ᠲᠦᠴᠢᠦᠸᠠᠨ ᠰᠢᠶᠠᠨ ᠭᠠᠵᠠᠷ ᠰᠢᠷᠣᠶ ᠶᠢ ︽ᠶᠡᠭᠡ ᠪᠠᠷ ᠨᠠᠶᠢᠳᠠᠨ ᠬᠠᠮᠢᠶᠠᠷᠤᠭᠤᠯᠵᠤ︾ ᠣᠷᠣᠯᠭ᠎ᠠ ᠨᠡᠮᠡᠭᠳᠡᠭᠦᠯᠬᠦ ︽ᠰᠢᠨ᠎ᠡ ᠵᠠᠭᠪᠤᠷ︾ ᠢ ᠭᠠᠷᠭᠠᠪᠠ
ᠨᠡᠶᠢᠲᠡᠯᠡᠭᠰᠡᠨ ᠴᠠᠭ᠄
2024/11/13
   ᠣᠶᠢᠷ᠎ᠠ ᠶᠢᠨ ᠵᠢᠯ ᠤᠳ ᠲᠤ᠂ ᠲᠦᠴᠢᠦᠸᠠᠨ ᠰᠢᠶᠠᠨ ᠲᠠᠷᠢᠶᠠᠯᠠᠩ ᠤᠨ ᠦᠶᠯᠡᠳᠪᠦᠷᠢᠯᠡᠯ ᠤᠨ ︽ᠶᠡᠭᠡ ᠨᠠᠶᠢᠳᠠᠨ ᠬᠠᠮᠢᠶᠠᠷᠤᠯᠲᠠ︾ ᠶᠢᠨ ᠰᠢᠨ᠎ᠡ ᠵᠠᠭᠪᠤᠷ ᠢ ᠢᠳᠡᠪᠬᠢᠲᠡᠶ ᠰᠦᠪᠡᠭᠴᠢᠯᠡᠨ ᠣᠷᠣᠭᠤᠯᠵᠤ᠂ ᠬᠤᠷᠰᠢᠶ᠎ᠠ ᠪᠠᠷ ᠳᠠᠮᠵᠢᠭᠤᠯᠤᠨ ᠲᠠᠷᠢᠶᠠᠴᠢᠨ ᠡᠷᠦᠬᠡ ᠶᠢᠨ ᠲᠠᠷᠢᠶᠠᠨ ᠭᠠᠵᠠᠷ ᠢ ᠲᠥᠪᠯᠡᠷᠡᠭᠦᠯᠵᠦ᠂ ᠣᠳᠣᠬᠢᠴᠢᠯᠠᠭᠰᠠᠨ ᠮᠠᠰᠢᠨ ᠲᠥᠬᠦᠭᠡᠷᠦᠮᠵᠢ ᠶᠢᠨ ᠳᠠᠪᠠᠭᠤᠯᠢᠭ ᠢ ᠭᠦᠶᠴᠡᠳ ᠪᠠᠳᠠᠷᠠᠭᠤᠯᠤᠨ᠂ ᠲᠥᠪᠯᠡᠷᠡᠭᠦᠯᠦᠨ ᠳᠠᠷᠢᠬᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠨᠢᠭᠡᠳᠦᠯᠲᠡᠶ ᠡᠵᠡᠩᠨᠡᠬᠦ ᠪᠠᠷ ᠳᠠᠮᠵᠢᠭᠤᠯᠤᠨ᠂ ᠬᠡᠪᠴᠢᠶᠡᠵᠢᠭᠦᠯᠦᠨ ᠳᠠᠷᠢᠬᠤ ᠶᠢ ᠪᠡᠶᠡᠯᠡᠭᠦᠯᠵᠦ᠂ ᠥᠪᠡᠷ ᠤᠨ ᠥᠷᠲᠡᠭ  ᠢ ᠠᠷᠪᠢᠯᠠᠬᠤ ᠮᠥᠷᠲᠡᠭᠡᠨ ᠪᠠᠰᠠ ᠠᠮᠤ ᠪᠤᠳᠠᠭᠠᠨ ᠤ ᠤᠨᠠᠯᠲᠠ ᠶᠢ ᠳᠡᠭᠡᠭᠰᠢᠯᠡᠭᠦᠯᠦᠨ᠂ ᠲᠠᠷᠢᠶᠠᠴᠢᠳ ᠤᠨ ᠬᠤᠶᠠᠷ ᠭᠠᠷ ᠢ ᠴᠢᠯᠥᠭᠡᠯᠡᠵᠦ᠂ ᠲᠠᠷᠢᠶᠠᠴᠢᠳ ᠢ ︽ᠭᠠᠷ ᠰᠠᠵᠢᠬᠤ ᠵᠠᠩᠭᠤᠶᠢᠳᠠ︾ ᠪᠣᠯᠭᠠᠵᠠᠶ᠃
