ᠢᠦᠢ ᠵᠢᠢ ᠱᠦᠨ ᠲᠦᠴᠢᠦᠸᠠᠨ ᠰᠢᠶᠠᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/10/9
   9 ᠰᠠᠷ᠎ᠠ ᠶᠢᠨ 24 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠲᠦᠴᠢᠦᠸᠠᠨ ᠰᠢᠶᠠᠨ ᠳᠤ ᠪᠠᠶᠢᠴᠠᠭᠠᠨ ᠰᠤᠳᠤᠯᠤᠯᠲᠠ ᠬᠢᠪᠠ᠃    ᠢᠦᠢ ᠵᠢᠢ ᠱᠦᠨ ᠤᠷᠢᠳ ᠬᠤᠵᠢᠳ ᠲᠦᠴᠢᠦᠸᠠᠨ ᠰᠢᠶᠠᠨ ᠤ ᠶᠦᠩ ᠠᠨ ᠪᠠᠯᠭᠠᠰᠤ ᠶᠢᠨ ᠬᠠᠷᠠᠴᠢᠨ ᠲᠣᠰᠬᠤᠨ ᠤ ︽ᠴᠠᠭ ᠠᠭᠤᠷ + ᠥᠨᠳᠥᠷ ᠪᠠᠷᠢᠮᠵᠢᠶ᠎ᠠ ᠲᠠᠢ ᠲᠠᠷᠢᠶᠠᠨ ᠭᠠᠵᠠᠷ ︾ ᠤᠨ ᠤᠰᠤ ᠠᠷᠪᠢᠯᠠᠬᠤ ᠤᠶᠤᠨᠲᠤ ᠤᠰᠤᠯᠠᠯᠲᠠ ᠶᠢᠨ ᠵᠢᠱᠢᠶ᠎ᠡ ᠦᠵᠡᠭᠦᠯᠬᠦ ᠲᠣᠭᠤᠷᠢᠭ᠂ ᠵᠢᠷᠭᠤᠭᠠᠨ ᠡᠷᠦᠬᠡ ᠶᠢᠨ ᠲᠠᠷᠢᠶᠠᠯᠠᠩ ᠤᠨ ᠣᠨᠴᠠ ᠭᠠᠷᠤᠯᠲᠠ ᠶᠢ ᠡᠳ᠋ᠰᠢᠭᠦᠯᠵᠦ ᠦᠢᠯᠡᠰ ᠪᠤᠰᠬᠠᠬᠤ ᠠᠵᠤ ᠦᠢᠯᠡᠰ ᠤᠨ ᠬᠦᠷᠢᠶᠡᠯᠡᠩ᠂ ᠵᠢᠶᠠ ᠯᠦᠩ ᠬᠠᠨ ᠴᠧᠨ ᠪᠠᠭ᠎ᠠ ᠲᠣᠭᠤᠷᠢᠭ ᠤᠨ ᠰᠢᠨ᠎ᠡ ᠪᠠᠷ ᠪᠠᠶᠢᠭᠤᠯᠤᠭᠰᠠᠨ ᠢᠯᠴᠢ ᠰᠣᠯᠢᠯᠴᠠᠬᠤ ᠦᠷᠳᠡᠭᠡ᠂ ᠲᠠᠢ ᠫᠢᠩ ᠰᠢᠶᠠᠩ ᠤᠨ ᠪᠣᠷᠣ ᠰᠠᠷᠢᠮᠰᠠᠭ ᠡᠳ᠋ᠰᠢᠭᠦᠯᠵᠦ ᠦᠢᠯᠡᠰ ᠪᠤᠰᠬᠠᠬᠤ ᠠᠵᠤ ᠦᠢᠯᠡᠰ ᠤᠨ ᠬᠦᠷᠢᠶᠡᠯᠡᠩ ᠵᠡᠷᠭᠡ ᠭᠠᠵᠠᠷ ᠲᠤ ᠬᠦᠷᠴᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠳᠤᠯᠠᠭᠠᠨ ᠪᠦᠯᠢᠶᠡᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠦᠷᠢᠶᠡᠯᠡᠩ ᠲᠣᠭᠤᠷᠢᠭ ᠤᠨ ᠠᠵᠢᠯᠯᠠᠭᠠᠨ᠂ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠢ ᠨᠠᠷᠢᠨ ᠤᠶᠢᠯᠠᠭᠠᠪᠠ᠃    ᠢᠦᠢ ᠵᠢᠢ ᠱᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠲᠠ ᠶᠢ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠮᠠᠰᠢᠨᠴᠢᠯᠠᠯᠲᠠ᠂ ᠤᠶᠤᠨᠴᠢᠯᠠᠯᠲᠠ ᠶᠢ ᠲᠦᠷᠭᠡᠳᠬᠡᠨ ᠠᠬᠢᠭᠤᠯᠵᠤ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠰᠠᠭᠤᠷᠢ ᠶᠢ ᠳᠠᠰᠤᠷᠠᠯᠳᠠ ᠦᠬᠡᠢ ᠪᠠᠬᠢᠵᠢᠭᠦᠯᠵᠦ᠂ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠬᠦᠷᠢᠶᠡᠯᠡᠩ ᠤᠨ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠨᠠᠷᠢᠯᠢᠭ ᠪᠣᠯᠪᠠᠰᠤᠷᠠᠭᠤᠯᠤᠯᠲᠠ ᠶᠢ ᠠᠬᠢᠭᠤᠯᠵᠤ᠂ ᠦᠢᠯᠡᠳᠬᠦᠨ ᠤ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠵᠤ᠂ ᠳᠡᠭᠡᠳᠦ ᠲᠤᠤᠷᠠᠳᠤ ᠤᠷᠤᠰᠬᠠᠯ ᠢ ᠥᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ︽ᠨᠤᠲᠤᠭ ᠤᠨ ᠣᠨᠴᠠ ᠭᠠᠷᠤᠯᠲᠠ ︾ ᠶᠢ ᠠᠷᠠᠳ ᠢ ᠪᠠᠶᠠᠵᠢᠭᠤᠯᠬᠤ ᠲᠤᠮᠤ ᠠᠵᠤ ᠦᠢᠯᠡᠰ ᠪᠣᠯᠭᠠᠬᠤ ᠬᠡᠷᠡᠭᠲᠡᠢ᠃ ᠢᠯᠴᠢ ᠶᠢᠨ ᠡᠬᠢ ᠰᠤᠷᠪᠤᠯᠵᠢ ᠶᠢᠨ ᠪᠠᠲᠤᠯᠠᠭ᠎ᠠ ᠶᠢᠨ ᠢᠨᠵᠧᠨᠧᠷᠢᠩ ᠪᠠ ᠢᠯᠴᠢ ᠶᠢᠨ ᠲᠣᠣᠷ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠪᠦᠯ ᠤᠨ ᠤᠯᠠᠷᠢᠯ ᠤᠨ ᠢᠯᠴᠢ ᠬᠠᠩᠭᠠᠬᠤ ᠵᠠᠩᠭᠢᠯᠠᠭ᠎ᠠ ᠶᠢᠨ ᠴᠡᠭ ᠢ ᠠᠩᠬᠠᠷᠴᠤ᠂ ᠡᠯ᠎ᠡ ᠵᠦᠢᠯ ᠤᠨ ᠪᠡᠯᠡᠳᠬᠡᠯ ᠠᠵᠢᠯ ᠢ ᠪᠣᠳᠠᠲᠠᠶᠢᠵᠢᠭᠤᠯᠤᠨ ᠨᠠᠷᠢᠯᠢᠭ ᠬᠢᠵᠦ᠂ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠪᠠ ᠦᠢᠯᠡᠴᠢᠯᠡᠭᠡᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号