ᠵᠠᠰᠠᠭ ᠤᠨ ᠤᠷᠳᠦᠨ ᠤ ᠶᠡᠭᠡ ᠬᠡᠷᠡᠭ ᠶᠠᠪᠤᠳᠡᠯ ᠤᠨ ᠲᠡᠮᠲᠡᠭᠯᠡᠯ ︵4 ᠰᠠᠷ᠎ᠠ︶
ᠨᠡᠶᠢᠲᠡᠯᠡᠭᠰᠡᠨ ᠴᠠᠭ᠄
2024/11/15
  4 ᠰᠠᠷ᠎ᠠ ᠶᠢᠨ 10 ᠤ ᠡᠳᠦᠷ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠬᠤᠷᠠᠯ ᠢ ᠡᠷᠬᠢᠯᠡᠪᠡ᠃    4 ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠵᠢᠷᠠ ᠶᠢᠰᠦᠳᠦᠭᠡᠷ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠤᠳᠤᠷᠢᠳᠬᠤ ᠳᠤᠭᠤᠶᠢᠯᠠᠩ᠂ ᠰᠢᠶᠠᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ᠂ ︽ᠵᠢᠷᠭᠤᠭᠠᠨ ᠢᠨᠵᠧᠨᠧᠷᠢᠩ ︾ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃    4 ᠰᠠᠷ᠎ᠠ ᠶᠢᠨ 17 ᠤ ᠡᠳᠦᠷ᠂ ᠪᠥᠬᠦ ᠣᠷᠣᠨ ᠤ ᠬᠥᠳᠡᠭᠡ ᠲᠣᠰᠬᠤᠨ ᠤ ᠬᠦᠷᠢᠶ᠎ᠡ ᠬᠠᠰᠢᠶᠠᠨ ᠤ ᠠᠵᠤ ᠠᠬᠤᠶ ᠶᠢᠨ ︽ᠵᠠᠭᠤᠨ ᠰᠢᠶᠠᠩ ᠮᠢᠩᠭᠠᠨ ᠲᠣᠰᠬᠤᠨ ᠲᠦᠮᠡᠨ ᠬᠦᠷᠢᠶᠡᠯᠡᠩ ︾ ᠤᠨ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠤᠨ ᠲᠣᠭᠤᠷᠢᠨ ᠦᠵᠡᠵᠦ ᠪᠣᠯᠪᠠᠰᠤᠷᠠᠭᠤᠯᠬᠤ ᠠᠵᠢᠯᠯᠠᠭ᠎ᠠ ᠲᠦᠴᠢᠦᠸᠠᠨ ᠰᠢᠶᠠᠨ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︶ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠸᠢᠳᠢᠣ᠋ ᠶᠢᠨ ᠬᠡᠯᠪᠡᠷᠢ ᠪᠠᠷ ᠪᠥᠬᠦ ᠣᠷᠣᠨ ᠤ ᠬᠦᠷᠢᠶᠡᠨ ᠤ ᠠᠵᠤ ᠠᠬᠤᠶ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ︵ᠬᠥᠳᠡᠭᠡ ᠲᠣᠰᠬᠤᠨ ᠤ ᠵᠧᠨ ᠰᠢᠩ ᠲᠣᠪᠴᠢᠶ᠎ᠠ ︶ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠣᠣ ᠶᠦᠩ ᠰᠢᠶᠠᠩ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢᠦ ᠹᠧᠩ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠬᠥᠳᠡᠭᠡ ᠲᠣᠰᠬᠤᠨ ᠤ ᠵᠧᠨ ᠰᠢᠩ ᠲᠣᠪᠴᠢᠶ᠎ᠠ ︶ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠵᠧᠨ ᠯᠢᠨ᠂ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠯᠢᠦ ᡁᠢ ᠹᠧᠩ ᠵᠢᠴᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠬᠠᠮᠢᠶ᠎ᠠ ᠪᠥᠬᠦᠶ ᠭᠠᠵᠠᠷ ᠬᠡᠷ᠂ ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠣᠷᠣᠯᠴᠠᠵᠠᠶ᠃    4 ᠰᠠᠷ᠎ᠠ ᠶᠢᠨ 26 ᠤ ᠡᠳᠦᠷ᠂ ᠲᠦᠴᠢᠦᠸᠠᠨ ᠰᠢᠶᠠᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠦᠵᠡᠵᠦ ᠪᠣᠯᠪᠠᠰᠤᠷᠠᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠭᠤᠯᠪᠠ᠃ ᠵᠠᠩ ᠱᠤᠸᠠᠩ ᠴᠧᠩ᠂ ᠸᠠᠩ ᠶᠦᠩ ᠵᠢᠶᠠ᠂ ᠴᠧᠨ ᠭᠦᠸᠧ ᠮᠢᠩ᠂ ᠸᠠᠩ ᠶᠠᠨ ᠪᠥᠸᠧ ᠵᠡᠷᠭᠡ ᠰᠢᠶᠠᠨ ᠤ ᠲᠦᠷᠪᠡᠨ ᠶᠡᠭᠡ ᠪᠠᠭ ᠤᠨ ᠭᠤᠣᠯ ᠤᠳᠤᠷᠢᠳᠤᠯᠭ᠎ᠠ ᠪᠦᠯᠬᠦᠮ ᠳᠠᠭᠠᠭᠤᠯᠵᠤ᠂ ᠪᠦᠬᠦ ᠰᠢᠶᠠᠨ ᠤ 12 ᠴᠡᠭ ᠲᠤ ᠭᠦᠨᠵᠡᠭᠡᠶᠢᠷᠡᠨ 26 ᠵᠦᠢᠯ ᠤᠨ ᠭᠤᠣᠯᠳᠠᠯᠭ᠎ᠠ ᠲᠠᠢ ᠠᠵᠢᠯ ᠪᠣᠯᠣᠨ ᠭᠤᠣᠯᠳᠠᠯᠭ᠎ᠠ ᠲᠠᠢ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃    4 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠬᠤᠷᠢᠨ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢ ᠰᠡᠯᠪᠢᠨ ᠵᠠᠰᠠᠬᠤ᠂ 2024 ᠣᠨ ᠤ ᠰᠣᠶᠣᠯ ᠵᠢᠭᠤᠯᠴᠢᠯᠠᠯ ᠤᠨ ᠭᠤᠤᠯᠳᠠᠯᠭ᠎ᠠ ᠲᠠᠢ ᠠᠵᠢᠯ ᠵᠡᠷᠭᠡ ᠵᠦᠢᠯᠡᠰ ᠢ ᠰᠤᠳᠤᠯᠵᠤ᠂ ︽ᠲᠦᠴᠢᠦᠸᠠᠨ ᠰᠢᠶᠠᠨ ᠤ ᠬᠠᠷ᠎ᠠ ᠬᠥᠷᠥᠰᠥᠲᠦ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠠᠰᠢᠭᠯᠠᠬᠤ ᠬᠠᠮᠢᠶᠠᠷᠤᠯᠲᠠ ᠶᠢᠨ ᠠᠷᠭ᠎ᠠ ︾ ︵ᠳᠣᠷᠣᠭᠰᠢ ︽ᠠᠷᠭ᠎ᠠ ︾ ᠭᠡᠵᠦ ᠲᠣᠪᠴᠢᠯᠠᠨ᠎ᠠ ︶ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ 2024 ᠣᠨ ᠤ ᠨᠢᠭᠡᠳᠦᠭᠡᠷ ᠤᠯᠠᠷᠢᠯ ᠤᠨ ᠶᠡᠭᠡ ᠲᠣᠭᠠᠨ ᠤ ᠪᠠᠯᠠ ᠮᠥᠩᠭᠦ ᠶᠢᠨ ᠬᠡᠷᠡᠭᠯᠡᠯᠲᠡ᠂ ᠳᠡᠭᠡᠳᠦ ᠱᠠᠲᠤᠨ ᠤ ᠪᠠᠯᠠ ᠮᠥᠩᠭᠦ ᠣᠯᠤᠭᠰᠠᠨ ᠪᠠᠶᠢᠳᠠᠯ ᠢ ᠵᠠᠷᠯᠠᠨ ᠮᠡᠳᠡᠭᠳᠡᠬᠦ ᠶᠢᠨ ᠬᠠᠮᠲᠤ᠂ ᠠᠵᠤ ᠠᠬᠤᠶ ᠶᠢᠨ ᠪᠠᠶᠢᠳᠠᠯ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠣᠳᠣᠬᠠᠨ ᠤ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    4 ᠰᠠᠷ᠎ᠠ ᠶᠢᠨ 30 ᠤ ᠡᠳᠦᠷ᠂ ᠲᠦᠴᠢᠦᠸᠠᠨ ᠰᠢᠶᠠᠨ ᠤ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ︾᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ︾ ᠵᠢᠩᠬᠢᠨᠢ ᠪᠠᠷ ᠡᠬᠢᠯᠡᠪᠡ᠃ ᠵᠠᠩ ᠱᠤᠸᠠᠩ ᠴᠧᠩ᠂ ᠸᠠᠩ ᠶᠦᠩ ᠵᠢᠶᠠ᠂ ᠸᠠᠩ ᠶᠠᠨ ᠪᠥᠸᠧ ᠵᠡᠷᠭᠡ ᠰᠢᠶᠠᠨ ᠤ ᠤᠳᠤᠷᠢᠳᠤᠯᠭ᠎ᠠ ᠰᠢᠶᠠᠨ ᠤ ᠳᠣᠲᠣᠷᠠᠬᠢ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠲᠠᠢ ᠬᠠᠮᠲᠤ 1000 ᠭᠠᠷᠤᠢ ᠬᠥᠮᠦᠨ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃    4 ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠲᠦᠴᠢᠦᠸᠠᠨ ᠰᠢᠶᠠᠨ ᠤ ᠠᠷᠪᠠᠨ ᠳᠥᠷᠪᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠱᠦᠵᠢ ᠺᠠᠩ ᠬᠤᠩ ᠪᠥᠸᠧ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠨ ᠪᠥᠸᠧ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠸᠠᠩ ᠵᠢᠶᠠᠨ ᠭᠦᠸᠧ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠠᠨ ᠰᠢᠶᠠᠨ ᠹᠧᠩ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠬᠤ ᠶᠠᠩ ᠵᠢᠴᠢ ᠠᠬ᠎ᠠ ᠳᠡᠭᠦᠦ ᠬᠤᠰᠢᠭᠤ ᠰᠢᠶᠠᠨ ᠤ ᠡᠪᠯᠡᠯ ᠤᠨ ᠬᠤᠷᠢᠶᠠᠨ ᠤ ᠬᠠᠷᠢᠭᠤᠴᠠᠯᠭᠠᠲᠠᠨ᠂ ᠡᠪᠯᠡᠯ ᠤᠨ ᠬᠤᠷᠢᠶᠠᠨ ᠤ ᠨᠠᠮ ᠤᠨ ᠬᠤᠷᠢᠶᠠᠨ ᠤ ᠬᠤᠭᠤᠴᠠᠭ᠎ᠠ ᠪᠦᠷᠢ ᠶᠢᠨ ᠪᠦᠷᠢᠯᠳᠦᠬᠦᠨ ᠨᠡᠷ ᠬᠤᠷᠠᠯ ᠳᠤ ᠣᠷᠣᠯᠴᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号