ᠲᠦᠴᠢᠦᠸᠠᠨ ᠰᠢᠶᠠᠨ ᠤ ᠰᠥᠨᠢ ᠶᠢᠨ ᠵᠠᠬ᠎ᠠ ᠳᠡᠯᠭᠡᠭᠦᠷ ᠤᠨ ᠠᠵᠢᠯᠲᠠᠨ ᠡᠯᠰᠡᠬᠦ ᠴᠤᠭᠯᠠᠭᠠᠨ ᠬᠥᠭᠵᠢᠶᠡᠨᠲᠡᠶ ᠶᠠᠪᠤᠭᠳᠠᠵᠤ ᠠᠵᠢᠯ ᠣᠯᠭᠤᠯᠲᠠ ᠶᠢᠨ ᠰᠢᠨ᠎ᠡ ᠠᠷᠭ᠎ᠠ ᠵᠠᠮ ᠢ ᠭᠡᠷᠡᠯᠲᠦᠭᠦᠯᠪᠡ
ᠨᠡᠶᠢᠲᠡᠯᠡᠭᠰᠡᠨ ᠴᠠᠭ᠄
2024/10/9
   ᠠᠵᠢᠯ ᠣᠯᠭᠤᠯᠲᠠ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ ᠲᠦᠴᠢᠦᠸᠠᠨ ᠰᠢᠶᠠᠨ ᠤ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ ᠠᠵᠢᠯᠲᠠᠨ ᠡᠯᠰᠡᠬᠦ ᠬᠤᠷᠠᠯ ᠢ ᠡᠬᠢᠯᠡᠭᠦᠯᠵᠦ᠂ ᠰᠥᠨᠢ ᠶᠢᠨ ᠵᠠᠬ᠎ᠠ ᠳᠡᠯᠭᠡᠭᠦᠷ ᠳᠡᠭᠡᠷ᠎ᠡ ᠠᠵᠢᠯᠳᠠᠨ ᠡᠯᠰᠡᠬᠦ ᠴᠤᠭᠯᠠᠭᠠᠨ ᠬᠢᠵᠦ᠂ ᠡᠨᠡ ᠬᠦ ᠬᠥᠷ ᠬᠥᠭᠵᠢᠶᠡᠨ ᠢᠶᠠᠷ ᠪᠢᠯᠬᠠᠭᠰᠠᠨ ᠠᠬᠤᠶ ᠪᠠᠶᠢᠳᠠᠯ ᠳᠤ᠂ ᠠᠵᠢᠯ ᠡᠷᠢᠭᠰᠡᠳ ᠪᠤᠯᠤᠨ ᠠᠵᠤ ᠠᠬᠤᠶᠢᠯᠠᠯ ᠲᠠᠢ ᠠᠳᠠᠯᠢ ᠪᠤᠰᠤ ᠪᠠᠶᠢᠳᠠᠯ ᠢ ᠢᠯᠡᠷᠡᠭᠦᠯᠪᠡ᠃
   ᠲᠦᠴᠢᠦᠸᠠᠨ ᠰᠢᠶᠠᠨ ᠤ ᠠᠳᠠᠯ ᠦᠶᠯᠡᠰ ᠴᠣᠭᠴᠠᠯᠠᠵᠤ ᠠᠵᠢᠯ ᠣᠯᠭᠤᠬᠤ ᠵᠡᠭᠡᠯᠢ ᠶᠢᠨ ᠰᠥᠨᠢ ᠶᠢᠨ ᠵᠠᠬ᠎ᠠ ᠳᠤ ᠂ ᠬᠦᠮᠦᠰ ᠴᠤᠭᠯᠠᠷᠠᠨ ᠬᠥᠷ ᠬᠥᠭᠵᠢᠶᠡᠨ ᠲᠠᠢ ᠪᠠᠶᠢᠵᠦ᠂ ᠨᠢᠭᠡᠨᠲᠡ ᠠᠵᠢᠯ ᠠᠴᠠ ᠪᠠᠭᠤᠭᠰᠠᠨ ᠤ ᠳᠠᠷᠠᠭᠠᠬᠢ ᠰᠡᠯᠡᠭᠦᠴᠡᠬᠦ ᠴᠠᠭ ᠮᠦᠴᠡ ᠶᠢ ᠨᠡᠭᠡᠭᠡᠪᠡ᠃ ᠡᠨᠡ ᠨᠢᠭᠡ ᠡᠳᠦᠷ ᠤᠨ ᠰᠥᠨᠢ ᠶᠢᠨ ᠵᠠᠬ᠎ᠠ ᠳᠡᠯᠭᠡᠭᠦᠷ ᠳᠡᠭᠡᠷ᠎ᠡ ᠨᠢᠭᠡ ᠣᠨᠴᠠᠭᠠᠢ ︽ᠳᠡᠯᠭᠡᠴᠡ︾ ᠭᠠᠷᠴᠤ᠂ ᠬᠤᠪᠴᠠᠰᠤ ᠬᠤᠳᠠᠯᠳᠤᠬᠤ ᠦᠭᠡᠢ ᠪᠠᠰᠠ ᠢᠳᠡᠵᠦ ᠤᠤᠭᠤᠬᠤ ᠬᠤᠳᠠᠯᠳᠤᠬᠤ ᠦᠭᠡᠢ᠂ ᠠᠵᠢᠯᠳᠠᠨ ᠡᠯᠰᠡᠵᠦ ᠪᠠᠶᠢᠯ᠎ᠠ᠃ ᠰᠢᠷᠡᠭᠡ ᠰᠠᠨᠳᠠᠯᠢ ᠲᠠᠯᠪᠢᠵᠦ᠂ ᠲᠠᠨᠢᠯᠴᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠡᠯᠭᠦᠵᠦ᠂ ᠤᠬᠠᠭᠤᠯᠭ᠎ᠠ ᠶᠢᠨ ᠬᠠᠭᠤᠳᠠᠰᠤ ᠮᠡᠳᠡᠭᠡ ᠵᠠᠩᠭᠢ ᠪᠠᠨ ᠵᠢᠭᠰᠠᠭᠠᠵᠤ᠂ ᠲᠦᠴᠢᠦᠸᠠᠨ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠬᠢᠨ ︽ᠵᠠᠬ᠎ᠠ ᠨᠡᠭᠡᠭᠡᠵᠦ︾ ᠠᠵᠢᠯ ᠤᠨ ᠪᠠᠶᠢᠷᠢ  ᠪᠠᠨ ᠳᠡᠯᠭᠡᠵᠦ᠂ ᠰᠠᠭᠤᠭᠠᠯᠢ ᠠᠷᠠᠳ ︽ᠵᠡᠭᠡᠯᠢ ᠲᠣᠭᠤᠷᠢᠵᠤ︾ ᠠᠵᠢᠯ ᠡᠷᠢᠨ᠎ᠡ᠃    ︽ᠮᠠᠨ ᠤ ᠨᠤᠲᠤᠭ ᠤᠨ ᠣᠳᠣ ᠶᠢᠨ ᠬᠥᠭᠵᠢᠯᠲᠡ ᠦᠨᠡᠬᠡᠷ ᠤᠯᠠᠮ ᠠᠴᠠ ᠤᠯᠠᠮ ᠰᠠᠶᠢᠨ ᠪᠣᠯᠵᠤ ᠪᠠᠶᠢᠨ᠎ᠠ᠂ ᠪᠢ ᠶᠡᠭᠡ ᠰᠤᠷᠭᠠᠭᠤᠯᠢ ᠪᠠᠨ ᠲᠡᠭᠦᠰᠦᠭᠡᠳ ᠭᠡᠷ ᠲᠡᠭᠡᠨ ᠦᠯᠡᠳᠡᠵᠦ ᠲᠣᠬᠢᠷᠠᠮᠵᠢᠲᠠᠢ ᠠᠵᠢᠯ ᠣᠯᠤᠶ᠎ᠠ ᠭᠡᠵᠦ ᠪᠣᠳᠣᠵᠤ ᠪᠠᠶᠢᠨ᠎ᠠ᠂ ᠶᠠᠭ ᠣᠷᠣᠢ ᠬᠤᠭᠤᠯᠠ ᠢᠳᠡᠭᠰᠡᠨ ᠤ ᠳᠠᠷᠠᠭ᠎ᠠ ᠮᠠᠨ ᠤ ᠰᠥᠨᠢ ᠶᠢᠨ ᠵᠠᠬ᠎ᠠ ᠳᠡᠯᠭᠡᠭᠦᠷ ᠲᠤ ᠢᠷᠡᠵᠡᠢ᠂ ᠰᠤᠯᠠ ᠲᠣᠭᠤᠷᠢᠬᠤ ᠣᠶᠢᠶ᠎ᠠ ᠳᠤ ᠨᠢᠭᠡ ᠠᠵᠢᠯ ᠡᠯᠰᠡᠬᠦ ᠬᠤᠷᠠᠯ ᠪᠠᠶᠢᠬᠤ ᠶᠢ ᠣᠯᠵᠤ ᠮᠡᠳᠡᠵᠡᠢ᠂ ᠨᠢᠭᠡ ᠬᠤᠪᠢ ᠨᠠᠳᠠ ᠳᠤ ᠲᠤᠩ ᠲᠣᠬᠢᠷᠠᠬᠤ ᠨᠢᠭᠡ ᠬᠤᠪᠢ ᠵᠢᠷᠤᠭ ᠵᠠᠰᠠᠭᠴᠢ ᠶᠢᠨ ᠠᠵᠢᠯ ᠤᠯᠤᠭᠠᠳ ᠲᠤᠩ ᠪᠠᠶᠠᠷᠲᠠᠢ ᠨᠠᠶᠢᠷ ᠨᠠᠭᠠᠳᠤᠮ᠂ ᠠᠷᠪᠠᠨ ᠰᠠᠷ᠎ᠠ ᠶᠢᠨ ᠨᠢᠭᠡᠨ ᠠᠴᠠ ᠰᠡᠭᠦᠯᠡᠷ ᠳᠠᠷᠤᠢ ᠠᠵᠢᠯᠯᠠᠬᠤ ᠪᠠᠷ ᠣᠴᠢᠵᠤ ᠪᠣᠯᠤᠨ᠎ᠠ᠃︾ ᠭᠡᠵᠦ ᠰᠠᠭᠤᠭᠠᠯᠢ ᠠᠷᠠᠳ ᠯᠢᠦ ᠵᠢᠶᠠ ᠰᠢᠤᠸᠠᠨ ᠬᠡᠯᠡᠪᠡ᠃
   ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠨᠢ 19 ᠠᠵᠤ ᠠᠬᠤᠶᠢᠯᠠᠯ ᠳᠤ ᠬᠤᠯᠪᠣᠭᠳᠠᠵᠤ᠂ 268 ᠠᠵᠢᠯ ᠤᠨ ᠪᠠᠶᠢᠷᠢ ᠬᠠᠩᠭᠠᠵᠤ᠂ ᠵᠠᠰᠠᠭ ᠵᠠᠬᠢᠷᠭᠠᠨ ᠤ ᠪᠢᠴᠢᠭ ᠤᠨ ᠠᠵᠢᠯᠲᠠᠨ᠂ ᠡᠳ᠋ ᠤᠨ ᠶᠠᠪᠤᠳᠠᠯ ᠤᠨ ᠠᠵᠢᠯᠲᠠᠨ᠂ ᠡᠵᠡᠩᠨᠡᠨ ᠪᠣᠷᠣᠯᠠᠭᠤᠯᠬᠤ ᠲᠤᠰᠬᠠᠶ ᠠᠵᠢᠯᠲᠠᠨ᠂ ᠬᠠᠮᠢᠶᠠᠷᠤᠯᠲᠠ ᠶᠢᠨ ᠠᠵᠢᠯᠲᠠᠨ ᠵᠡᠷᠭᠡ 10 ᠭᠠᠷᠤᠶ ᠠᠵᠢᠯ ᠲᠥᠷᠥᠯ ᠢ ᠬᠠᠮᠤᠷᠴᠠᠶ᠃ ᠠᠵᠢᠯ ᠡᠷᠢᠭᠴᠢ ᠰᠥᠨᠢ ᠶᠢᠨ ᠵᠠᠬ᠎ᠠ ᠪᠠᠷ ᠲᠤᠭᠤᠷᠢᠬᠤ ᠶᠢᠨ ᠬᠠᠮᠲᠤ ᠪᠠᠰᠠ ᠰᠡᠳᠬᠢᠯ ᠤᠨ ᠠᠵᠢᠯ ᠢᠶᠠᠨ ᠣᠯᠵᠤ ᠳᠡᠢᠯᠦᠨ᠎ᠡ᠃    ᠣᠳᠣᠬᠠᠨ ᠪᠣᠯᠲᠠᠯ᠎ᠠ᠂ ᠲᠦᠴᠢᠦᠸᠠᠨ ᠰᠢᠶᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠬᠤᠷᠠᠯ ᠢ ᠨᠡᠶᠢᠲᠡ 177 ᠤᠳᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠲᠤᠭ᠎ᠠ 794 ᠪᠣᠯᠵᠣ᠂ 18600 ᠭᠠᠷᠤᠶ ᠠᠵᠢᠯ ᠤᠨ ᠪᠠᠶᠢᠷᠢ ᠬᠠᠩᠭᠠᠵᠤ᠂ ᠠᠵᠢᠯ ᠡᠷᠢᠬᠦ ᠰᠠᠨᠠᠮᠵᠢ ᠶᠢᠨ ᠬᠥᠮᠦᠨ ᠤ ᠲᠤᠭ᠎ᠠ 1308 ᠬᠥᠮᠦᠨ ᠤᠳᠠᠭ᠎ᠠ ᠳᠤ ᠬᠦᠷᠴᠦ᠂ 388 ᠬᠥᠮᠦᠨ ᠠᠮᠵᠢᠯᠲᠠ ᠲᠠᠢ ᠪᠠᠷ ᠠᠵᠢᠯ ᠳᠤ ᠣᠷᠣᠵᠠᠶ᠃ ᠴᠢᠳᠠᠪᠤᠷᠢᠲᠠᠨ ᠪᠠ ᠬᠥᠮᠦᠨ ᠬᠡᠷᠡᠭᠯᠡᠬᠦ ᠨᠢᠭᠡᠴᠢ ᠶᠢᠨ ᠬᠤᠭᠤᠷᠣᠨᠳᠣ ᠨᠠᠩ ᠣᠯᠠᠨ ᠬᠤᠤᠰ ᠴᠢᠭᠯᠡᠯᠲᠦ ᠰᠣᠩᠭᠤᠯᠲᠠ ᠬᠠᠩᠭᠠᠪᠠ᠃    ︽ᠲᠠᠷᠠᠭᠠᠴᠢ ᠶᠢᠨ ᠠᠯᠬᠤᠮ ᠳᠤ᠂ ᠲᠦᠴᠢᠦᠸᠠᠨ ᠰᠢᠶᠠᠨ ᠤ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠠᠵᠢᠯᠲᠠᠨ ᠡᠯᠰᠡᠬᠦ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠠᠵᠢᠯ ᠣᠯᠭᠤᠯᠲᠠ ᠶᠢᠨ ᠰᠢᠨ᠎ᠡ ᠠᠷᠭ᠎ᠠ ᠵᠠᠮ ᠢ ᠪᠠᠶᠠᠯᠢᠭᠵᠢᠭᠤᠯᠤᠨ᠂ ᠠᠵᠢᠯ ᠣᠯᠭᠤᠯᠲᠠ ᠶᠢ ᠬᠠᠪᠰᠤᠷᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠠᠵᠢᠯ ᠣᠯᠭᠤᠯᠲᠠ ᠶᠢᠨ ᠦᠶᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠦᠨ᠂ ᠠᠵᠢᠯᠴᠢᠨ ᠬᠡᠷᠡᠭᠯᠡᠬᠦ ᠪᠠ ᠠᠵᠢᠯ ᠡᠷᠢᠬᠦ ᠬᠡᠷᠡᠭᠴᠡᠭᠡ ᠶᠢ ᠣᠨᠣᠪᠴᠢᠲᠠᠶ ᠡᠵᠡᠮᠰᠢᠵᠦ᠂ ᠶᠡᠷᠦᠩᠬᠡᠶᠢᠯᠡᠭᠰᠡᠨ ᠠᠵᠢᠯᠲᠠᠨ ᠡᠯᠰᠡᠬᠦ ᠪᠠ ᠲᠤᠰᠬᠠᠶ ᠵᠦᠶᠯ ᠢᠶᠠᠷ ᠠᠵᠢᠯᠲᠠᠨ ᠡᠯᠰᠡᠬᠦ ᠶᠢ ᠤᠶᠠᠯᠳᠤᠭᠤᠯᠬᠤ᠂ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠪᠠ ᠰᠦᠯᠵᠢᠶᠡᠨ ᠭᠠᠳᠠᠨ᠎ᠠ ᠠᠵᠢᠯᠲᠠᠨ ᠡᠯᠰᠡᠬᠦ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠬᠡᠷᠡᠭᠴᠡᠭᠡ ᠶᠢ ᠨᠠᠷᠢᠯᠢᠭ ᠣᠨᠣᠴᠠᠲᠠᠶ ᠪᠠᠷ ᠵᠣᠯᠭᠠᠯᠳᠤᠭᠤᠯᠤᠨ᠂ ᠣᠯᠠᠨ ᠶᠠᠩᠵᠤ ᠶᠢᠨ ᠠᠵᠢᠯ ᠡᠷᠢᠬᠦ ᠬᠡᠷᠡᠭᠴᠡᠭᠡ ᠶᠢ ᠬᠠᠩᠭᠠᠬᠤ ᠪᠣᠯᠤᠨ᠎ᠠ᠃︾ ᠭᠡᠵᠦ ᠲᠦᠴᠢᠦᠸᠠᠨ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠤᠨ ᠬᠤᠲᠠ ᠪᠠᠯᠭᠠᠰᠤᠨ ᠤ ᠠᠵᠢᠯ ᠣᠯᠭᠤᠯᠲᠠ ᠶᠢᠨ ᠦᠶᠯᠡᠴᠢᠯᠡᠭᠡᠨ ᠤ ᠲᠠᠰᠤᠭ ᠤᠨ ᠳᠠᠷᠤᠭ᠎ᠠ ᠯᠢ ᠱᠧᠩ ᠵᠢᠤᠢ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号