ᠵᠡᠭᠦᠨ ᠳᠥᠷᠥᠯᠵᠢ ᠪᠠᠯᠭᠠᠰᠤ ᠬᠠᠶᠢᠷ᠎ᠠ ᠬᠠᠯᠠᠮᠵᠢ ᠶᠢᠨ ᠨᠡᠭᠦᠷᠡᠰᠦ ᠲᠠᠷᠬᠠᠭᠠᠵᠦ ᠤᠯᠠᠨ ᠲᠦᠮᠡᠨ ᠢ ᠬᠠᠯᠠᠭᠤᠨ ᠲᠤᠯᠠᠭᠠᠨ ᠡᠪᠦᠯᠵᠢᠭᠦᠯᠦᠨ᠎ᠡ
ᠨᠡᠶᠢᠲᠡᠯᠡᠭᠰᠡᠨ ᠴᠠᠭ᠄
2024/11/14
   ᠬᠠᠬᠢᠷ ᠡᠪᠦᠯ ᠬᠦᠷᠴᠦ ᠢᠷᠡᠬᠦ ᠲᠠᠰᠢᠷᠠᠮ ᠢᠶᠠᠷ᠂ ᠠᠭᠠᠷ ᠤᠨ ᠳᠤᠯᠠᠭᠠᠨ ᠲᠦᠷᠭᠡᠨ ᠪᠠᠭᠤᠷᠠᠵᠤ᠂ ᠵᠡᠭᠦᠨ ᠲᠦᠷᠦᠯᠵᠢ ᠪᠠᠯᠭᠠᠰᠤ ︽ᠬᠠᠶᠢᠷ᠎ᠠ ᠬᠠᠯᠠᠮᠵᠢ ᠶᠢᠨ ᠨᠡᠭᠦᠷᠡᠰᠦ︾ ᠲᠠᠷᠬᠠᠭᠠᠬᠤ ᠠᠵᠢᠯ ᠢ ᠣᠳᠣᠬᠠᠨ ᠤ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠭᠠᠵᠤ᠂ ︽ᠬᠠᠶᠢᠷ᠎ᠠ ᠬᠠᠯᠠᠮᠵᠢ ᠶᠢᠨ ᠨᠡᠭᠦᠷᠡᠰᠦ︾ ᠲᠠᠷᠬᠠᠭᠠᠬᠤ ᠠᠵᠢᠯ ᠢ ᠬᠦᠴᠦᠯᠡᠨ ᠰᠠᠶᠢᠲᠤᠷ ᠬᠢᠵᠦ᠂ ᠣᠯᠠᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦ ᠬᠡᠷᠡᠭᠯᠡᠬᠦ  ᠶᠢ ᠪᠦᠲᠦᠮᠵᠢᠲᠡᠶ ᠪᠠᠲᠤᠯᠠᠵᠤ᠂ ᠴᠠᠭ ᠲᠤᠬᠠᠶ ᠳᠤᠨᠢ ᠣᠯᠠᠨ ᠲᠦᠮᠡᠨ ᠳᠤ ︽ᠬᠠᠶᠢᠷ᠎ᠠ ᠬᠠᠯᠠᠮᠵᠢ ᠶᠢᠨ ᠨᠡᠭᠦᠷᠡᠰᠦ︾ ᠬᠦᠷᠭᠡᠵᠦ᠂ ᠺᠠᠳ᠋ᠷ ᠣᠯᠠᠨ ᠲᠦᠮᠡᠨ ᠤ ︽ᠰᠡᠳᠬᠢᠯ ᠤᠨ ᠬᠥᠭᠦᠷᠭᠡ︾ ᠶᠢ ᠪᠤᠰᠬᠠᠪᠠ᠃
   ︽ᠬᠠᠶᠢᠷ᠎ᠠ ᠬᠠᠯᠠᠮᠵᠢ ᠶᠢᠨ ᠨᠡᠭᠦᠷᠡᠰᠦ︾ ᠲᠠᠷᠬᠠᠭᠠᠬᠤ ᠲᠤᠬᠠᠢ ᠶᠢᠨ ᠲᠠᠯᠠᠪᠠᠢ ᠳᠤ᠂ ᠲᠣᠰᠬᠤᠨ ᠤ ᠠᠷᠠᠳ ᠬᠠᠷ᠎ᠠ ᠦᠷᠯᠦᠭᠡ ᠠᠴᠠ ᠥᠪᠡᠷᠲᠡᠭᠡᠨ ᠬᠡᠷᠡᠭᠯᠡᠬᠦ ᠵᠢᠵᠢᠭ ᠠᠴᠢᠶᠠᠨ ᠤ ᠮᠠᠰᠢᠨ ᠢᠶᠠᠨ ᠵᠢᠯᠣᠭᠤᠳᠴᠤ ᠨᠡᠭᠦᠷᠡᠰᠦ ᠠᠪᠬᠤ ᠴᠡᠭ ᠲᠤ ᠬᠦᠷᠴᠦ᠂ ᠡᠮᠬᠢ ᠵᠢᠷᠤᠮ ᠲᠠᠢ ᠪᠠᠷ ᠬᠦᠯᠢᠶᠡᠵᠦ᠂ ᠭᠠᠷ ᠤᠨ ᠦᠰᠦᠭ ᠵᠢᠷᠤᠵᠤ᠂ ᠨᠡᠭᠦᠷᠡᠰᠦ ᠮᠠᠯᠲᠠᠵᠤ᠂ ᠲᠡᠷᠭᠡᠨ ᠳᠤ ᠲᠡᠭᠡᠭᠡᠵᠦ᠂ ᠬᠠᠶᠢᠷ᠎ᠠ ᠬᠠᠯᠠᠮᠵᠢ ᠪᠠᠷ ᠪᠢᠯᠬᠠᠭᠰᠠᠨ ᠨᠡᠭᠦᠷᠡᠰᠦ ᠶᠢ ᠳᠡᠰ ᠳᠠᠷᠠᠭᠠᠯᠠᠨ ᠠᠪᠴᠤ᠂ ᠬᠥᠮᠦᠨ ᠪᠦᠷᠢ ᠶᠢᠨ ᠴᠢᠷᠠᠢ ᠳᠤ ᠲᠠᠯᠠᠷᠬᠠᠯ ᠪᠣᠯᠤᠨ ᠪᠠᠶᠠᠰᠤᠯ ᠤᠨ ᠢᠨᠢᠶᠡᠮᠰᠦᠭᠯᠡᠯ ᠪᠢᠯᠬᠠᠨ᠎ᠠ᠃ ᠠᠵᠢᠯᠲᠠᠳ ᠢᠨᠢᠶᠡᠮᠰᠦᠭᠯᠡᠨ ᠲᠡᠰᠪᠦᠷᠢᠲᠡᠶ ᠪᠠᠷ ᠨᠡᠭᠦᠷᠡᠰᠦ ᠠᠪᠬᠤ ᠪᠠᠷ ᠢᠷᠡᠭᠰᠡᠨ ᠲᠣᠰᠬᠤᠨ ᠤ ᠠᠷᠠᠳ ᠢ ᠬᠠᠪᠰᠤᠷᠤᠨ᠎ᠠ᠃ ︽ᠡᠨᠡ ᠵᠢᠯ ᠡᠶᠢᠮᠦ ᠡᠷᠲᠡ ᠡᠨᠡ ᠨᠡᠭᠦᠷᠡᠰᠦ ᠶᠢ ᠠᠪᠴᠢᠷᠠᠭᠰᠠᠨ ᠨᠢ ᠦᠨᠡᠬᠡᠷ ᠪᠢᠳᠡᠨ ᠳᠤ ᠳᠠᠭᠠᠷᠠᠭᠰᠠᠨ ᠬᠥᠮᠦᠨ ᠳᠤ ᠳᠠᠬᠤ ᠬᠦᠷᠭᠡᠵᠦ᠂ ᠬᠡᠮᠡᠷᠯᠢᠭ ᠳᠡᠭᠡᠷ᠎ᠡ ᠬᠤᠸᠠᠷ ᠨᠡᠮᠡᠵᠦ᠂ ᠪᠢᠳᠡᠨ ᠤ ᠬᠠᠨᠵᠤ ᠶᠢ ᠬᠠᠯᠠᠭᠤᠯᠵᠤ᠂ ᠰᠡᠳᠬᠢᠯ ᠢ ᠪᠠᠰᠠ ᠳᠤᠯᠠᠭᠠᠴᠠᠭᠤᠯᠪᠠ᠃ ︾ ᠭᠡᠵᠦ ᠡᠦ ᠰᠧ ᠲᠣᠰᠬᠤᠨ ᠤ ᠰᠦᠩ ᠡᠵᠢ ᠪᠠᠶᠠᠷᠲᠠᠶ ᠬᠡᠯᠡᠨ᠎ᠡ᠃
