︽ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠯᠤᠲᠲ᠋ᠧᠷᠢ ᠰᠤᠭᠤᠯᠤᠭ᠎ᠠ ᠬᠤᠨᠳᠠᠭᠠᠲᠤ︾ ᠭᠤᠷᠪᠠᠨ ᠮᠤᠵᠢ ᠨᠢᠭᠡ ᠤᠷᠤᠨ ᠤ ᠣᠶᠢᠷ᠎ᠠ ᠵᠠᠮ ᠤᠨ ᠲᠦᠷᠭᠡᠨ ᠲᠡᠰᠢᠯᠲᠡ ᠶᠢᠨ ᠤᠷᠤᠯᠳᠤᠭᠠᠨ ᠲᠦᠴᠢᠦᠸᠠᠨ ᠰᠢᠶᠠᠨ  ᠳᠤ ᠡᠬᠢᠯᠡᠪᠡ
ᠨᠡᠶᠢᠲᠡᠯᠡᠭᠰᠡᠨ ᠴᠠᠭ᠄
2024/11/21
   11 ᠰᠠᠷ᠎ᠠ ᠶᠢᠨ 19 ᠤ ᠡᠳᠦᠷ᠂ 2024 ᠣᠨ ᠤ ︽ᠥᠪᠥᠷ ᠮᠣᠩᠭᠤᠯ ᠤᠨ ᠳᠠᠭᠤᠤ ᠶᠢᠨ ᠵᠤᠭᠠᠴᠠᠯ ᠤᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠭᠤᠷᠪᠠᠨ ᠮᠤᠵᠢ ᠨᠢᠭᠡ  ᠤᠷᠤᠨ ᠤ ᠤᠢᠢᠷ᠎ᠠ ᠵᠠᠮ ᠤᠨ ᠲᠦᠷᠭᠡᠨ ᠲᠡᠰᠢᠯᠲᠡ ᠶᠢᠨ ᠤᠷᠤᠯᠳᠤᠭᠠᠨ ᠲᠦᠴᠢᠦᠸᠠᠨ ᠰᠢᠶᠠᠨ ᠳᠤ ᠡᠬᠢᠯᠡᠪᠡ᠃
   ᠤᠷᠤᠯᠳᠤᠭᠠᠨ ᠢ ᠨᠠᠰᠤ ᠪᠠᠷ ᠨᠢ ᠬᠥᠬᠡᠭᠴᠢᠨ ᠳᠤᠭᠤᠶᠢᠯᠠᠩ᠂ ᠤᠯᠠᠭᠠᠨ ᠳᠤᠭᠤᠶᠢᠯᠠᠩ᠂ ᠨᠡᠶᠢᠭᠡᠮ ᠤᠨ ᠳᠤᠭᠤᠶᠢᠯᠠᠩ ᠭᠡᠵᠦ 3 ᠳᠤᠭᠤᠶᠢᠯᠠᠩ ᠬᠤᠪᠢᠶᠠᠵᠤ᠂ ᠡᠷᠡᠭᠲᠡᠶ᠂ ᠡᠮᠡᠭᠲᠡᠶ ᠲᠤᠰ ᠲᠤᠰ 500 ᠮᠧᠲᠷ᠂ 1000 ᠮᠧᠲᠷ᠂ 1500 ᠮᠧᠲᠷ ᠤᠨ ᠪᠠᠭ᠎ᠠ ᠤᠷᠤᠯᠳᠤᠭᠠᠨ ᠤ ᠵᠦᠢᠯ ᠢ ᠶᠠᠪᠤᠭᠳᠠᠭᠤᠯᠪᠠ᠂ ᠲᠤᠰ ᠤᠳᠠᠭᠠᠨ ᠤ ᠤᠷᠤᠯᠳᠤᠭᠠᠨ ᠳᠤ ᠭᠤᠷᠪᠠᠨ ᠮᠤᠵᠢ ᠨᠢᠭᠡ ᠣᠷᠣᠨ ᠠᠴᠠ ᠢᠷᠡᠭᠰᠡᠨ 9 ᠲᠥᠯᠥᠭᠡᠯᠡᠭᠴᠢᠳ ᠤᠨ ᠠᠩᠭᠢ ᠶᠢᠨ 108 ᠲᠠᠮᠢᠷᠴᠢᠨ ᠢᠳᠡᠪᠬᠢᠲᠡᠶ ᠣᠷᠣᠯᠴᠠᠪᠠ᠃
