ᠥᠷᠭᠡᠨ ᠣᠯᠠᠨ ᠲᠦᠮᠡᠨ ᠤ ᠬᠠᠤᠯᠢ ᠰᠤᠷᠬᠤ᠂ ᠬᠠᠤᠯᠢ ᠶᠢ ᠬᠡᠷᠡᠭᠯᠡᠬᠦ᠂ ᠬᠠᠤᠯᠢ ᠶᠢ ᠣᠶᠢᠯᠠᠭᠠᠬᠤ ᠤᠬᠠᠮᠰᠠᠷ ᠢ | ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 11 ᠰᠠᠷ᠎ᠠ ᠶᠢᠨ 12 ᠤᠨ ᠡᠳᠦᠷ᠂ ᠯᠢᠦ ᠬᠣ᠋ ᠪᠠᠯᠭᠠᠰᠤᠨ | ᠤ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠭᠠᠵᠢᠭᠤ | ᠨᠣᠮᠯᠠᠯ ᠢ ᠡᠰᠡᠷᠭᠦᠴᠡᠬᠦ ᠴᠤᠭᠯᠠᠭ᠎ᠠ ᠮᠠᠶᠢᠮᠠᠶ ᠳᠤ ᠣᠷᠣᠬᠤ ᠶᠢ ᠡᠰᠡᠷᠭᠦᠴᠡᠬᠦ ᠬᠠᠤᠯᠢ ᠪᠠᠷ ᠵᠠᠰᠠᠬᠤ ᠤᠬᠠᠭᠤᠯᠭ᠎ᠠ ᠶᠢᠨ | ᠠᠵᠢᠯᠯᠠᠭ᠎ᠠ ᠶᠢ ᠥᠷᠨᠢᠭᠦᠯᠪᠡ᠃ | | ᠠᠵᠢᠯᠯᠠᠭ᠎ᠠ ᠶᠢᠨ ᠳᠤᠮᠳᠠ᠂ ᠤᠬᠠᠭᠤᠯᠭ᠎ᠠ ᠶᠢᠨ ᠲᠠᠪᠴᠠᠩ ᠭᠠᠷᠭᠠᠬᠤ᠂ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ᠂ ᠲᠤᠬᠠᠢ ᠶᠢᠨ ᠲᠠᠯᠠᠪᠤᠷ ᠲᠤ ᠲᠠᠶᠢᠯᠪᠤᠷᠢᠯᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠤᠯᠠᠨ ᠲᠦᠮᠡᠨ ᠳᠤ ᠡᠯ᠎ᠡ ᠲᠦᠷᠦᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠳᠡᠪᠲᠡᠷ᠂ ᠠᠮᠢᠨ ᠬᠡᠷᠡᠭ ᠤᠨ | ᠰᠡᠷᠭᠡᠶᠢᠯᠡᠨ ᠡᠵᠡᠮᠳᠡᠬᠦ ᠭᠠᠷ ᠳᠡᠪᠲᠡᠷ ᠵᠢᠴᠢ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠬᠠᠭᠤᠳᠠᠰᠤ ᠶᠢ | 600 ᠭᠠᠷᠤᠢ ᠳᠡᠪᠲᠡᠷ ᠲᠠᠷᠬᠠᠭᠠᠵᠤ᠂ ᠮᠠᠲ᠋ᠧᠷᠢᠶᠠᠯ ᠤᠨ ᠠᠭᠤᠯᠭ᠎ᠠ ᠨᠢ ᠨᠠᠷᠢᠨ ᠪᠣᠳᠠᠲᠠᠢ ᠪᠠᠶᠢᠵᠤ᠂ ᠤᠯᠠᠨ ᠲᠦᠮᠡᠨ | ᠤ ᠬᠤᠯᠪᠣᠭᠳᠠᠯ ᠪᠦᠬᠦᠢ ᠮᠡᠳᠡᠯᠭᠡ ᠶᠢ ᠭᠦᠨᠵᠡᠭᠡᠢ ᠣᠶᠢᠯᠠᠭᠠᠬᠤ᠂ ᠬᠠᠤᠯᠢ ᠪᠠᠷ ᠵᠠᠰᠠᠬᠤ ᠦᠵᠡᠯᠲᠡ ᠪᠠ ᠰᠡᠷᠭᠡᠶᠢᠯᠡᠬᠦ | ᠤᠬᠠᠮᠰᠠᠷ ᠢᠶᠠᠨ ᠴᠢᠩᠭᠠᠳᠬᠠᠬᠤ ᠳᠤ ᠠᠰᠢᠭᠲᠠᠢ ᠪᠣᠯᠭᠠᠪᠠ᠃ ᠡᠭᠦᠨ ᠤ ᠬᠠᠮᠲᠤ᠂ ᠣᠯᠠᠨ ᠲᠦᠮᠡᠨ ᠤ ᠳᠤᠷᠠᠳᠤᠭᠰᠠᠨ | ᠬᠠᠤᠯᠢ ᠴᠠᠭᠠᠵᠠ ᠶᠢᠨ ᠮᠠᠳᠠᠭ ᠲᠠᠢ ᠠᠰᠠᠭᠤᠳᠠᠯ ᠳᠤ᠂ ᠠᠵᠢᠯᠲᠠᠳ ᠨᠢᠭᠡᠳ ᠨᠢᠭᠡ ᠪᠠᠷ ᠬᠦᠯᠢᠴᠡᠩᠭᠦᠶ ᠪᠠᠷ | ᠬᠠᠷᠢᠭᠤᠯᠲᠠ ᠥᠭᠴᠦ᠂ ᠣᠯᠠᠨ ᠲᠦᠮᠡᠨ ᠳᠤ ᠬᠠᠤᠯᠢ ᠴᠠᠭᠠᠵᠠ ᠶᠢᠨ 10 ᠵᠦᠶᠯ ᠤᠨ ᠠᠰᠠᠭᠤᠳᠠᠯ ᠳᠤ ᠠᠮᠵᠢᠯᠲᠠ | ᠲᠠᠢ ᠬᠠᠷᠢᠭᠤᠯᠲᠠ ᠥᠭᠴᠦ᠂ ᠣᠯᠠᠨ ᠢ ᠦᠨᠡᠨ ᠬᠦ ᠬᠠᠪᠰᠤᠷᠤᠨ ᠬᠠᠤᠯᠢ ᠴᠠᠭᠠᠵᠠ ᠶᠢᠨ ᠲᠠᠯ᠎ᠠ ᠪᠠᠷ ᠬᠢ | ᠲᠥᠭᠡᠷᠢᠭᠳᠡᠯ ᠢ ᠨᠢ ᠰᠢᠶᠳᠪᠦᠷᠢᠯᠡᠵᠦ ᠥᠭᠴᠡᠶ᠃ | | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠴᠤᠭᠯᠠᠭ᠎ᠠ ᠮᠠᠶᠢᠮᠠᠶ ᠳᠤ ᠭᠦᠨᠵᠡᠭᠡᠶᠢᠷᠡᠨ᠂ ᠣᠯᠠᠨ | ᠲᠦᠮᠡᠨ ᠤ ᠳᠡᠷᠭᠡᠳᠡ ᠬᠦᠷᠴᠦ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠪᠠ ᠭᠠᠵᠢᠭᠤ ᠨᠣᠮᠯᠠᠯ ᠢ ᠡᠰᠡᠷᠭᠦᠴᠡᠬᠦ ᠵᠡᠷᠭᠡ | ᠴᠢᠬᠤᠯᠠ ᠮᠡᠳᠡᠯᠭᠡ ᠶᠢ ᠪᠦᠲᠦᠮᠵᠢᠲᠡᠶ ᠲᠦᠭᠡᠮᠡᠯᠵᠢᠭᠦᠯᠦᠭᠰᠡᠨ ᠢᠶᠠᠷ ᠪᠠᠷᠠᠬᠤ ᠥᠬᠡᠶ ᠪᠠᠰᠠ ᠬᠠᠤᠯᠢ ᠪᠠᠷ ᠵᠠᠰᠠᠬᠤ ᠭᠦᠨ | ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ᠣᠯᠠᠨ ᠲᠦᠮᠡᠨ ᠤ ᠬᠠᠤᠯᠢ ᠪᠠᠷ ᠵᠠᠰᠠᠬᠤ | ᠤᠬᠠᠮᠰᠠᠷ ᠢ ᠳᠡᠭᠡᠭᠰᠢᠯᠡᠭᠦᠯᠦᠨ᠂ ᠠᠮᠤᠷ ᠠᠮᠤᠭᠤᠯᠠᠩ ᠲᠦᠴᠢᠦᠸᠠᠨ ᠤ ᠪᠥᠲᠥᠭᠡᠨ ᠪᠠᠶᠢᠭᠤᠯᠤᠯᠲᠠ ᠳᠤ ᠪᠠᠲᠤ ᠪᠠᠬᠢ | ᠰᠠᠭᠤᠷᠢ ᠶᠢ ᠲᠠᠯᠪᠢᠭᠰᠠᠨ ᠪᠠᠶᠢᠨ᠎ᠠ᠃ |