   11 ᠰᠠᠷ᠎ᠠ ᠳᠤ᠂ ᠲᠦᠴᠢᠦᠸᠠᠨ ᠰᠢᠶᠠᠨ ᠤ ᠨᠠᠮᠤᠷ ᠤᠨ ᠠᠮᠤ ᠪᠤᠳᠠᠭᠠᠨ ᠤ ᠬᠤᠷᠢᠶᠠᠯᠲᠠ ᠰᠢᠪᠲᠤᠷᠭᠠᠨ ᠳᠠᠭᠠᠨ ᠣᠷᠣᠵᠠᠢ᠂ ᠭᠡᠲᠡᠯ᠎ᠡ ᠰᠢᠤᠸᠠᠢ ᠲᠢᠶᠠᠨ ᠰᠢᠶᠠᠩ ᠤᠨ ᠯᠢ ᠮᠢᠨ ᠲᠣᠰᠬᠤᠨ ᠤ ᠯᠢᠦ ᠱᠤ᠋ ᠴᠢᠨ ᠡᠷ᠎ᠡ ᠡᠮ᠎ᠡ ᠬᠤᠶᠠᠭᠤᠯᠠ ᠡᠨᠡ ᠵᠢᠯ ᠬᠠᠷᠢᠨ ᠰᠡᠳᠬᠢᠯ ᠰᠠᠨᠠᠭ᠎ᠠ ᠪᠠᠨ ᠪᠦᠷ ᠬᠤᠨᠢ ᠲᠡᠵᠢᠭᠡᠬᠦ ᠳᠡᠭᠡᠷ᠎ᠡ ᠲᠠᠯᠪᠢᠵᠤ᠂ ᠡᠨᠡ ᠵᠢᠯ ᠥᠪᠡᠷ ᠤᠨ ᠠᠷᠪᠠᠨ ᠬᠡᠳᠦᠨ ᠮᠦ ᠲᠠᠷᠢᠶ᠎ᠠ ᠪᠠᠨ ᠲᠠᠷᠢᠬᠤ ᠠᠴᠠ ᠠᠪᠤᠭᠠᠳ ᠬᠤᠷᠢᠶᠠᠬᠤ ᠪᠣᠯᠲᠠᠯ᠎ᠠ ᠪᠦᠬᠦ ᠶᠠᠪᠤᠴᠠ ᠳᠤ ᠪᠦᠷ ᠣᠷᠣᠯᠴᠠᠭᠰᠠᠨ ᠦᠭᠡᠢ᠃ ᠯᠢᠦ ᠱᠤ᠋ ᠴᠢᠨ ᠡᠷ᠎ᠡ ᠡᠮ᠎ᠡ ᠬᠤᠶᠠᠭᠤᠯᠠ ᠶᠢ ︽ᠭᠠᠷ ᠰᠠᠵᠢᠬᠤ ᠵᠠᠩᠭᠤᠶᠢᠳᠠ︾ ᠪᠣᠯᠭᠠᠭᠰᠠᠨ ᠨᠢ ᠲᠦᠴᠢᠦᠸᠠᠨ ᠰᠢᠶᠠᠨ ᠤ ᠹᠧᠩ ᠶᠢᠨ ᠶᠤᠸᠠᠨ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠪᠣᠯᠤᠨ᠎ᠠ᠃ ᠥᠩᠭᠡᠷᠡᠭᠰᠡᠨ ᠤ ᠭᠠᠵᠠᠷ ᠰᠢᠷᠣᠢ ᠶᠢᠨ ᠡᠷᠭᠢᠯᠲᠡ ᠶᠢᠨ ᠵᠠᠭᠪᠤᠷ ᠲᠠᠢ ᠠᠳᠠᠯᠢ ᠦᠭᠡᠢ ᠨᠢ  ᠭᠡᠪᠡᠯ᠂ ᠬᠤᠷᠰᠢᠶ᠎ᠠ ᠶᠢᠨ ᠭᠠᠴᠠᠭᠠᠨ ᠤ ᠠᠷᠠᠳ ᠲᠠᠢ ᠲᠣᠭᠲᠠᠭᠠᠭᠰᠠᠨ ︽ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ︾ ᠬᠡᠯᠡᠯᠴᠡᠭᠡᠷ ᠪᠣᠯ ᠨᠢᠭᠡ ᠵᠦᠢᠯ ᠤᠨ ᠲᠠᠷᠢᠶᠠᠯᠠᠩ ᠤᠨ ᠦᠢᠯᠡᠴᠢᠯᠡᠭᠡᠨ ᠤ ᠭᠡᠷ᠎ᠡ ᠮᠥᠨ᠃ ᠨᠠᠶᠢᠳᠠᠨ ᠬᠠᠮᠢᠶᠠᠷᠤᠭᠤᠯᠤᠭᠰᠠᠨ ᠤ ᠳᠠᠷᠠᠭ᠎ᠠ᠂ ᠭᠠᠴᠠᠭᠠᠨ ᠤ ᠠᠷᠠᠳ ᠵᠥᠪᠬᠡᠨ ᠵᠣᠬᠢᠬᠤ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠵᠠᠷᠤᠳᠠᠯ ᠬᠠᠩᠭᠠᠪᠠᠯ᠂ ᠬᠤᠷᠰᠢᠶ᠎ᠠ ᠨᠢ ᠳᠠᠷᠤᠢ ᠭᠠᠴᠠᠭᠠᠨ ᠤ ᠠᠷᠠᠳ ᠲᠤ ᠲᠠᠷᠢᠶ᠎ᠠ ᠲᠠᠷᠢᠵᠤ ᠦᠭᠭᠦᠨ᠎ᠡ᠃    ︽ᠡᠨᠡ ᠬᠤᠷᠰᠢᠶ᠎ᠠ ᠲᠠᠢ ᠪᠣᠯᠤᠭᠰᠠᠨ ᠠᠴᠠ ᠬᠤᠶᠢᠰᠢ᠂ ᠪᠢ ᠭᠠᠵᠠᠷ ᠲᠠᠷᠢᠶ᠎ᠠ ᠪᠠᠨ ᠬᠤᠷᠰᠢᠶ᠎ᠠ ᠳᠤ ᠨᠠᠶᠢᠳᠠᠨ ᠬᠠᠮᠢᠶᠠᠷᠤᠭᠤᠯᠵᠤ᠂ ᠴᠠᠭ ᠲᠠᠢ ᠪᠣᠯ ᠪᠠᠰᠠ ᠬᠤᠶᠠᠷ ᠬᠤᠨᠢ ᠬᠤᠳᠠᠯᠳᠤᠨ ᠠᠪᠴᠤ᠂ ᠡᠪᠦᠭᠡᠨ ᠪᠢ ᠵᠢᠭᠠᠬᠠᠨ ᠬᠤᠨᠢ ᠮᠠᠯ ᠲᠡᠵᠢᠭᠡᠭᠡᠳ᠂ ᠬᠤᠷᠠᠭ᠎ᠠ ᠪᠠᠨ ᠬᠤᠳᠠᠯᠳᠤᠵᠤ᠂ ᠪᠠᠭ᠎ᠠ ᠰᠠᠭ᠎ᠠ ᠰᠤᠯᠠ ᠵᠠᠷᠤᠬᠤ ᠵᠣᠭᠤᠰ ᠣᠯᠵᠤ᠂ ᠡᠮ ᠬᠤᠳᠠᠯᠳᠤᠨ ᠠᠪᠴᠤ᠂ ᠲᠠᠷᠠᠭ᠎ᠠ ᠨᠢ ᠬᠤᠷᠰᠢᠶ᠎ᠠ ᠳᠤ ᠪᠠᠰᠠ ᠪᠠᠭ᠎ᠠ ᠰᠠᠭ᠎ᠠ ᠰᠤᠯᠠ ᠠᠵᠢᠯ ᠬᠢᠵᠦ᠂ ᠲᠡᠭᠦᠨ ᠤ ᠲᠡᠨᠳᠡ ᠲᠤᠲᠤᠷᠭ᠎ᠠ ᠬᠢᠬᠦ ᠳᠤ ᠬᠡᠷᠡᠭᠯᠡᠬᠦ ᠴᠠᠭᠠᠰᠤᠨ ᠬᠠᠶᠢᠷᠴᠠᠭ ᠬᠢᠭᠡᠳ᠂ ᠪᠢ ᠪᠠᠰᠠ ᠪᠠᠭ᠎ᠠ ᠰᠠᠭ᠎ᠠ ᠵᠣᠭᠤᠰ ᠣᠯᠵᠤ ᠴᠢᠳᠠᠨ᠎ᠠ᠃︾ ᠭᠡᠵᠦ ᠰᠢᠤᠸᠠᠢ ᠲᠢᠶᠠᠨ ᠰᠢᠶᠠᠩ ᠤᠨ ᠯᠢ ᠮᠢᠨ ᠲᠣᠰᠬᠤᠨ ᠤ ᠠᠷᠠᠳ ᠯᠢᠦ ᠱᠤ᠋ ᠴᠢᠨ ᠬᠡᠯᠡᠪᠡ᠃
   ᠣᠨᠴᠠᠯᠢᠭᠲᠤ ᠲᠠᠷᠢᠮᠠᠯ ᠤᠨ ᠠᠵᠤ ᠦᠶᠯᠡᠰ ᠢ ᠶᠡᠭᠡ ᠪᠠᠷ ᠬᠥᠭᠵᠢᠭᠦᠯᠬᠦ ᠶᠢᠨ ᠲᠥᠯᠥᠭᠡ᠂ ᠲᠦᠴᠢᠦᠸᠠᠨ ᠰᠢᠶᠠᠨ  ᠤ ᠹᠧᠩ ᠶᠢᠨ ᠶᠤᠸᠠᠨ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠨᠢ ᠭᠠᠵᠠᠷ ᠰᠢᠷᠣᠶ ᠶᠢ ᠲᠥᠪᠯᠡᠷᠡᠭᠦᠯᠦᠨ ᠵᠠᠯᠭᠠᠯᠳᠤᠭᠤᠯᠵᠤ ᠨᠠᠶᠢᠳᠠᠨ ᠬᠠᠮᠢᠶᠠᠷᠤᠭᠤᠯᠬᠤ ᠵᠠᠭᠪᠤᠷ ᠢ ᠬᠡᠷᠡᠭᠵᠢᠭᠦᠯᠬᠦ ᠪᠠᠷ ᠳᠠᠮᠵᠢᠭᠤᠯᠤᠨ᠂ ᠯᠢ ᠮᠢᠨ ᠲᠣᠰᠬᠤᠨ ᠤ ᠡᠷᠳᠡᠨᠢ ᠰᠢᠰᠢ᠂ ᠤᠰᠤᠨ ᠲᠤᠲᠤᠷᠭ᠎ᠠ ᠵᠡᠷᠭᠡ ᠲᠠᠷᠢᠮᠠᠯ ᠤᠨ ᠵᠦᠶᠯ ᠤᠨ ᠭᠠᠵᠠᠷ ᠰᠢᠷᠣᠶ ᠶᠢᠨ ᠬᠡᠪᠴᠢᠶᠡᠵᠢᠭᠰᠡᠨ᠂ ᠡᠷᠴᠢᠮᠵᠢᠭᠰᠡᠨ᠂ ᠮᠧᠬᠠᠨᠢᠭᠵᠢᠭᠰᠠᠨ ᠪᠠ ᠲᠤᠰᠬᠠᠶᠢᠵᠢᠭᠰᠠᠨ ᠦᠶᠯᠡᠳᠪᠦᠷᠢᠯᠡᠯ  ᠢ ᠪᠡᠶᠡᠯᠡᠭᠦᠯᠵᠦ᠂ ᠭᠠᠵᠠᠷ ᠰᠢᠷᠣᠶ ᠶᠢᠨ  ︽ᠶᠡᠭᠡ ᠨᠠᠶᠢᠳᠠᠨ ᠬᠠᠮᠢᠶᠠᠷᠤᠯᠲᠠ︾ ᠨᠢ ᠲᠠᠷᠢᠶᠠᠴᠢᠨ ᠡᠷᠦᠬᠡ ᠶᠢᠨ ᠲᠠᠷᠢᠮᠠᠯ  ᠤᠨ ᠠᠶᠤᠯ ᠲᠦᠭᠰᠢᠭᠦᠷᠢ ᠶᠢ ᠪᠠᠭᠤᠷᠠᠭᠤᠯᠵᠤ᠂ ᠲᠠᠷᠢᠶᠠᠴᠢᠨ ᠡᠷᠦᠬᠡ ᠶᠢᠨ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠦᠷ᠎ᠡ ᠪᠦᠲᠦᠭᠡᠯ ᠢ ᠨᠠᠩ ᠣᠯᠠᠨ ᠬᠤᠪᠢᠶᠠᠨ ᠡᠳ᠋ᠯᠡᠬᠦ ᠶᠢ ᠠᠬᠢᠭᠤᠯᠪᠠ᠃
   ᠰᠢᠤᠸᠠᠢ ᠲᠢᠶᠠᠨ ᠰᠢᠶᠠᠩ ᠤᠨ ᠯᠢ ᠮᠢᠨ ᠲᠣᠰᠬᠤᠨ ᠤ ᠨᠠᠮ ᠤᠨ ᠡᠭᠦᠷ ᠤᠨ ᠱᠦᠵᠢ᠂ ᠲᠦᠴᠢᠦᠸᠠᠨ ᠰᠢᠶᠠᠨ ᠤ ᠹᠧᠩ ᠶᠢᠨ ᠶᠤᠸᠠᠨ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠦ᠋ ᠲᠢᠶᠠᠨ ᠢᠤᠢ᠄ ︽ᠡᠨᠡ ᠵᠢᠯ ᠮᠠᠨ ᠤ ᠬᠤᠷᠰᠢᠶ᠎ᠠ ᠭᠤᠤᠯᠳᠠᠭᠤ 1500 ᠮᠥ ᠭᠠᠵᠠᠷ ᠰᠢᠷᠣᠶ ᠶᠢ ᠨᠠᠶᠢᠳᠠᠨ ᠬᠠᠮᠢᠶᠠᠷᠵᠤ ᠡᠷᠳᠡᠨᠢ ᠰᠢᠰᠢ  ᠲᠠᠷᠢᠪᠠ᠂ ᠬᠤᠯᠪᠣᠭᠳᠠᠭᠰᠠᠨ ᠡᠷᠦᠬᠡ ᠶᠢᠨ ᠲᠤᠭ᠎ᠠ ᠨᠢ 50 ᠭᠠᠷᠤᠶ ᠡᠷᠦᠬᠡ᠂ ᠬᠠᠪᠤᠷ ᠲᠠᠷᠢᠶ᠎ᠠ ᠲᠠᠷᠢᠬᠤ᠂ ᠵᠤᠨ ᠪᠣᠯᠬᠤ ᠳᠤ ᠡᠪᠡᠰᠦ ᠠᠷᠢᠯᠭᠠᠬᠤ᠂ ᠠᠭᠠᠷ ᠤᠨ ᠰᠡᠷᠭᠡᠶᠢᠯᠡᠯᠲᠡ᠂ ᠨᠠᠮᠤᠷ ᠤᠨ ᠬᠤᠷᠢᠶᠠᠯᠲᠠ ᠶᠢᠨ ᠰᠢᠷᠢᠰ ᠲᠠᠷᠢᠬᠤ ᠵᠠᠭᠪᠤᠷ ᠢ ᠪᠠᠭᠲᠠᠭᠠᠨ᠎ᠠ᠂ ᠡᠨᠡ ᠵᠢᠯ ᠤᠨ ᠪᠦᠬᠦᠯᠢ ᠴᠣᠭᠴᠠ ᠶᠢᠨ ᠨᠡᠶᠢᠭᠡᠮᠴᠢᠯᠡᠭᠰᠡᠨ ᠦᠶᠯᠡᠴᠢᠯᠡᠭᠡᠨ ᠤ ᠪᠥᠬᠦ ᠶᠠᠪᠤᠴᠠ ᠶᠢᠨ ᠨᠠᠶᠢᠳᠠᠨ ᠬᠠᠮᠢᠶᠠᠷᠤᠭᠤᠯᠬᠤ ᠦᠷ᠎ᠡ ᠪᠦᠲᠦᠮᠵᠢ ᠠᠴᠠ ᠠᠪᠴᠤ ᠦᠵᠡᠪᠡᠯ᠂ ᠪᠢᠳᠡ ᠦᠨᠡᠬᠡᠷ ᠤᠨᠠᠯᠳᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠪᠠᠶᠢᠳᠠᠯ ᠳᠤ ᠬᠦᠷᠴᠡᠶ᠂ ᠪᠢᠳᠡᠨ ᠤ ᠡᠨᠡ ᠵᠢᠯ ᠤᠨ ᠲᠠᠷᠢᠬᠤ ᠵᠠᠭᠪᠤᠷ ᠪᠣᠯ ᠳᠠᠷᠤᠶ ᠭᠠᠵᠠᠷ ᠰᠢᠷᠣᠶ ᠶᠢ  ᠲᠡᠭᠡᠭᠰᠢᠯᠡᠵᠦ ᠂ ᠲᠣᠮᠣ ᠳᠠᠯᠠᠩ ᠪᠠ ᠭᠦᠢᠬᠡᠨ ᠪᠤᠯᠠᠵᠤ ᠤᠰᠤᠯᠠᠬᠤ ᠵᠠᠭᠪᠤᠷ ᠪᠠᠷ ᠲᠠᠷᠢᠵᠦ᠂ ᠤᠳᠤ ᠦᠵᠡᠬᠦ ᠳᠤ ᠦᠷ᠎ᠡ ᠳ᠋ᠦᠩ ᠨᠢ ᠮᠠᠰᠢ ᠰᠠᠶᠢᠨ᠃︾ ᠭᠡᠵᠦ ᠬᠡᠯᠡᠨ᠎ᠡ᠃
   ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ ᠨᠢ ᠲᠠᠷᠢᠶᠠᠯᠠᠩ ᠤᠨ ᠦᠢᠯᠡᠳᠪᠦᠷᠢᠯᠡᠯ ᠤᠨ ᠬᠥᠳᠡᠯᠮᠦᠷᠢ ᠶᠢᠨ ᠬᠦᠴᠦᠨ ᠤ ᠨᠠᠰᠤᠵᠢᠬᠤ᠂ ᠲᠤᠰᠢᠶᠠᠯ ᠬᠠᠪᠰᠤᠷᠭᠠᠬᠤ ᠠᠰᠠᠭᠤᠳᠠᠯ ᠢ ᠰᠢᠢᠳᠪᠦᠷᠢᠯᠡᠵᠦ᠂ ᠲᠠᠷᠢᠶᠠᠯᠠᠩ ᠤᠨ ᠥᠪᠡᠷ ᠤᠨ ᠦᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠪᠠᠰᠠ ᠲᠡᠷᠢᠭᠦᠨ ᠤ ᠬᠡᠷᠡᠭᠯᠡᠭᠡᠨ ᠤ ᠲᠦᠷᠦᠯ ᠵᠦᠢᠯ᠂ ᠮᠡᠷᠭᠡᠵᠢᠯ᠂ ᠮᠧᠬᠠᠨᠢᠭ ᠲᠣᠨᠣᠭᠯᠠᠯ ᠵᠡᠷᠭᠡ ᠣᠳᠣᠬᠢᠴᠢᠯᠠᠭᠰᠠᠨ ᠡᠯᠧᠮᠧᠨ᠋ᠲ ᠢ ᠲᠠᠷᠢᠶᠠᠯᠠᠩ ᠤᠨ ᠦᠢᠯᠡᠳᠪᠦᠷᠢᠯᠡᠯ ᠳᠤ ᠣᠷᠣᠭᠤᠯᠵᠤ᠂ ᠤᠯᠠᠮᠵᠢᠯᠠᠯᠲᠤ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠪᠦᠳᠦᠭᠦᠯᠢᠭ ᠬᠤᠴᠣᠷᠤᠩᠭᠤᠢ᠂ ᠦᠢᠯᠡᠳᠪᠦᠷᠢᠯᠡᠯ ᠤᠨ ᠦᠷ᠎ᠡ ᠪᠦᠲᠦᠮᠵᠢ ᠳᠣᠣᠷ᠎ᠠ ᠵᠡᠷᠭᠡ ᠠᠰᠠᠭᠤᠳᠠᠯ ᠢ ᠰᠢᠢᠳᠪᠦᠷᠢᠯᠡᠵᠦ᠂ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠪᠡ᠃    ᠲᠦᠴᠢᠦᠸᠠᠨ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠦᠶᠯᠡᠴᠢᠯᠡᠭᠡᠨ ᠤ ᠲᠥᠪ ᠤᠨ ᠡᠷᠬᠢᠯᠡᠭᠴᠢ ᠯᠢ ᠵᠧᠨ ᠯᠢᠩ᠄ ︽2024 ᠣᠨ ᠳᠤ ᠲᠦᠴᠢᠦᠸᠠᠨ ᠰᠢᠶᠠᠨ ᠤ ᠠᠮᠤ ᠪᠤᠳᠠᠭᠠᠨ ᠤ ᠲᠠᠷᠢᠮᠠᠯ ᠤᠨ ᠲᠠᠯᠠᠪᠠᠶ 108 ᠲᠦᠮᠡᠨ ᠮᠥ ᠪᠠᠶᠢᠵᠤ᠂ ᠣᠲᠣ ᠪᠣᠯᠲᠠᠯ᠎ᠠ᠂ ᠲᠠᠷᠢᠶᠠᠯᠠᠩ ᠤᠨ ᠦᠶᠯᠡᠳᠪᠦᠷᠢᠯᠡᠯ ᠤᠨ ᠨᠡᠶᠢᠭᠡᠮᠴᠢᠯᠡᠭᠰᠡᠨ ᠦᠶᠯᠡᠴᠢᠯᠡᠭᠡᠨ  ᠤ ᠶᠡᠷᠦᠩᠬᠡᠶ ᠲᠠᠯᠠᠪᠠᠶ 554 ᠲᠦᠮᠡᠨ ᠮᠥ ᠤᠳᠠᠭ᠎ᠠ ᠳᠤ ᠬᠦᠷᠴᠦ᠂ ᠨᠤᠭᠤᠯᠤᠨ ᠪᠤᠳᠤᠭᠰᠠᠨ ᠤ ᠳᠠᠷᠠᠭᠠᠬᠢ ᠲᠠᠷᠢᠶᠠᠯᠠᠩ ᠤᠨ ᠦᠶᠯᠡᠳᠪᠦᠷᠢᠯᠡᠯ ᠤᠨ ᠨᠡᠶᠢᠭᠡᠮᠴᠢᠯᠡᠭᠰᠡᠨ ᠦᠶᠯᠡᠴᠢᠯᠡᠭᠡᠨ ᠤ ᠲᠠᠯᠠᠪᠠᠶ 115 ᠲᠦᠮᠡᠨ ᠮᠥ ᠪᠠᠶᠢᠵᠤ᠂ ᠪᠥᠬᠦ ᠰᠢᠶᠠᠨ ᠤ 1.9 ᠲᠦᠮᠡᠨ ᠡᠷᠦᠬᠡ ᠶᠢ ᠬᠠᠮᠤᠷᠴᠤ᠂ 2024 ᠣᠨ ᠳᠤ ᠲᠠᠷᠢᠶᠠᠯᠠᠩ ᠤᠨ ᠦᠶᠯᠡᠳᠪᠦᠷᠢᠯᠡᠯ ᠤᠨ ᠨᠡᠶᠢᠭᠡᠮᠴᠢᠯᠡᠭᠰᠡᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ 400 ᠭᠠᠷᠤᠶ ᠡᠷᠦᠬᠡ ᠶᠢ ᠪᠣᠶᠢᠵᠢᠭᠤᠯᠪᠠ᠃ ᠲᠦᠴᠢᠦᠸᠠᠨ ᠰᠢᠶᠠᠨ ᠪᠠᠰᠠ ᠲᠠᠷᠢᠶᠠᠯᠠᠩ ᠤᠨ ᠦᠶᠯᠡᠳᠪᠦᠷᠢᠯᠡᠯ ᠤᠨ ᠨᠡᠶᠢᠭᠡᠮᠴᠢᠯᠡᠭᠰᠡᠨ ᠦᠶᠯᠡᠴᠢᠯᠡᠭᠡᠨ ᠤ ᠰᠢᠰᠲ᠋ᠧᠮ  ᠢ ᠲᠠᠰᠤᠷᠠᠯᠲᠠ ᠥᠬᠡᠶ ᠪᠦᠷᠢᠨᠰᠢᠭᠦᠯᠵᠦ᠂ ᠣᠷᠣᠨ ᠪᠦᠰᠡ ᠶᠢᠨ ᠴᠢᠨᠠᠷᠲᠠᠶ ᠲᠠᠷᠢᠶᠠᠯᠠᠩ ᠤᠨ ᠦᠶᠯᠡᠳᠪᠦᠷᠢᠯᠡᠯ ᠤᠨ ᠨᠡᠶᠢᠭᠡᠮᠴᠢᠯᠡᠭᠰᠡᠨ ᠶᠡᠷᠦᠩᠬᠡᠶᠢᠯᠡᠭᠰᠡᠨ ᠴᠢᠨᠠᠷᠲᠠᠶ ᠦᠶᠯᠡᠴᠢᠯᠡᠭᠡᠨ ᠤ ᠪᠠᠶᠢᠭᠤᠯᠤᠯᠲᠠ ᠶᠢ ᠠᠬᠢᠭᠤᠯᠵᠤ᠂ ᠲᠠᠷᠢᠶᠠᠯᠠᠩ ᠤᠨ ᠦᠶᠯᠡᠳᠪᠦᠷᠢᠯᠡᠯ ᠤᠨ ᠨᠡᠶᠢᠭᠡᠮᠴᠢᠯᠡᠭᠰᠡᠨ ᠦᠶᠯᠡᠴᠢᠯᠡᠭᠡᠨ ᠤ ᠲᠠᠯᠠᠪᠠᠶ ᠶᠢ ᠨᠤᠭᠤᠯᠵᠦ ᠪᠤᠳᠤᠭᠰᠠᠨ ᠤ ᠳᠠᠷᠠᠭ᠎ᠠ 125 ᠲᠦᠮᠡᠨ ᠮᠥ ᠪᠣᠯᠭᠠᠬᠤ ᠪᠠᠷ ᠴᠢᠷᠮᠠᠶᠢᠨ᠎ᠠ᠃︾ ᠭᠡᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号