   ︽ᠲᠦᠷᠭᠡᠨ ᠲᠡᠰᠢᠯᠲᠡ ᠭᠡᠬᠦ ᠡᠨᠡ ᠬᠦ ᠮᠥᠰᠥᠨ ᠳᠡᠭᠡᠷᠡᠬᠢ ᠬᠥᠳᠡᠯᠭᠡᠭᠡᠨ ᠨᠢ ᠬᠥᠮᠦᠨ ᠤ ᠪᠡᠶ᠎ᠡ ᠮᠠᠬᠠᠪᠣᠳ ᠢ ᠪᠣᠯᠪᠠᠰᠤᠷᠠᠭᠤᠯᠬᠤ ᠪᠠᠷ ᠪᠠᠷᠠᠬᠤ ᠦᠭᠡᠢ᠂ ᠪᠠᠰᠠ ᠬᠥᠮᠦᠨ ᠤ ᠰᠥᠰᠥ ᠵᠣᠷᠢᠭ ᠢ  ᠨᠡᠮᠡᠭᠳᠡᠭᠦᠯᠦᠨ᠎ᠡ᠂ ᠡᠶᠢᠮᠦᠷᠭᠦᠤ ᠤᠷᠤᠯᠳᠤᠭᠤᠨ ᠳᠤ ᠦᠷᠭᠦᠯᠵᠢᠯᠡᠨ ᠣᠷᠣᠯᠴᠠᠵᠤ᠂ ᠨᠠᠩ ᠣᠯᠠᠨ ᠬᠥᠮᠦᠨ ᠳᠤ ᠲᠦᠷᠭᠡᠨ ᠲᠡᠰᠢᠯᠲᠡ ᠶᠢ ᠣᠢᠯᠠᠭᠠᠭᠤᠯᠬᠤ ᠶᠢᠨ ᠬᠠᠮᠲᠤ ᠨᠠᠩ ᠣᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠬᠤ ᠶᠢ ᠬᠦᠰᠡᠵᠦ ᠪᠠᠶᠢᠨ᠎ᠠ᠃︾ ᠭᠡᠵᠦ ᠬᠢᠩᠭᠠᠨ ᠠᠶᠢᠮᠠᠭ ᠤᠨ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠲᠥᠯᠥᠭᠡᠯᠡᠭᠴᠢᠳ  ᠤᠨ ᠠᠩᠭᠢ ᠶᠢᠨ ᠭᠡᠰᠢᠭᠦᠨ ᠹᠠᠩ ᠵᠧ ᠪᠠᠶᠠᠷᠲᠠᠶ ᠬᠡᠯᠡᠨ᠎ᠡ᠃
   ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠬᠢᠨᠠᠭᠴᠢ ᠶᠢᠨ ᠫᠤᠤ ᠶᠢᠨ ᠳᠠᠭᠤᠨ ᠢ ᠳᠠᠭᠠᠯᠳᠤᠨ᠂ ᠲᠠᠮᠢᠷᠴᠢᠳ ᠨᠢᠰᠬᠦ ᠬᠠᠷᠢᠶᠠᠴᠠᠶ ᠮᠡᠲᠦ᠂ ᠤᠷᠤᠯᠳᠤᠭᠠᠨ ᠤ ᠵᠠᠮ ᠳᠡᠭᠡᠷ᠎ᠡ ᠤᠷᠤᠯᠳᠤᠨ ᠬᠥᠭᠡᠭᠡᠴᠡᠯᠳᠦᠵᠦ᠂ ᠲᠤᠬᠠᠶ ᠶᠢᠨ ᠲᠠᠯᠠᠪᠠᠢ  ᠶᠢᠨ ᠦᠵᠡᠭᠴᠢᠳ ᠲᠤ ᠨᠢᠭᠡ ᠤᠳᠠᠭᠠᠨ ᠤ ᠬᠤᠷᠳᠤᠴᠠ ᠪᠠ ᠣᠷᠭᠢᠯᠤᠮ᠎ᠠ ᠬᠠᠯᠠᠭᠤᠨ ᠰᠡᠳᠬᠢᠯᠭᠡ ᠲᠠᠢ ᠲᠣᠭᠯᠠᠯᠲᠠ ᠭᠠᠷᠭᠠᠪᠠ᠃
   ᠤᠷᠤᠯᠳᠤᠭᠠᠨ ᠤ ᠳᠤᠮᠳᠠ᠂ ᠲᠠᠮᠢᠷᠴᠢᠳ ᠰᠡᠳᠭᠢᠯ ᠢᠶᠠᠨ ᠳᠡᠭᠡᠳᠦ ᠬᠡᠮᠵᠢᠶ᠎ᠡ ᠪᠠᠷ ᠲᠥᠪᠯᠡᠷᠡᠭᠦᠯᠵᠦ᠂ ᠡᠬᠢᠯᠡᠵᠦ ᠭᠦᠶᠦᠬᠦ᠂ ᠵᠠᠮ ᠰᠣᠯᠢᠬᠤ᠂ ᠲᠦᠷᠭᠡᠨ ᠮᠤᠷᠤᠶᠢᠬᠤ ᠢᠷᠠᠭᠤ ᠰᠠᠶᠢᠬᠠᠨ ᠪᠡᠶ᠎ᠡ ᠪᠠᠶᠢᠳᠠᠯ ᠪᠠ ᠪᠣᠯᠪᠠᠰᠤᠷᠠᠩᠭᠤᠶ ᠤᠷ᠎ᠠ ᠮᠡᠷᠭᠡᠵᠢᠯ ᠨᠢ ᠪᠦᠬᠦ ᠲᠠᠯᠠᠪᠠᠢ ᠶᠢᠨ ᠦᠵᠡᠭᠴᠢᠳ ᠤᠨ ᠬᠠᠯᠠᠭᠤᠨ ᠬᠦᠷᠢᠶᠡᠯᠡᠯ ᠢ ᠣᠯᠤᠭᠰᠠᠨ ᠪᠠᠶᠢᠨ᠎ᠠ᠃
   ︽ᠥᠨᠥᠳᠦᠷ ᠤᠨ ᠤᠷᠤᠯᠳᠤᠭᠠᠨ ᠳᠤ ᠨᠡᠯᠢᠶᠡᠳ ᠵᠦᠭᠡᠷ ᠬᠢᠷᠢ ᠪᠦᠲᠦᠮᠵᠢ ᠣᠯᠵᠠᠶ᠂ ᠬᠤᠵᠢᠮ ᠪᠢ ᠨᠠᠩ ᠬᠠᠲᠠᠭᠤᠵᠢᠯᠲᠠᠶ ᠪᠣᠯᠪᠠᠰᠤᠷᠠᠵᠤ᠂ ᠤᠷᠤᠯᠳᠤᠭᠠᠨ ᠳᠤ ᠣᠷᠣᠯᠴᠠᠵᠤ᠂ ᠨᠤᠲᠤᠭ ᠤᠰᠤᠨ ᠳᠠᠭᠠᠨ ᠢᠷᠠᠭᠤ ᠠᠯᠳᠠᠷ ᠣᠯᠭᠤᠨ᠎ᠠ᠃︾ ᠭᠡᠵᠦ ᠲᠦᠴᠢᠦᠸᠠᠨ ᠰᠢᠶᠠᠨ ᠤ ᠤᠶᠢᠷ᠎ᠠ ᠵᠠᠮ ᠤᠨ ᠲᠦᠷᠭᠡᠨ ᠲᠡᠰᠢᠯᠲᠡ ᠶᠢᠨ ᠠᠩᠭᠢ ᠶᠢᠨ ᠭᠡᠰᠢᠭᠦᠨ ᠰᠠ ᠨᠢ ᠶᠠ ᠢᠲᠡᠭᠡᠯ ᠳᠦᠭᠦᠷᠡᠩ ᠪᠠᠶᠢᠯ᠎ᠠ᠃