   ᠨᠡᠭᠦᠷᠡᠰᠦ ᠲᠠᠷᠬᠠᠭᠠᠬᠤ ᠦᠶ᠎ᠡ ᠳᠤ᠂ ᠠᠵᠢᠯᠲᠠᠳ ᠤᠯᠠᠨ ᠲᠦᠮᠡᠨ ᠢ ᠢᠳᠡᠪᠬᠢᠲᠡᠢ ᠬᠠᠪᠰᠤᠷᠤᠨ ᠨᠡᠭᠦᠷᠡᠰᠦ ᠲᠡᠭᠡᠭᠡᠬᠦ ᠪᠠᠷ ᠪᠠᠷᠠᠬᠤ ᠦᠭᠡᠢ ᠪᠠᠰᠠ ᠡᠨᠡ ᠬᠦ ᠲᠣᠬᠢᠶᠠᠯ ᠢ ᠠᠰᠢᠭᠯᠠᠨ ᠨᠡᠭᠦᠷᠡᠰᠦ ᠠᠪᠬᠤ ᠪᠠᠷ ᠢᠷᠡᠭᠰᠡᠨ ᠤᠯᠠᠨ ᠲᠦᠮᠡᠨ ᠳᠤ ᠨᠡᠭᠦᠷᠡᠰᠦ ᠪᠠᠨ ᠠᠮᠤᠷ ᠲᠦᠪᠰᠢᠨ ᠢᠶᠠᠷ ᠬᠡᠷᠡᠭᠯᠡᠬᠦ ᠮᠡᠳᠡᠯᠭᠡ ᠶᠢ ᠨᠠᠷᠢᠨ ᠲᠠᠶᠢᠯᠪᠤᠷᠢᠯᠠᠵᠤ᠂ ᠨᠡᠭᠦᠷᠡᠰᠦᠲᠥ᠋ᠷᠥᠭᠴᠢ ᠶᠢᠨ ᠲᠠᠩ ᠢᠰᠦᠯ ᠳᠤ ᠬᠤᠣᠷᠳᠠᠭᠳᠠᠬᠤ ᠶᠢ ᠰᠡᠷᠭᠡᠶᠢᠯᠡᠬᠦ ᠶᠢᠨ ᠴᠢᠬᠤᠯᠠ ᠴᠢᠨᠠᠷ ᠢ ᠣᠨᠴᠠᠭᠠᠶᠢᠯᠠᠨ ᠴᠢᠬᠤᠯᠠᠴᠢᠯᠠᠵᠠᠢ᠃ ᠬᠠᠯᠠᠭᠤᠨ ᠳᠣᠲᠣᠨᠣ ᠵᠠᠬᠢᠶ᠎ᠠ ᠨᠤᠭᠤᠳ ᠨᠢ ᠤᠯᠠᠨ ᠲᠦᠮᠡᠨ ᠢ ᠶᠡᠬᠡᠳᠡ ᠳᠣᠭᠳᠣᠯᠤᠭᠤᠯᠵᠤ᠂ ᠠᠮᠤᠷ ᠲᠦᠪᠰᠢᠨ ᠤ ᠮᠡᠳᠡᠯᠭᠡ ᠶᠢ ᠪᠠᠲᠤ ᠴᠡᠭᠡᠵᠢᠯᠡᠵᠦ᠂ ᠬᠠᠯᠠᠭᠤᠨ ᠳᠤᠯᠠᠭᠠᠨ ᠡᠪᠦᠯ ᠢ ᠥᠩᠭᠡᠷᠡᠭᠦᠯᠬᠦ ᠶᠢ ᠪᠠᠲᠤᠯᠠᠬᠤ ᠶᠢᠨ ᠬᠠᠮᠲᠤ ᠪᠠᠰᠠ ᠥᠪᠡᠷ ᠤᠨ ᠠᠮᠤᠷ ᠲᠦᠪᠰᠢᠨ ᠢᠶᠠᠨ ᠪᠠᠲᠤᠯᠠᠨ᠎ᠠ ᠭᠡᠵᠦ ᠢᠯᠡᠳᠬᠡᠵᠡᠭᠡᠪᠡ᠃
   ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠪᠣᠯ ᠨᠢᠭᠡ ᠯᠡ ᠡᠳᠦᠷ ᠲᠤ ᠪᠦᠲᠦᠭᠡᠴᠢᠬᠡᠬᠦ ᠶᠠᠪᠤᠳᠠᠯ ᠪᠢᠰᠢ᠂ ᠬᠠᠷᠢᠨ ᠴᠥᠬᠦᠷᠡᠰᠢ ᠦᠭᠡᠢ ᠴᠢᠷᠮᠠᠶᠢᠬᠤ ᠴᠢᠬᠤᠯᠠᠲᠠᠢ ᠶᠤᠮ᠃ ᠳᠠᠷᠠᠭ᠎ᠠ ᠠᠯᠬᠤᠮ ᠳᠤ᠂ ᠵᠡᠭᠦᠨ ᠲᠦᠷᠦᠯᠵᠢ ᠪᠠᠯᠭᠠᠰᠤ ᠳᠡᠭᠡᠳᠦ ᠱᠠᠲᠤᠨ ᠤ ᠣᠯᠠᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢ ᠪᠠᠲᠤᠯᠠᠬᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠳᠤ ᠦᠷᠭᠦᠯᠵᠢᠯᠡᠨ ᠠᠩᠬᠠᠷᠤᠯ ᠢᠶᠠᠨ ᠲᠦᠪᠯᠡᠷᠡᠭᠦᠯᠦᠨ᠂ ᠣᠯᠠᠨ ᠲᠦᠮᠡᠨ ᠤ ︽ᠪᠠᠴᠢᠮ᠂ ᠬᠦᠴᠢᠷ᠂ ᠵᠣᠪᠠᠨᠢᠯ᠂ ᠬᠦᠰᠡᠯ︾ ᠢ ᠰᠡᠳᠬᠢᠯ ᠳᠡᠭᠡᠨ ᠪᠤᠳᠤᠵᠦ᠂ ᠤᠯᠠᠨ ᠲᠦᠮᠡᠨ ᠤ ︽ᠠᠰᠠᠭᠤᠳᠠᠯ ᠤᠨ ᠨᠠᠷᠢᠨ ᠲᠠᠩᠰᠠ︾ ᠶᠢ ︽ᠬᠠᠶᠢᠷ᠎ᠠ ᠬᠠᠯᠠᠮᠵᠢ ᠶᠢᠨ ᠨᠠᠷᠢᠨ ᠲᠠᠩᠰᠠ︾ ᠪᠤᠯᠭᠠᠵᠦ᠂ ᠨᠡᠩ ᠶᠡᠭᠡ ᠡᠷᠴᠢᠮ ᠪᠣᠯᠤᠨ ᠨᠡᠩ ᠨᠠᠷᠢᠯᠢᠭ ᠠᠷᠭ᠎ᠠ ᠬᠡᠮᠵᠢᠶ᠎ᠡ ᠪᠠᠷ ︽ᠲᠤᠯᠠᠭᠠᠯᠠᠭ᠎ᠠ ᠶᠢᠨ ᠢᠨᠵᠧᠨᠧᠷᠢᠩ︾ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠂ ︽ᠬᠠᠶᠢᠷ᠎ᠠ ᠬᠠᠯᠠᠮᠵᠢ ᠶᠢᠨ ᠨᠡᠭᠦᠷᠡᠰᠦ︾ ᠵᠡᠷᠭᠡ ᠡᠯ᠎ᠡ ᠲᠥᠷᠥᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠦᠮᠡᠨ ᠡᠷᠦᠬᠡ ᠶᠢ ᠳᠤᠯᠠᠭᠠᠴᠠᠭᠤᠯᠬᠤ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠦᠨᠡᠨ ᠬᠦ ᠣᠯᠠᠨ ᠲᠦᠮᠡᠨ ᠤ ᠰᠡᠳᠬᠢᠯ ᠳᠤ ᠬᠦᠷᠭᠡᠨ᠂ ᠣᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠠᠶᠤᠯᠭᠦᠶ ᠰᠡᠳᠬᠢᠯᠭᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号