ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ | ᠪᠦᠲᠦᠮᠵᠢᠲᠡᠶ ᠪᠠᠬᠢᠵᠢᠭᠦᠯᠵᠦ᠂ ᠴᠡᠪᠡᠷ ᠴᠡᠮᠴᠡᠭᠡᠷ᠂ ᠦᠵᠡᠰᠬᠦᠯᠡᠩᠲᠦ ᠰᠠᠶᠢᠬᠠᠨ ᠲᠣᠰᠬᠤᠨ ᠤ ᠳᠦᠷᠰᠦ ᠪᠠᠶᠢᠳᠠᠯ ᠢ | ᠪᠣᠶ ᠪᠣᠯᠭᠠᠬᠤ ᠶᠢᠨ ᠲᠥᠯᠥᠭᠡ᠂ ᠱᠦᠶ ᠴᠢᠤᠸᠠᠨ ᠪᠠᠯᠭᠠᠰᠤ ︽ᠴᠡᠭ ᠢᠶᠠᠷ ᠪᠦᠬᠦ ᠲᠠᠯ᠎ᠠ ᠶᠢ ᠳᠠᠶᠢᠴᠢᠯᠠᠬᠤ᠂ ᠲᠥᠷᠥᠯ | ᠬᠤᠪᠢᠶᠠᠨ ᠬᠡᠷᠡᠭᠵᠢᠭᠦᠯᠬᠦ᠂ ᠪᠦᠬᠦᠯᠢ ᠴᠣᠭᠴᠠ ᠪᠠᠷ ᠠᠬᠢᠭᠤᠯᠬᠤ︾ ᠵᠠᠷᠴᠢᠮ ᠶᠣᠰᠣᠭᠠᠷ᠂ ︽ᠴᠡᠭᠴᠡᠯᠡᠨ ᠵᠠᠰᠠᠵᠤ | ᠳᠡᠭᠡᠭᠰᠢᠯᠡᠭᠦᠯᠬᠦ︾ ᠳᠡᠭᠡᠷ᠎ᠡ ᠬᠦᠴᠦ ᠣᠷᠣᠭᠤᠯᠵᠤ᠂ ︽ᠬᠡᠪ ᠤᠨ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ︾ | ᠲᠠᠯ᠎ᠠ ᠪᠠᠷ ᠬᠦᠴᠦ ᠣᠷᠣᠭᠤᠯᠵᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠳᠦᠷᠰᠦ ᠪᠠᠶᠢᠳᠠᠯ ᠢ ᠲᠠᠰ | ᠳᠡᠪᠰᠢᠭᠦᠯᠬᠦ ᠶᠢ ᠦᠷᠭᠦᠯᠵᠢᠯᠡᠨ ᠠᠬᠢᠭᠤᠯᠵᠤ᠂ ᠣᠷᠣᠰᠢᠨ ᠰᠠᠭᠤᠷᠢᠰᠢᠬᠤ ᠦᠶᠯᠡᠰ ᠪᠤᠰᠬᠠᠬᠤ ᠳᠤ ᠲᠣᠬᠢᠷᠠᠮᠵᠢᠲᠠᠶ ᠪᠠ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠥᠩᠭᠡ ᠪᠤᠳᠤᠭ ᠨᠡᠮᠡᠷᠢᠯᠡᠪᠡ᠃ | | ᠤᠬᠠᠭᠤᠯᠭ᠎ᠠ ᠶᠢ ᠠᠳᠬᠤᠵᠤ᠂ ︽ᠪᠣᠳᠠᠲᠠᠢ︾ ᠪᠠᠷ ᠳᠡᠪᠢᠰᠬᠡᠷ ᠦᠩᠭᠡ ᠶᠢ ᠨᠢ ᠢᠯᠭᠠᠷᠠᠭᠤᠯᠤᠨ᠎ᠠ᠃ | ᠸᠢᠴᠠᠲ ᠤᠨ ᠴᠤᠭᠯᠠᠷᠠᠯ᠂ ᠲᠣᠮᠣ ᠪᠦᠷᠢᠶ᠎ᠡ᠂ ᠣᠯᠠᠨ ᠨᠡᠶᠢᠲᠡ ᠶᠢᠨ ᠳ᠋ᠤᠭᠠᠷ ᠵᠡᠷᠭᠡ ᠠᠷᠭ᠎ᠠ ᠮᠠᠶ᠋ᠢᠭ ᠢ ᠠᠰᠢᠭᠯᠠᠨ | ᠪᠥᠬᠦ ᠲᠠᠯ᠎ᠠ ᠪᠠᠷ ᠤᠬᠠᠭᠤᠯᠵᠤ᠂ ᠳᠠᠬᠢᠨ ᠳᠠᠶᠢᠴᠢᠯᠠᠨ᠂ ᠣᠯᠠᠨ ᠲᠦᠮᠡᠨ ᠢ ᠬᠥᠲᠥᠯᠥᠨ ᠳᠠᠭᠠᠭᠤᠯᠵᠤ ᠪᠠᠶᠢᠭᠠᠳ | ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠳᠤ ᠰᠠᠨᠠᠭᠠᠴᠢᠯᠠᠭ᠎ᠠ ᠠᠴᠠ | ᠪᠠᠨ ᠣᠷᠣᠯᠴᠠᠭᠤᠯᠵᠤ᠂ ᠥᠷᠭᠡᠨ ᠣᠯᠠᠨ ᠲᠦᠮᠡᠨ ᠤ ︽ᠡᠵᠡᠨ ᠬᠥᠮᠦᠨ︾ ᠤ ᠤᠬᠠᠮᠰᠠᠷ ᠢ ᠬᠥᠭᠵᠢᠭᠡᠵᠦ᠂ ︽ | ᠨᠠᠳᠠ ᠪᠠᠷ ᠬᠢᠯᠭᠡᠬᠦ︾ ᠶᠢ ︽ᠪᠢ ᠬᠢᠬᠦ︾ ᠪᠣᠯᠭᠠᠨ ᠬᠤᠪᠢᠷᠠᠭᠤᠯᠵᠤ᠂ ᠬᠦᠴᠦᠨ ᠢᠶᠠᠨ ᠲᠥᠪᠯᠡᠷᠡᠭᠦᠯᠦᠨ ︽ᠦᠨᠴᠦᠭ | ᠪᠤᠯᠤᠩ︾ ᠢ ᠴᠡᠪᠡᠷᠯᠡᠵᠦ᠂ ︽ᠪᠠᠯᠠᠶ ᠣᠷᠣᠨ︾ ᠢ ᠠᠷᠢᠯᠭᠠᠨ᠂ ︽ᠠᠷᠬᠠᠭ ᠬᠡᠮ︾ ᠢ ᠵᠠᠰᠠᠵᠤ᠂ ᠪᠥᠬᠦ ᠠᠷᠠᠳ | ᠢᠶᠠᠷ ᠢᠶᠠᠨ ᠭᠠᠷ ᠬᠤᠯᠪᠣᠨ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠤᠨ᠎ᠠ᠃ | ᠣᠳᠣᠬᠠᠨ ᠪᠣᠯᠲᠠᠯ᠎ᠠ᠂ ᠨᠠᠮ ᠤᠨ ᠭᠡᠰᠢᠭᠦᠨ᠂ ᠰᠠᠶᠢᠨ ᠳᠤᠷᠠᠴᠤᠳ ᠢ ᠨᠡᠶᠢᠲᠡ 4 ᠤᠳᠠᠭ᠎ᠠ ᠵᠣᠬᠢᠶᠠᠨ ᠪᠠᠶᠢᠭᠤᠯᠤᠨ | ᠡᠷᠦᠬᠡ ᠳᠤ ᠬᠦᠷᠴᠦ ᠤᠬᠠᠭᠤᠯᠤᠨ ᠢᠳᠬᠠᠵᠤ᠂ 1000 ᠭᠠᠷᠤᠶ ᠡᠷᠦᠬᠡ ᠶᠢ ᠬᠠᠮᠤᠷᠴᠤ᠂ ᠸᠢᠴᠠᠲ ᠤᠨ ᠴᠤᠭᠯᠠᠷᠠᠯ | ᠢ ᠳᠠᠮᠵᠢᠭᠤᠯᠤᠨ ᠲᠠᠷᠬᠠᠭᠠᠬᠤ ᠵᠢᠴᠢ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠲᠥᠷᠥ ᠶᠢᠨ ᠪᠣᠳᠣᠯᠭ᠎ᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠯᠭᠡ ᠶᠢ | 8 ᠤᠳᠠᠭ᠎ᠠ ᠨᠡᠶᠢᠲᠡᠯᠡᠵᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ︽ᠣᠬᠤᠷ ᠬᠤᠭᠤᠴᠠᠭᠠᠨ ᠤ ᠠᠷᠢᠭᠤᠨ | ᠴᠡᠪᠡᠷ︾ ᠪᠠᠶᠢᠭᠰᠠᠨ ᠠᠴᠠ ︽ᠣᠷᠳᠣ ᠬᠤᠭᠤᠴᠠᠭᠠᠨ ᠤ ᠠᠷᠢᠭᠤᠨ ᠴᠡᠪᠡᠷ︾ ᠪᠣᠯᠭᠠᠨ ᠬᠤᠪᠢᠷᠠᠭᠤᠯᠬᠤ ᠶᠢ | ᠬᠦᠴᠦᠯᠡᠨ ᠠᠬᠢᠭᠤᠯᠵᠤ᠂ ᠠᠷᠢᠭᠤᠨ ᠴᠡᠪᠡᠷ ᠣᠷᠣᠰᠢᠨ ᠰᠠᠭᠤᠬᠤ ᠳᠤ ᠲᠠᠭᠠᠯᠠᠮᠵᠢᠲᠠᠶ ᠠᠮᠢᠳᠤᠷᠠᠯ ᠤᠨ ᠣᠷᠴᠢᠨ | ᠲᠣᠭᠤᠷᠢᠨ ᠢ ᠬᠦᠴᠦᠯᠡᠨ ᠪᠣᠶ ᠪᠣᠯᠭᠠᠪᠠ᠃ ᠡᠭᠦᠨ ᠤ ᠬᠠᠮᠲᠤ᠂ ᠬᠥᠳᠡᠭᠡ ᠲᠣᠰᠬᠤᠨ ᠤ ᠵᠠᠰᠠᠯᠲᠠ ᠶᠢᠨ ︽ᠬᠤᠪᠢ | ᠬᠤᠷᠠᠮᠳᠤᠭᠤᠯᠬᠤ ᠲᠦᠷᠢᠮ︾ ᠢᠶᠠᠷ ᠲᠦᠰᠢᠭ ᠪᠣᠯᠭᠠᠵᠤ᠂ ︽ᠬᠠᠮᠤᠭ ᠤᠨ ᠭᠤᠶᠣ ᠬᠡᠷ ᠪᠦᠯᠢ︾ ᠶᠢ | ᠰᠢᠯᠭᠠᠷᠠᠭᠤᠯᠬᠤ᠂ ︽ᠬᠠᠮᠤᠭ ᠤᠨ ᠭᠤᠶᠣ ᠬᠦᠷᠢᠶ᠎ᠡ ᠬᠠᠰᠢᠶ᠎ᠠ︾ ᠶᠢ ᠡᠭᠦᠳᠦᠨ ᠪᠠᠶᠢᠭᠤᠯᠬᠤ᠂ ︽ᠪᠣᠯᠪᠠᠰᠤᠨ ᠬᠡᠷ | ᠪᠦᠯᠢ︾ ᠶᠢ ᠰᠢᠯᠭᠠᠷᠠᠭᠤᠯᠬᠤ ᠵᠡᠷᠭᠡ ᠲᠣᠭᠲᠠᠴᠠ ᠶᠢ ᠡᠮᠬᠢᠯᠡᠨ ᠨᠡᠶᠢᠯᠡᠭᠦᠯᠵᠦ᠂ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠬᠤᠪᠢ ᠬᠤᠷᠠᠮᠳᠤᠭᠤᠯᠬᠤ ᠬᠡᠪᠴᠢᠶᠡᠨ ᠳᠤ ᠣᠷᠣᠭᠤᠯᠵᠤ᠂ ᠣᠯᠠᠨ | ᠲᠦᠮᠡᠨ ᠤ ᠬᠥᠳᠡᠯᠮᠦᠷᠢ ᠪᠠᠷ ᠢᠶᠠᠨ ᠬᠤᠪᠢ ᠬᠤᠷᠠᠮᠳᠤᠭᠤᠯᠬᠤ᠂ ᠬᠤᠪᠢ ᠬᠤᠷᠠᠮᠳᠤᠭᠤᠯᠬᠤ ᠪᠠᠷ ᠱᠠᠩᠨᠠᠯ ᠰᠣᠯᠢᠬᠤ ᠶᠢ | ᠵᠣᠷᠢᠭᠵᠢᠭᠤᠯᠵᠤ᠂ ᠣᠯᠠᠨ ᠲᠦᠮᠡᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠳᠤ | ᠣᠷᠣᠯᠴᠠᠬᠤ ᠳᠣᠲᠣᠭᠠᠳᠤ ᠬᠥᠳᠡᠯᠭᠡᠬᠦ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠬᠥᠳᠡᠭᠡ ᠲᠣᠰᠬᠤᠨ ᠢ ︽ | ᠨᠠᠮᠠᠶᠢ ᠭᠤᠶᠣ ᠰᠠᠶᠢᠬᠠᠨ ᠪᠣᠯᠭᠠᠬᠤ︾ ᠠᠴᠠ ︽ᠪᠢ ᠭᠤᠶᠣ ᠰᠠᠶᠢᠬᠠᠨ ᠪᠣᠯᠭᠠᠬᠤ︾ ᠲᠡᠶᠢᠰᠢ ᠬᠤᠪᠢᠰᠬᠤ ᠶᠢ | ᠪᠡᠶᠡᠯᠡᠭᠦᠯᠦᠨ᠎ᠡ᠃ | | ᠵᠠᠰᠠᠯᠲᠠ ᠶᠢ ᠠᠳᠬᠤᠵᠤ᠂ ︽ᠠᠵᠢᠯᠯᠠᠬᠤ︾ ᠪᠠᠷ ᠤᠤᠷ ᠴᠢᠨᠠᠷ ᠢᠶᠠᠨ ᠢᠯᠡᠷᠡᠭᠦᠯᠬᠦ ᠬᠡᠷᠡᠭᠲᠡᠢ᠃ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠰᠬᠠᠢ ᠰᠡᠳᠦᠪᠲᠦ ᠬᠤᠷᠠᠯ ᠢ ᠤᠯᠠᠨ | ᠤᠳᠠᠭ᠎ᠠ ᠬᠤᠷᠠᠯᠳᠤᠭᠤᠯᠵᠤ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ | ᠥᠨᠴᠥᠭ ᠪᠤᠯᠤᠩ ᠦᠯᠡᠳᠡᠭᠡᠯ ᠦᠭᠡᠢ ᠪᠦᠬᠦᠨ ᠢ ᠪᠦᠷᠬᠦᠭᠦᠯᠬᠦ ᠪᠠᠷ ᠴᠢᠷᠮᠠᠶᠢᠪᠠ᠃ ᠲᠣᠰᠬᠤᠨ ᠢ ᠳᠠᠭᠠᠭᠠᠴᠢᠯᠠᠭᠰᠠᠨ | ᠤᠳᠤᠷᠢᠳᠤᠯᠭ᠎ᠠ ᠲᠦᠷᠦᠭᠦᠯᠡᠨ᠂ ᠠᠵᠢᠯᠲᠠᠨ ᠤ ᠬᠦᠴᠦᠨ ᠢ ᠪᠦᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ᠲᠣᠰᠬᠤᠨ ᠤ | ᠺᠠᠳ᠋ᠷ᠂ ᠨᠠᠮ ᠤᠨ ᠭᠡᠰᠢᠭᠦᠨ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠵᠡᠷᠭᠡ ᠶᠢ ︽ᠨᠠᠷᠢᠯᠢᠭ︾ | ᠭᠠᠵᠠᠷ ᠠᠴᠠ ᠭᠠᠷᠳᠠᠨ᠂ ︽ᠪᠣᠳᠠᠲᠠᠶ︾ ᠭᠠᠵᠠᠷ ᠲᠤ ᠬᠦᠴᠦ ᠣᠷᠣᠭᠤᠯᠬᠤ ᠬᠡᠷᠡᠭᠲᠡᠶ᠃ ᠲᠣᠰᠬᠤᠨ ᠤ ᠳᠣᠲᠣᠨ᠎ᠠ | ᠭᠠᠳᠠᠨᠠᠬᠢ ᠭᠤᠣᠯ ᠵᠠᠮ᠂ ᠬᠤᠭ ᠨᠣᠪᠰᠢ ᠪᠤᠯᠠᠬᠤ ᠭᠠᠵᠠᠷ᠂ ᠵᠡᠭᠡᠯᠢ ᠭᠤᠳᠤᠮᠵᠢ ᠵᠡᠷᠭᠡ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠤᠨ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ︽ᠬᠥᠮᠦᠨ ᠤ ᠬᠦᠴᠦ + | ᠮᠠᠰᠢᠨ ᠮᠧᠬᠠᠨᠢᠭ︾ ᠠᠷᠭ᠎ᠠ ᠬᠡᠯᠪᠡᠷᠢ ᠪᠠᠷ ᠡᠰᠢ ᠰᠦᠷᠡᠯ᠂ ᠡᠯᠳᠡᠪ ᠡᠪᠡᠰᠦ᠂ ᠬᠤᠪᠠᠭ᠋ᠠᠢ ᠰᠠᠯᠠᠭ᠎ᠠ ᠨᠠᠪᠴᠢ᠂ ᠪᠠᠷᠢᠯᠭ᠎ᠠ | ᠶᠢᠨ ᠠᠮᠢᠳᠤᠷᠠᠯ ᠤᠨ ᠬᠤᠭ ᠨᠣᠪᠰᠢ᠂ ᠡᠪᠳᠡᠷᠬᠡᠢ ᠬᠡᠷᠡᠮ ᠬᠠᠨ᠎ᠠ᠂ ᠵᠢᠵᠢᠭ ᠵᠠᠷ ᠮᠡᠳᠡᠭᠡ ᠵᠡᠷᠭᠡ ᠠᠰᠠᠭᠤᠳᠠᠯ ᠢ | ᠴᠡᠪᠡᠷᠯᠡᠨ ᠴᠡᠭᠴᠡᠯᠡᠵᠦ᠂ ᠨᠡᠶᠢᠲᠡ 800 ᠭᠠᠷᠤᠢ ᠬᠥᠮᠦᠨ ᠤᠳᠠᠭ᠎ᠠ᠂ 60 ᠭᠠᠷᠤᠢ ᠮᠠᠰᠢᠨ ᠬᠥᠳᠡᠯᠭᠡᠵᠦ᠂ 70 | ᠭᠠᠷᠤᠢ ᠲᠣᠨ ᠡᠰᠢ ᠰᠦᠷᠡᠯ᠂ ᠡᠯᠳᠡᠪ ᠪᠣᠳᠠᠰ ᠵᠢᠴᠢ ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠵᠦ | ᠂ 85 ᠮᠤᠬᠤᠷ ᠥᠨᠴᠥᠭ ᠢ ᠴᠡᠭᠴᠡᠯᠡᠨ ᠵᠠᠰᠠᠵᠤ᠂ 26 ᠨᠦᠬᠡ ᠴᠥᠭᠦᠷᠥᠮ ᠢ ᠴᠡᠭᠴᠡᠯᠡᠨ ᠵᠠᠰᠠᠵᠤ᠂ ᠬᠥᠳᠡᠭᠡ | ᠲᠣᠰᠬᠤᠨ ᠤ ︽ᠨᠢᠭᠡ ᠭᠠᠵᠠᠷ ᠭᠤᠶᠤ︾ ᠪᠠᠶᠢᠭᠰᠠᠨ ᠠᠴᠠ ︽ᠭᠠᠵᠠᠷ ᠪᠣᠯᠭᠠᠨ ᠳᠤ ᠭᠤᠶᠤ︾ ᠲᠡᠶᠢᠰᠢ ᠬᠤᠪᠢᠷᠠᠬᠤ | ᠶᠢ ᠪᠡᠶᠡᠯᠡᠭᠦᠯᠪᠡ᠃ | | | | | | ᠤᠷᠳᠤ ᠬᠤᠭᠤᠴᠠᠭ᠎ᠠ ᠪᠦᠲᠦᠮᠵᠢᠲᠡᠢ ᠪᠠᠶᠢᠬᠤ ᠶᠢ ᠠᠳᠬᠤᠵᠤ᠂ ︽ᠬᠠᠮᠢᠶᠠᠷᠬᠤ︾ ᠪᠠᠷ ᠴᠢᠨᠠᠷ ᠴᠢᠨᠰᠠᠭ᠎ᠠ ᠶᠢ | ᠲᠤᠪᠤᠶᠢᠯᠭᠠᠨ᠎ᠠ᠃ | ᠣᠷᠣᠰᠢᠨ ᠰᠠᠭᠤᠬᠤ ᠣᠷᠴᠢᠨ ᠨᠥᠬᠦᠴᠡᠯ ᠤᠨ ᠱᠠᠭᠠᠷᠳᠠᠯᠭ᠎ᠠ ᠶᠢ ︽ᠭᠠᠴᠠᠭᠠᠨ ᠤ ᠲᠣᠭᠲᠠᠭᠠᠯ ᠠᠷᠠᠳ ᠤᠨ | ᠭᠡᠷ᠎ᠡ︾ ᠳᠤ ᠣᠷᠣᠭᠤᠯᠵᠤ᠂ ᠭᠠᠴᠠᠭᠠᠨ ᠤ ᠠᠷᠠᠳ ᠤᠨ ᠠᠮᠢᠳᠤᠷᠠᠯ ᠤᠨ ᠳᠠᠳᠬᠠᠯ ᠢᠶᠠᠨ ᠬᠤᠪᠢᠷᠠᠭᠤᠯᠬᠤ ᠶᠢ | ᠢᠳᠡᠪᠬᠢᠲᠡᠢ ᠬᠦᠲᠦᠯᠦᠨ ᠵᠢᠯᠣᠭᠤᠳᠤᠨ᠎ᠠ᠃ ᠲᠤᠤᠷᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ︽ᠨᠠᠮ ᠤᠨ | ᠡᠭᠦᠷ + ᠨᠠᠮ ᠤᠨ ᠭᠡᠰᠢᠭᠦᠨ + ᠤᠯᠠᠨ ᠲᠦᠮᠡᠨ︾ ᠭᠤᠷᠪᠠᠨ ᠱᠠᠲᠤᠨ ᠤ ᠬᠠᠮᠢᠶᠠᠷᠤᠯᠲᠠ ᠶᠢᠨ ᠰᠢᠰᠲ᠋ᠧᠮ ᠢ | ᠪᠦᠷᠢᠯᠳᠦᠭᠦᠯᠬᠦ ᠶᠢ ᠠᠬᠢᠭᠤᠯᠵᠤ᠂ ᠡᠭᠦᠷᠭᠡ ᠶᠢ ᠨᠠᠷᠢᠯᠢᠬᠵᠢᠭᠤᠯᠵᠤ᠂ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ | ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠵᠤ᠂ ︽ᠡᠳᠦᠷ ᠪᠦᠷᠢ ᠴᠡᠪᠡᠷᠯᠡᠬᠦ︾ ᠢ ᠪᠠᠷᠢᠮᠲᠠᠯᠠᠵᠤ᠂ ᠤᠷᠳᠤ | ᠬᠤᠭᠤᠴᠠᠭᠠᠨ ᠤ ᠪᠦᠲᠦᠮᠵᠢᠲᠡᠢ ᠠᠷᠢᠭᠤᠨ ᠴᠡᠪᠡᠷ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢ ᠪᠦᠬᠦ ᠲᠠᠯ᠎ᠠ | ᠪᠠᠷ ᠬᠡᠷᠡᠭᠵᠢᠭᠦᠯᠦᠨ᠎ᠡ᠃ ︽ᠲᠣᠭᠲᠠᠭᠰᠠᠨ ᠬᠤᠭᠤᠴᠠᠭ᠎ᠠ ᠲᠠᠢ ᠬᠢᠨᠠᠨ ᠪᠠᠶᠢᠴᠠᠭᠠᠬᠤ + ᠲᠠᠰᠢᠷᠠᠮ ᠳᠠᠭᠠᠤ ᠰᠤᠭᠤᠴᠢᠨ | ᠪᠠᠶᠢᠴᠠᠭᠠᠬᠤ︾ ᠠᠵᠢᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠲᠣᠰᠬᠤᠨ ᠤ ᠣᠷᠴᠢᠨ ᠲᠣᠭᠤᠷᠢᠨ | ᠤ ᠡᠷᠡᠭᠦᠯ ᠬᠠᠮᠠᠭᠠᠯᠠᠯ ᠢ ᠪᠥᠬᠦ ᠲᠠᠯ᠎ᠠ ᠪᠠᠷ ᠬᠢᠨᠠᠨ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠢ ᠲᠤᠬᠠᠶ ᠶᠢᠨ | ᠲᠠᠯᠠᠪᠤᠷ ᠲᠤ ᠲᠤᠰᠢᠶᠠᠨ ᠰᠢᠶᠳᠪᠦᠷᠢᠯᠡᠭᠦᠯᠵᠦ ᠡᠯ᠎ᠡ ᠲᠣᠰᠬᠤᠨ ᠤ ᠬᠢᠨ ᠳᠠᠷᠤᠶ ᠲᠦᠷᠭᠡᠨ ᠴᠡᠭᠴᠡᠯᠡᠨ | ᠰᠠᠶᠢᠵᠢᠷᠠᠭᠤᠯᠵᠤ᠂ ᠡᠬᠢ ᠡᠭᠦᠰᠦᠯ ᠠᠴᠠ ᠨᠢ ︽ᠠᠷᠬᠠᠭ ᠬᠡᠮ︾ ᠳᠠᠬᠢᠨ ᠡᠭᠦᠰᠬᠦ ᠶᠢ ᠰᠡᠷᠭᠡᠶᠢᠯᠡᠵᠦ᠂ ᠴᠡᠭᠴᠡᠯᠡᠨ | ᠰᠠᠶᠢᠵᠢᠷᠠᠭᠤᠯᠬᠤ ᠶᠢ ︽ᠣᠬᠤᠷ ᠬᠤᠭᠤᠴᠠᠭᠠᠨ ᠤ ᠵᠠᠰᠠᠯᠲᠠ︾ ᠠᠴᠠ ︽ᠣᠷᠳᠣ ᠬᠤᠭᠤᠴᠠᠭᠠᠨ ᠤ ᠪᠦᠲᠦᠮᠵᠢᠲᠡᠶ | ᠬᠠᠮᠢᠶᠠᠷᠤᠯᠲᠠ ᠬᠠᠮᠠᠭᠠᠯᠠᠯᠲᠠ︾ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠪᠥᠬᠦ ᠪᠠᠯᠭᠠᠰᠤᠨ ᠤ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠪᠠᠶᠢᠩᠭᠤ ᠵᠠᠰᠠᠵᠤ ᠪᠠᠶᠢᠩᠭᠤ ᠴᠡᠪᠡᠷᠯᠡᠬᠦ ᠶᠢ ᠪᠠᠲᠤᠯᠠᠵᠤ᠂ ᠬᠥᠳᠡᠭᠡ ᠲᠣᠰᠬᠤᠨ | ᠤ ︽ᠨᠢᠭᠡ ᠴᠠᠭ ᠤᠨ ᠭᠤᠸ᠎ᠠ ᠰᠠᠶᠢᠬᠠᠨ︾ ᠠᠴᠠ ︽ᠢᠮᠠᠭᠲᠠ ᠭᠤᠸ᠎ᠠ ᠰᠠᠶᠢᠬᠠᠨ︾ ᠪᠣᠯᠭᠠᠨ ᠳᠡᠭᠡᠭᠰᠢᠯᠡᠭᠦᠯᠬᠦ ᠶᠢ | ᠪᠡᠶᠡᠯᠡᠭᠦᠯᠦᠨ᠎ᠡ᠃ | |