ᠵᠠᠰᠠᠭ ᠤᠨ ᠤᠷᠳᠦᠨ ᠤ ᠶᠡᠭᠡ ᠬᠡᠷᠡᠭ ᠶᠠᠪᠤᠳᠡᠯ ᠤᠨ ᠲᠡᠮᠲᠡᠭᠯᠡᠯ ︵8 ᠰᠠᠷ᠎ᠠ︶
ᠨᠡᠶᠢᠲᠡᠯᠡᠭᠰᠡᠨ ᠴᠠᠭ᠄
2024/11/15
   8 ᠳ᠋ᠤᠭᠠᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ ᠨᠡᠷ ᠲᠦᠴᠢᠦᠸᠠᠨ ᠰᠢᠶᠠᠨ ᠤ ᠰᠢᠤᠸᠠᠢ ᠲᠢᠶᠠᠨ ᠰᠢᠶᠠᠩ ᠤᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠪᠠᠶᠢᠴᠠᠭᠠᠨ ᠰᠤᠳᠤᠯᠵᠤ᠂ ᠡᠭᠦᠳᠡᠨ ᠡᠮᠨᠡᠯᠭᠡ ᠶᠢᠨ ᠣᠨᠣᠰᠢᠯᠠᠨ ᠪᠠᠶᠢᠴᠠᠭᠠᠬᠤ ᠵᠠᠷᠤᠳᠠᠯ ᠤᠨ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠪᠠ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ ᠂ ᠪᠦ᠋ᠦ ᠬᠤᠩ ᠶᠢᠩ ᠵᠢᠴᠢ ᠠᠶᠢᠮᠠᠭ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠪᠠ᠃    8 ᠰᠠᠷ᠎ᠠ ᠶᠢᠨ 26 ᠤ ᠡᠳᠦᠷ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠬᠤᠷᠢ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ 2024 ᠣᠨ ᠳᠤ ᠠᠶᠢᠮᠠᠭ ᠤᠨ ᠱᠠᠲᠤᠨ ᠤ ᠪᠠᠯᠠ ᠮᠥᠩᠭᠦ ᠶᠢ ᠵᠣᠯᠭᠠᠭᠤᠯᠬᠤ ᠲᠥᠷᠥᠯ ᠵᠦᠢᠯ ᠢ ᠬᠡᠷᠡᠭᠵᠢᠭᠦᠯᠬᠦ᠂ ᠲᠦᠴᠢᠦᠸᠠᠨ ᠰᠢᠶᠠᠨ ᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠵᠡᠷᠭᠡ ᠶᠠᠪᠤᠳᠠᠯ ᠢ ᠰᠤᠳᠤᠯᠵᠤ᠂ ︽ᠲᠦᠴᠢᠦᠸᠠᠨ ᠰᠢᠶᠠᠨ ᠤ 2024 ᠣᠨ ᠤ ᠳᠣᠤᠷ᠎ᠠ ᠬᠠᠭᠠᠰ ᠵᠢᠯ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠲᠠᠭᠤ ᠴᠥᠮ᠎ᠡ ᠶᠢᠨ ᠠᠷᠭ᠎ᠠ ᠬᠡᠮᠵᠢᠶ᠎ᠡ ︾ ︽ᠲᠦᠴᠢᠦᠸᠠᠨ ᠰᠢᠶᠠᠨ ᠤ ᠲᠠᠯ᠎ᠠ ᠨᠤᠲᠤᠭ ᠤᠨ ᠠᠮᠢ ᠠᠬᠤᠶ ᠶᠢᠨ ᠱᠠᠩᠨᠠᠵᠤ ᠲᠣᠷᠭᠠᠬᠤ ᠶᠢᠨ ᠬᠡᠷᠡᠭᠵᠢᠭᠦᠯᠬᠦ ᠠᠷᠭ᠎ᠠ ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠵᠢᠴᠢ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠴᠡᠪᠡᠷᠯᠡᠨ ᠳᠢᠭᠯᠡᠬᠦ ᠠᠵᠢᠯ᠂ 2024 ᠣᠨ ᠤ ᠲᠦᠴᠢᠦᠸᠠᠨ ᠰᠢᠶᠠᠨ ᠤ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠠᠴᠠ ᠪᠠᠰᠠ ᠣᠳᠣᠬᠠᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号