2024 ᠣᠨ ᠤ 11 ᠰᠠᠷ᠎ᠠ ᠶᠢᠨ 18 ᠤ ᠡᠳᠦᠷ᠂ ᠲᠦᠴᠢᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠬᠠᠮᠲᠤᠷᠠᠨ᠂ ᠳᠥᠷᠪᠡᠨ ᠳᠤᠭᠤᠶᠢᠯᠠᠩ ᠬᠤᠪᠢᠶᠠᠵᠤ ᠪᠥᠬᠦ ᠰᠢᠶᠠᠨ | ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠮᠥᠷᠭᠦᠯᠲᠡ ᠠᠴᠠ ᠰᠡᠷᠭᠡᠶᠢᠯᠡᠬᠦ ᠪᠥᠮᠪᠦᠭᠡ ᠶᠢᠨ | ᠲᠤᠭ᠎ᠠ᠂ ᠰᠤᠷᠭᠠᠭᠤᠯᠢ ᠶᠢᠨ ᠳᠣᠲᠣᠭᠠᠳᠤ ᠶᠢᠨ ᠲᠤᠰᠠᠭᠠᠷᠯᠠᠬᠤ ᠲᠥᠬᠦᠭᠡᠷᠦᠮᠵᠢ᠂ ᠬᠤᠭᠤᠯᠠᠨ ᠬᠡᠷ ᠤᠨ ᠬᠢᠲᠤᠭ᠎ᠠ | ᠬᠡᠷᠡᠭᠰᠡᠯ ᠤᠨ ᠬᠠᠮᠢᠶᠠᠷᠤᠯᠲᠠ᠂ ᠪᠠᠭᠰᠢ ᠠᠵᠢᠯᠲᠠᠨ ᠪᠠ ᠰᠤᠷᠤᠭᠴᠢᠳ ᠤᠨ ᠬᠡᠷ ᠪᠦᠯᠢ ᠶᠢᠨ ᠬᠥᠷᠰᠢ ᠵᠡᠷᠭᠡᠯᠡᠳᠡᠭᠡ | ᠶᠢᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠵᠢᠴᠢ ᠬᠥᠮᠦᠨ ᠪᠠ ᠲᠡᠷᠭᠡ ᠶᠢ ᠰᠠᠯᠭᠠᠨ | ᠶᠠᠪᠤᠭᠤᠯᠤᠭᠰᠠᠨ ᠡᠰᠡᠬᠦ ᠵᠡᠷᠭᠡ ᠪᠠᠶᠢᠳᠠᠯ ᠢ ᠪᠠᠶᠢᠴᠠᠭᠠᠵᠤ᠂ ᠨᠡᠶᠢᠲᠡ 35 ᠰᠤᠷᠭᠠᠭᠤᠯᠢ ᠶᠢᠨ ᠬᠦᠷᠢᠶ᠎ᠡ ᠶᠢ | ᠪᠠᠶᠢᠴᠠᠭᠠᠪᠠ᠃ | | ᠪᠠᠶᠢᠴᠠᠭᠠᠯᠲᠠ ᠳᠤ ᠨᠡᠶᠢᠲᠡ 27 ᠠᠰᠠᠭᠤᠳᠠᠯ ᠢ ᠢᠯᠡᠷᠡᠭᠦᠯᠵᠦ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ | ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠠᠵᠢᠯᠲᠠᠨ ᠲᠤᠬᠠᠶ ᠶᠢᠨ ᠲᠠᠯᠠᠪᠠᠶ ᠳᠤ ᠵᠢᠭᠠᠵᠤ ᠭᠠᠷᠭᠠᠭᠰᠠᠨ ᠪᠥᠭᠡᠳ | ᠴᠡᠭᠴᠡᠯᠡᠨ ᠥᠭᠡᠷᠡᠴᠢᠯᠡᠬᠦ ᠰᠠᠨᠠᠯ ᠳᠤᠷᠠᠳᠤᠭᠰᠠᠨ ᠪᠥᠭᠡᠳ ᠡᠯ᠎ᠡ ᠰᠤᠷᠭᠠᠭᠤᠯᠢ ᠶᠢ ᠰᠤᠷᠭᠠᠭᠤᠯᠢ ᠶᠢᠨ ᠬᠦᠷᠢᠶᠡᠨ ᠤ | ᠡᠭᠦᠳᠡᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠰᠤᠷᠭᠠᠭᠤᠯᠢ ᠶᠢᠨ ᠬᠦᠷᠢᠶᠡᠨ ᠤ ᠣᠷᠣᠵᠤ ᠭᠠᠷᠬᠤ ᠬᠥᠮᠦᠰ ᠤᠨ ᠪᠠᠶᠢᠴᠠᠭᠠᠯᠲᠠ ᠶᠢ ᠴᠢᠩᠭᠠᠳᠬᠠᠨ᠂ ᠣᠷᠣᠵᠤ | ᠭᠠᠷᠬᠤ ᠬᠥᠮᠦᠰ ᠢ ᠳᠡᠩᠰᠡᠯᠡᠨ ᠲᠡᠮᠳᠡᠭᠯᠡᠬᠦ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠤᠯᠢ ᠪᠤᠰᠤ ᠬᠥᠮᠦᠰ ᠪᠠ | ᠲᠡᠷᠭᠡ ᠬᠥᠰᠬᠡ ᠵᠢᠴᠢ ᠵᠠᠬᠢᠷᠤᠨ ᠬᠠᠮᠢᠶᠠᠷᠬᠤ ᠬᠢᠲᠤᠭ᠎ᠠ ᠬᠡᠷᠡᠭᠰᠡᠯ ᠤᠨ ᠰᠤᠷᠭᠠᠭᠤᠯᠢ ᠶᠢᠨ ᠬᠦᠷᠢᠶᠡᠨ ᠳᠤ ᠣᠷᠣᠬᠤ ᠶᠢ | ᠴᠢᠩᠭ᠎ᠠ ᠰᠡᠷᠭᠡᠶᠢᠯᠡᠨ᠂ ᠬᠡᠦᠬᠡᠳ ᠤᠳ ᠲᠤ ᠠᠮᠤᠷ ᠲᠦᠪᠰᠢᠨ᠂ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ | ᠤ ᠣᠷᠴᠢᠨ ᠨᠥᠬᠦᠴᠡᠯ ᠢ ᠡᠭᠦᠳᠴᠦ ᠥᠭᠬᠦ ᠬᠡᠷᠡᠭᠲᠡᠶ ᠭᠡᠵᠦ ᠱᠠᠭᠠᠷᠳᠠᠪᠠ᠃ | | | | | | |