   ᠤᠯᠠᠭᠠᠨᠬᠠᠳᠠ ᠬᠤᠲᠠ ᠶᠢᠨ ᠣᠶᠢᠷ᠎ᠠ ᠵᠠᠮ ᠤᠨ ᠲᠦᠷᠭᠡᠨ ᠲᠡᠰᠢᠯᠲᠡ ᠶᠢᠨ ᠲᠥᠯᠥᠭᠡᠯᠡᠭᠴᠢᠳ ᠤᠨ ᠠᠩᠭᠢ ᠶᠢᠨ ᠭᠡᠰᠢᠭᠦᠨ ᠯᠢᠦ ᠵᠧᠨ ᠽᠧ ᠴᠣᠪᠣᠭᠤ ᠳᠡᠭᠵᠢᠨ ᠲᠡᠷᠡ ᠨᠢᠭᠡᠨᠲᠡ ᠣᠶᠢᠷ᠎ᠠ ᠵᠠᠮ ᠤᠨ ᠲᠦᠷᠭᠡᠨ ᠲᠡᠰᠢᠯᠲᠡ ᠶᠢ ᠬᠤᠶᠠᠷ ᠵᠢᠯ ᠪᠣᠯᠪᠠᠰᠤᠷᠠᠵᠠᠶ᠃ ᠬᠤᠶᠠᠷ ᠵᠢᠯ ᠤᠨ ᠲᠠᠰᠤᠷᠠᠯᠲᠠ ᠦᠭᠡᠢ ᠪᠣᠯᠪᠠᠰᠤᠷᠠᠯ ᠪᠠ ᠤᠷᠤᠯᠳᠤᠭᠤᠨ ᠳᠤ᠂ ᠯᠢᠦ ᠵᠧᠨ ᠽᠧ ᠡᠬᠢᠨ ᠳᠡᠭᠡᠨ ᠤᠶᠢᠷ᠎ᠠ ᠵᠠᠮ ᠤᠨ ᠲᠦᠷᠭᠡᠨ ᠲᠡᠰᠢᠯᠲᠡ ᠳᠤ ᠳᠡᠮᠡᠶ ᠳᠤᠷ᠎ᠠ ᠦᠭᠡᠢ ᠪᠠᠢᠭᠰᠠᠨ ᠠᠴᠠ ᠣᠳᠣ ᠨᠢᠭᠡᠨᠲᠡ ︽ᠮᠥᠰᠥᠨ ᠰᠡᠷᠡᠯ︾ ᠢ ᠣᠯᠤᠭᠰᠠᠨ ᠭᠡᠵᠦ ᠬᠡᠯᠡᠪᠡ᠃
   ︽ᠮᠥᠰᠥᠨ ᠰᠡᠷᠡᠯ ᠪᠣᠯ ᠮᠠᠰᠢ ᠭᠦᠨ ᠨᠢᠭᠤᠴᠠᠭᠠᠶ ᠶᠠᠭᠤᠮ᠎ᠠ ᠮᠥᠨ᠂ ᠳᠠᠰᠬᠠᠯᠵᠢᠭᠤᠯᠤᠭᠴᠢ ᠴᠤ ᠲᠣᠳᠣᠷᠬᠠᠶ ᠲᠠᠶᠢᠯᠪᠤᠷᠢᠯᠠᠵᠤ ᠴᠢᠳᠠᠬᠤ ᠦᠭᠡᠢ᠂ ᠵᠥᠪᠬᠡᠨ ᠨᠠᠮ᠎ᠠ ᠶᠢ ᠪᠣᠯᠪᠠᠰᠤᠷᠠᠯ ᠤᠨ ᠳᠤᠮᠳᠠ ᠮᠡᠳᠡᠷᠡᠭᠦᠯᠬᠦ ᠲᠡᠳᠦᠶ ᠶᠤᠮ᠃ ᠯᠢᠦ ᠵᠧᠨ ᠽᠧ ᠬᠡᠯᠡᠭᠰᠡᠨ ᠨᠢ᠂ ᠲᠡᠭᠦᠨ ᠤ ᠣᠲᠣ ᠶᠢᠨ ᠤᠶᠢᠯᠠᠭᠠᠵᠦ ᠪᠠᠶᠢᠭ᠎ᠠ ᠮᠥᠰᠥᠨ ᠰᠡᠷᠡᠯ ᠪᠣᠯ ᠥᠪᠡᠷ ᠢᠶᠠᠨ ᠮᠥᠰᠥᠨ ᠭᠠᠳᠠᠷᠭᠤ ᠳᠡᠭᠡᠷ᠎ᠡ ᠲᠠᠰᠢᠨ ᠦᠩᠭᠡᠷᠡᠬᠦ ᠳᠤ  ᠴᠢᠯᠥᠭᠡᠲᠡᠶ ᠡᠵᠡᠮᠳᠡᠵᠦ ᠳᠡᠶᠢᠯᠬᠦ ᠳᠦᠷᠢ ᠪᠠᠶᠢᠳᠠᠯ ᠪᠠ ᠬᠤᠷᠳᠤᠴᠠ ᠪᠣᠯᠤᠨ᠎ᠠ᠂ ᠶᠠᠭ ᠡᠶᠢᠮᠦᠷᠬᠦᠦ ᠮᠥᠰᠥᠨ ᠰᠡᠷᠡᠯ ᠨᠢ ᠥᠪᠡᠷ ᠢ ᠪᠠᠨ ᠨᠠᠩ ᠢᠲᠡᠭᠡᠯ ᠲᠠᠢ ᠪᠣᠯᠭᠠᠵᠤ᠂ ᠡᠰᠡᠷᠭᠦ ᠡᠲᠡᠭᠡᠳ ᠢᠶᠠᠨ ᠲᠠᠰᠤᠷᠠᠯᠲᠠ ᠥᠬᠡᠶ ᠳᠠᠪᠠᠵᠤ ᠭᠠᠷᠳᠠᠭ᠃
   ᠲᠤᠰ ᠤᠳᠠᠭᠠᠨ ᠤ ᠤᠷᠤᠯᠳᠤᠭᠠᠨ ᠢ ᠡᠷᠬᠢᠯᠡᠭᠰᠡᠨ ᠨᠢ ᠵᠠᠯᠠᠭᠤᠴᠤᠳ ᠪᠠᠭᠠᠴᠤᠳ ᠲᠤ ᠠᠪᠢᠶᠠᠰ ᠴᠢᠳᠠᠪᠤᠷᠢ ᠪᠠᠨ ᠢᠯᠡᠷᠡᠭᠦᠯᠬᠦ ᠲᠠᠪᠴᠠᠩ ᠬᠠᠩᠭᠠᠵᠤ᠂ ᠥᠨᠳᠥᠷ ᠲᠦᠪᠰᠢᠨ ᠪᠦᠬᠦᠢ ᠤᠷᠤᠯᠳᠤᠭᠠᠨ ᠤ ᠦᠪᠡᠳᠡᠭᠰᠢ ᠨᠠᠶᠢᠷ ᠢ ᠢᠯᠡᠷᠡᠭᠦᠯᠦᠭᠰᠡᠨ ᠢᠶᠠᠷ ᠪᠠᠷᠠᠬᠤ ᠦᠭᠡᠢ ᠨᠡᠩ ᠴᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠲᠦᠭᠡᠮᠡᠯᠵᠢᠭᠦᠯᠬᠦ᠂ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠣᠳ ᠢ ᠴᠢᠭᠢᠷᠠᠭᠵᠢᠭᠤᠯᠬᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠪᠡᠯᠡᠳᠬᠡᠯ ᠴᠢᠳᠠᠪᠤᠷᠢᠲᠠᠨ ᠢ ᠠᠭᠤᠳᠠᠯᠤᠨ ᠬᠥᠮᠦᠵᠢᠭᠦᠯᠬᠦ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠵᠦ᠂ ᠥᠪᠥᠷ ᠮᠣᠩᠭᠤᠯ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠭᠵᠢᠯᠲᠡ ᠳᠤ ᠰᠠᠭᠤᠷᠢ ᠲᠠᠯᠪᠢᠵᠠᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号