ᠬᠢᠨᠭ᠍ᠭᠠᠨ ᠠᠶᠢᠮᠠᠬ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠠᠮᠤᠷ ᠡᠪᠦᠯ ᠤᠨ ᠡᠷᠡᠭᠦᠯ ᠮᠡᠨᠳᠦ ᠶᠢᠨ ᠬᠥᠮᠦᠵᠢᠯ ᠤᠨ ᠲᠤᠬᠠᠢ ᠲᠤᠰᠬᠠᠶ ᠰᠡᠳᠦᠪᠲᠦ ᠲᠠᠶᠢᠯᠪᠤᠷᠢᠯᠠᠯᠳᠠ ᠬᠢᠵᠠᠢ
ᠨᠡᠶᠢᠲᠡᠯᠡᠭᠰᠡᠨ ᠴᠠᠭ᠄
2024/11/19
   ︵ᠰᠤᠷᠪᠤᠯᠵᠢᠯᠠᠭᠴᠢ ᡁᠢ ᠮᠢᠨ︶ ᠤᠯᠠᠨ ᠲᠦᠮᠡᠨ ᠤ ᠨᠠᠮᠤᠷ ᠡᠪᠦᠯ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠡᠪᠡᠳᠴᠢᠨ ᠡᠮᠭᠡᠭ ᠢ ᠰᠡᠷᠭᠡᠶᠢᠯᠡᠬᠦ ᠴᠢᠳᠠᠪᠤᠷᠢ ᠪᠣᠯᠤᠨ ᠡᠷᠡᠭᠦᠯ ᠮᠡᠨᠳᠤ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ᠂ ᠦᠢᠷ᠎ᠠ ᠳᠤ ᠬᠢᠩᠭᠠᠨ ᠠᠶᠢᠮᠠᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠢᠨ ᠤᠯᠠᠭᠠᠨᠬᠤᠲᠠ ᠶᠢᠨ ᠡᠷᠡᠭᠦᠯ ᠮᠡᠨᠳᠤ ᠶᠢᠨ ᠬᠥᠮᠦᠵᠢᠯ ᠤᠨ ᠭᠠᠵᠠᠷ ᠲᠠᠢ ᠬᠠᠮᠲᠤᠷᠠᠨ᠂ ᠤᠯᠠᠭᠠᠨᠬᠤᠲᠠ ᠶᠢᠨ ᠠᠨ ᠵᠢᠤᠢ ᠨᠡᠶᠢᠭᠡᠮ ᠲᠣᠭᠤᠷᠢᠭ ᠲᠤ ᠨᠠᠮᠤᠷ ᠡᠪᠦᠯ ᠤᠨ ᠤᠯᠠᠷᠢᠯ ᠤᠨ ᠡᠷᠡᠭᠦᠯ ᠮᠡᠨᠳᠤ ᠶᠢᠨ ᠬᠥᠮᠦᠵᠢᠯ ᠤᠨ ᠲᠤᠰᠬᠠᠢ ᠰᠡᠳᠦᠪᠲᠦ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃    ᠬᠢᠨᠭ᠍ᠭᠠᠨ ᠠᠶᠢᠮᠠᠬ ᠤᠨ ᠮᠣᠩᠭᠤᠯ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ︽ᠨᠠᠰᠤᠲᠠᠶᠢᠴᠤᠳ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ︾ ᠪᠠᠷ ᠳᠠᠶᠢᠯᠪᠤᠷᠢᠯᠠᠯᠳᠠ ᠶᠢᠨ ᠭᠤᠤᠯ ᠰᠡᠳᠦᠪ ᠪᠣᠯᠭᠠᠵᠤ᠂ ᠬᠠᠯᠳᠠᠪᠤᠷᠢᠲᠤ ᠡᠪᠡᠳᠴᠢᠨ ᠤ ᠲᠦᠢᠮᠣᠴᠢᠯᠠᠯ ᠪᠠ ᠠᠩᠭᠢᠯᠠᠯ᠂ ᠠᠮᠢᠰᠬᠤᠯ ᠤᠨ ᠵᠠᠮ ᠪᠠ ᠰᠢᠩᠭᠡᠭᠡᠯᠲᠡ ᠶᠢᠨ ᠵᠠᠮ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠪᠠ ᠡᠵᠡᠮᠳᠡᠬᠦ᠂ ᠨᠠᠰᠤᠲᠠᠶᠢᠴᠤᠳ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠷᠭ᠎ᠠ ᠪᠠ ᠦᠢᠯᠡᠳᠦᠯᠭᠡ ᠵᠡᠷᠭᠡ ᠡᠷᠡᠭᠦᠯ ᠮᠡᠨᠳᠦ ᠶᠢᠨ ᠮᠡᠳᠡᠯᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠵᠠᠶ᠃ ᠲᠡᠳᠡ ᠲᠠᠶᠢᠯᠪᠤᠷᠢᠯᠠᠯᠳᠠ ᠳᠠᠭᠠᠨ ᠨᠠᠮᠤᠷ ᠡᠪᠦᠯ ᠤᠨ ᠤᠯᠠᠷᠢᠯ ᠪᠣᠯ ᠬᠠᠯᠳᠠᠪᠤᠷᠢᠲᠤ ᠡᠪᠡᠳᠴᠢᠨ ᠤᠯᠠᠨ ᠡᠭᠦᠰᠭᠦ ᠤᠯᠠᠷᠢᠯ ᠮᠥᠨ᠂ ᠡᠷᠡᠭᠦᠯ ᠬᠠᠮᠠᠭᠠᠯᠠᠯ ᠤᠨ ᠰᠠᠶᠢᠨ ᠳᠠᠳᠬᠠᠯ᠂ ᠢᠳᠡᠭᠡᠨ ᠤᠮᠳᠠᠭᠠᠨ ᠢ ᠲᠡᠩᠴᠡᠭᠦᠷᠢᠲᠡᠶ ᠪᠠᠶᠢᠯᠭᠠᠬᠤ ᠪᠠ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠤᠯᠭᠠᠵᠦ᠂ ᠪᠡᠶ᠎ᠡ ᠮᠠᠬᠠᠪᠣᠳ ᠤᠨ ᠸᠢᠷᠦ᠋ᠰ ᠢ ᠡᠰᠡᠷᠭᠦᠴᠡᠬᠦ ᠴᠢᠳᠠᠪᠤᠷᠢ ᠪᠠᠨ ᠲᠡᠭᠡᠭᠰᠢᠯᠡᠭᠦᠯᠬᠦ ᠭᠡᠷᠡᠭᠳᠠᠢ ᠭᠡᠪᠡ᠃ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠡᠮᠴᠢ ᠠᠵᠢᠯᠲᠠᠳ ᠪᠠᠰᠠ ᠨᠠᠰᠤᠲᠠᠶᠢᠴᠤᠳ ᠤᠨ ᠡᠷᠡᠭᠦᠯ ᠮᠡᠨᠳᠦ ᠶᠢᠨ ᠲᠤᠬᠠᠢ ᠮᠡᠳᠡᠯᠭᠡ ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠥᠮᠡᠨ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠤᠬᠠᠭᠤᠯᠭ᠎ᠠ ᠶᠢᠨ ᠬᠠᠭᠤᠳᠠᠰᠤ ᠶᠢ ᠨᠠᠰᠤᠲᠠᠶᠢᠴᠤᠳ ᠲᠤ ᠨᠡᠶᠢᠳᠡ 270 ᠭᠠᠷᠤᠢ ᠬᠤᠪᠢ ᠲᠠᠷᠬᠠᠭᠠᠵᠠᠢ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号