠᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠲᠤᠬᠠᠶ ᠶᠢᠨ ᠭᠠᠵᠠᠷ ᠤᠨ ᠰᠠᠭᠤᠭᠠᠯᠢ | ᠠᠷᠠᠳ ᠪᠠ ᠵᠢᠭᠤᠯᠴᠢᠯᠠᠭᠴᠢᠳ ᠤᠨ ᠠᠩᠬᠠᠷᠤᠯ ᠤᠨ ᠭᠠᠵᠠᠷ ᠪᠣᠯᠤᠭᠰᠠᠨ ᠪᠠᠶᠢᠨ᠎ᠠ᠃ | ︽ᠠᠷᠪᠠᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ ᠭᠡᠷ ᠤᠨ ᠬᠥᠮᠦᠰ ᠲᠠᠢ ᠪᠠᠨ ᠥᠪᠡᠰᠦᠪᠡᠨ | ᠲᠡᠷᠭᠡ ᠵᠢᠯᠣᠭᠤᠳᠴᠤ ᠵᠤᠭᠠᠴᠠᠨ ᠱᠤ᠋ ᠭᠤᠸᠠᠩ ᠬᠦᠷᠢᠶᠡᠯᠡᠩ ᠲᠣᠭᠤᠷᠢᠭ ᠢᠶᠠᠷ ᠵᠤᠭᠠᠴᠠᠨ ᠲᠣᠭᠤᠷᠢᠵᠤ᠂ ᠠᠳᠡᠬᠢ | ᠠᠭᠤᠷ ᠠᠮᠢᠰᠬᠤᠯ ᠲᠤᠩ ᠰᠠᠶᠢᠨ ᠰᠠᠨᠠᠭᠳᠠᠵᠤ᠂ ᠪᠠᠰᠠ ᠤᠯᠤᠰ ᠠᠴᠠ ᠲᠤᠭ ᠲᠠᠢ ᠬᠠᠮᠲᠤ ᠰᠡᠭᠦᠳᠡᠷ ᠲᠠᠲᠠᠵᠠᠢ᠃ | ᠰᠡᠳᠬᠢᠯ ᠰᠠᠨᠠᠭ᠎ᠠ ᠮᠠᠰᠢ ᠲᠠᠭᠠᠯᠠᠮᠵᠢᠲᠠᠶ᠂ ᠨᠠᠮᠤᠷ ᠤᠨ ᠠᠭᠤᠷ ᠠᠮᠢᠰᠬᠤᠯ ᠲᠤᠩᠭᠠᠯᠠᠭ᠂ ᠲᠩᠷᠢ ᠥᠨᠳᠥᠷ ᠡᠭᠦᠯᠡ | ᠨᠢᠮᠭᠡᠨ᠂ ᠲᠦᠴᠢᠦᠸᠠᠨ ᠤ ᠡᠷᠭᠢᠨ ᠲᠣᠭᠤᠷᠢᠨ ᠤ ᠭᠡᠷ ᠤᠨ ᠬᠥᠮᠦᠰ ᠵᠠᠪᠰᠢᠶᠠᠨ ᠲᠠᠢ ᠪᠣᠯ ᠪᠦᠷ ᠱᠤ᠋ ᠭᠤᠸᠠᠩ | ᠬᠦᠷᠢᠶᠡᠯᠡᠩ ᠲᠣᠭᠤᠷᠢᠭ ᠢᠶᠠᠷ ᠵᠤᠭᠠᠴᠠᠬᠤ ᠶᠢ ᠬᠦᠰᠡᠵᠦ ᠪᠠᠶᠢᠨ᠎ᠠ᠃︾ ᠭᠡᠵᠦ ᠰᠠᠭᠤᠭᠠᠯᠢ ᠠᠷᠠᠳ ᠰᠦᠨ ᠵᠢᠶᠠᠨ | ᠬᠡᠯᠡᠪᠡ᠃ | | ᠱᠤ᠋ ᠭᠤᠸᠠᠩ ᠠᠰᠠᠷ ᠢ ᠲᠣᠭᠤᠷᠢᠨ ᠦᠵᠡᠬᠦ ᠶᠠᠪᠤᠴᠠ ᠳᠤ᠂ ᠰᠠᠭᠤᠭᠠᠯᠢ ᠠᠷᠠᠳ ᠪᠣᠯᠤᠨ ᠵᠤᠭᠠᠴᠠᠭᠰᠠᠳ | ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠭᠠᠷ ᠤᠲᠠᠰᠤ ᠪᠠᠷ ᠦᠵᠡᠰᠬᠦᠯᠡᠩᠲᠦ ᠰᠠᠶᠢᠬᠠᠨ ᠴᠠᠭ ᠮᠦᠴᠡ ᠶᠢ | ᠲᠡᠮᠳᠡᠭᠯᠡᠬᠦ ᠶᠢᠨ ᠬᠠᠮᠲᠤ ᠪᠠᠰᠠ ᠲᠡᠳᠡᠨ ᠤ ᠱᠤ᠋ ᠭᠤᠸᠠᠩ ᠠᠰᠠᠷ ᠲᠠᠬᠢ ᠭᠦᠨ ᠵᠤᠵᠠᠭᠠᠨ ᠬᠠᠶᠢᠷ᠎ᠠ ᠰᠡᠳᠬᠢᠯᠭᠡ | ᠪᠣᠯᠤᠨ ᠨᠤᠲᠤᠭ ᠤᠰᠤᠨ ᠳᠠᠬᠢ ᠬᠠᠶᠢᠷ᠎ᠠ ᠰᠡᠳᠬᠢᠯᠭᠡ ᠪᠠᠨ ᠬᠤᠪᠢᠶᠠᠯᠴᠠᠵᠤ᠂ ᠨᠡᠩ ᠴᠤ ᠡᠬᠡ ᠤᠯᠤᠰ ᠤᠨ ᠢᠶᠠᠨ | ᠲᠤᠬᠠᠢ ᠬᠠᠶᠢᠷ᠎ᠠ ᠰᠡᠳᠬᠢᠯᠭᠡ ᠪᠣᠯᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠨ | ᠢᠯᠡᠳᠬᠡᠪᠡ᠃ | ︽ᠪᠢᠳᠡ ᠡᠮᠦᠨ᠎ᠡ ᠨᠢ ᠱᠤ᠋ ᠭᠤᠸᠠᠩ ᠠᠰᠠᠷ ᠲᠤ ᠢᠷᠡᠵᠦ ᠥᠩᠭᠡᠷᠡᠭᠰᠡᠨ ᠦᠭᠡᠢ᠂ ᠠᠷᠪᠠᠨ ᠰᠠᠷ᠎ᠠ ᠶᠢᠨ | ᠨᠢᠭᠡᠨ ᠤ ᠠᠮᠠᠷᠠᠯᠲᠠ ᠶᠢᠨ ᠬᠤᠭᠤᠴᠠᠭ᠎ᠠ ᠶᠢ ᠠᠮᠵᠢᠨ᠂ ᠠᠭᠤᠷ ᠠᠮᠢᠰᠬᠤᠯ ᠪᠠᠰᠠ ᠰᠠᠶᠢᠨ᠂ ᠳᠠᠷᠤᠢ ᠬᠡᠦᠬᠡᠨ ᠢᠶᠠᠨ | ᠳᠠᠭᠠᠭᠤᠯᠵᠤ ᠢᠷᠡᠵᠡᠢ᠃ ᠡᠳᠡᠭᠡᠷ ᠪᠠᠷᠢᠯᠭ᠎ᠠ ᠨᠢ ᠮᠠᠰᠢ ᠣᠨᠴᠠᠯᠢᠭ ᠲᠠᠢ᠂ ᠬᠡᠦᠬᠡᠳ ᠲᠤ ᠮᠠᠨ ᠤ ᠨᠤᠲᠤᠭ ᠤᠨ | ᠡᠳᠡᠭᠡᠷ ᠪᠠᠷᠢᠯᠭ᠎ᠠ ᠪᠠ ᠦᠢᠯᠡ ᠶᠠᠪᠤᠳᠠᠯ ᠢ ᠲᠠᠨᠢᠯᠴᠠᠭᠤᠯᠬᠤ ᠨᠢ ᠪᠦᠷ ᠮᠠᠰᠢ ᠰᠠᠶᠢᠨ ᠰᠤᠷᠭᠠᠨ ᠬᠥᠮᠦᠵᠢᠯ ᠪᠤᠯᠤᠨ᠎ᠠ᠃ | ︾ ᠭᠡᠵᠦ ᠰᠠᠭᠤᠭᠠᠯᠢ ᠠᠷᠠᠳ ᠬᠠᠨ ᠳ᠋ᠦᠩ ᠮᠧᠢ ᠬᠡᠯᠡᠪᠡ᠃ | ᠱᠤ᠋ ᠭᠤᠸᠠᠩ ᠬᠦᠷᠢᠶᠡᠯᠡᠩ ᠲᠣᠭᠤᠷᠢᠭ ᠤᠨ ᠵᠤᠭᠠᠴᠠᠭᠰᠠᠳ ᠤᠨ ᠦᠢᠯᠡᠴᠢᠯᠡᠭᠡᠨ ᠤ ᠲᠥᠪ ᠨᠢ ᠪᠠᠶᠠᠷ ᠤᠨ | ᠡᠳᠦᠷ ᠤᠨ ᠠᠭᠤᠷ ᠠᠮᠢᠰᠬᠤᠯ ᠢ ᠢᠳᠡᠪᠬᠢᠲᠡᠢ ᠴᠤᠤᠷᠢᠶᠠᠲᠤᠨ ᠲᠠᠭᠠᠬᠤ ᠶᠢᠨ ᠲᠥᠯᠥᠭᠡ᠂ ᠪᠠᠰᠠ ᠠᠯᠢ ᠤᠯᠠᠨ | ᠤᠨᠴᠠᠯᠢᠬᠳᠤ ᠦᠢᠯᠡᠴᠢᠯᠡᠭᠡ ᠬᠠᠩᠭᠠᠵᠤ᠂ ᠵᠤᠭᠠᠴᠠᠭᠰᠠᠳ ᠪᠠ ᠰᠠᠭᠤᠭᠠᠯᠢ ᠠᠷᠠᠳ ᠤᠨ ᠵᠤᠭᠠᠴᠠᠨ ᠲᠣᠭᠤᠷᠢᠬᠤ | ᠪᠡᠶᠡᠴᠢ ᠣᠶᠢᠯᠠᠭᠠᠯᠲᠠ ᠶᠢ ᠪᠠᠲᠤᠯᠠᠪᠠ᠃ | | |