11 ᠰᠠᠷ᠎ᠠ ᠶᠢᠨ 22 ᠤᠨ ᠡᠳᠦᠷ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠲᠦᠴᠢᠦᠸᠠᠨ | ᠰᠢᠶᠠᠨ ᠤ ᠨᠠᠮ ᠣᠯᠠᠨ ᠲᠦᠮᠡᠨ ᠤ ᠦᠶᠯᠡᠴᠢᠯᠡᠭᠡᠨ ᠤ ᠲᠥᠪ ᠠᠴᠠ ᠭᠤᠤᠯᠯᠠᠨ ᠡᠷᠭᠢᠯᠡᠭᠰᠡᠨ ᠲᠦᠴᠢᠦᠸᠠᠨ ᠰᠢᠶᠠᠨ ᠤ | ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ︽ᠶᠡᠭᠡ ᠨᠠᠮ ᠤᠨ ᠬᠤᠷᠢᠶ᠎ᠠ︾ ︽ᠨᠠᠮ ᠤᠨ ᠠᠴᠢ ᠳᠤ | ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠤᠯ ᠰᠡᠳᠦᠪᠲᠦ ᠠᠵᠢᠯᠯᠠᠭ᠎ᠠ ᠰᠢᠶᠠᠨ ᠤ | ᠵᠠᠯᠠᠭᠤᠴᠤᠳ ᠪᠠᠭᠠᠴᠤᠳ ᠤᠨ ᠠᠵᠢᠯᠯᠠᠭ᠎ᠠ ᠶᠢᠨ ᠲᠥᠪ ᠲᠤ ᠶᠠᠪᠤᠭᠳᠠᠪᠠ᠃ ᠵᠠᠩ ᠱᠤᠸᠠᠩ ᠴᠧᠩ᠂ ᠴᠧᠨ ᠭᠦᠸᠧ | ᠮᠢᠩ ᠵᠡᠷᠭᠡ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠤ᠂ ᠪᠦᠬᠦ | ᠰᠢᠶᠠᠨ ᠤ 83 ᠬᠠᠷᠢᠯᠴᠠᠨ ᠬᠤᠯᠪᠣᠭᠠᠯᠠᠵᠤ ᠬᠠᠮᠲᠤ ᠪᠠᠷ ᠪᠠᠶᠢᠭᠤᠯᠬᠤ ᠨᠢᠭᠡᠴᠢ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠲᠥᠯᠥᠭᠡᠯᠡᠭᠴᠢ᠂ ᠬᠠᠮᠲᠤ ᠪᠠᠷ ᠪᠠᠶᠢᠭᠤᠯᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ | ᠪᠣᠯᠤᠨ ᠬᠡᠰᠡᠭ ᠲᠤᠰᠢᠶᠠᠯ ᠳᠤ ᠪᠠᠶᠢᠭ᠎ᠠ ᠨᠠᠮ ᠤᠨ ᠭᠡᠰᠢᠭᠦᠨ ᠠᠵᠢᠯᠯᠠᠭ᠎ᠠ ᠳᠤ ᠣᠷᠣᠯᠴᠠᠪᠠ᠃ | | | | | | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ | ᠸᠠᠩ ᠵᠢᠶᠠᠨ ᠭᠦᠸᠧ ᠠᠵᠢᠯᠯᠠᠭ᠎ᠠ ᠶᠢᠨ ᠲᠠᠯ᠎ᠠ ᠪᠠᠷ ᠦᠨᠳᠦᠰᠦᠨ ᠱᠠᠲᠤᠨ ᠤ ᠵᠠᠰᠠᠯᠲᠠ ᠶᠢᠨ ᠬᠠᠮᠲᠤ ᠪᠠᠷ ᠪᠠᠶᠢᠭᠤᠯᠬᠤ | ᠦᠶᠯᠡᠳᠦᠯ ᠢᠶᠠᠷ ᠲᠣᠪᠣᠶᠢᠮ᠎ᠠ 13 ᠨᠢᠭᠡᠴᠡ᠂ ᠬᠠᠮᠲᠤ ᠪᠠᠷ ᠪᠠᠶᠢᠭᠤᠯᠤᠭᠰᠠᠨ 14 ᠨᠠᠮ ᠤᠨ ᠡᠭᠦᠷ ᠤᠨ ᠱᠦᠵᠢ | ᠪᠣᠯᠤᠨ ᠲᠤᠰᠢᠶᠠᠯ ᠳᠤ ᠪᠠᠶᠢᠭ᠎ᠠ 11 ᠰᠢᠯᠢᠳᠡᠭ ᠨᠠᠮ ᠤᠨ ᠭᠡᠰᠢᠭᠦᠨ ᠤ ᠲᠥᠯᠥᠭᠡᠯᠡᠭᠴᠢ ᠶᠢ ᠵᠠᠷᠯᠠᠨ ᠰᠠᠶᠢᠰᠢᠶᠠᠪᠠ᠃ | | ᠠᠵᠢᠯᠯᠠᠭ᠎ᠠ ᠨᠢ ᠠᠬᠤᠶ ᠦᠵᠡᠭᠳᠡᠯᠲᠦ ᠵᠦᠴᠦᠭᠡ ︽ᠬᠤᠮᠧᠨ ᠳᠤ ᠬᠠᠷ᠎ᠠ ᠲᠠᠮᠠᠬᠢ ᠰᠢᠲᠠᠭᠠᠭᠰᠠᠨ︾ ᠪᠠᠷ ᠳᠤᠮᠳᠠ | ᠬᠥᠰᠢᠭᠡ ᠪᠠᠨ ᠰᠡᠬᠦᠵᠦ᠂ ︽ᠰᠦᠨ ᠵᠥᠩ ᠱᠠᠨ ᠠᠪᠤᠭᠠᠶ ᠳᠤ ᠡᠷᠭᠦᠶ᠎ᠡ︾᠂ ᠬᠡᠷᠡᠯ ᠵᠢᠷᠤᠭ ᠤᠨ ᠵᠦᠴᠦᠭᠡ ︽ᠨᠠᠮ | ᠪᠠᠶᠢᠭᠤᠯᠤᠭᠰᠠᠨ ᠠᠤᠭ᠎ᠠ ᠦᠶᠯᠡᠰ︾᠂ ᠪᠥᠵᠢᠭ ︽ᠬᠠᠪᠤᠷ ᠤᠨ ᠥᠯᠢᠭᠡᠷ︾᠂ ᠳᠠᠭᠤᠤ ︽ᠬᠠᠷᠢᠯᠴᠠᠨ | ᠬᠠᠶᠢᠷᠠᠯᠠᠯᠴᠠᠬᠤ︾ ᠵᠡᠷᠭᠡ ᠣᠯᠠᠨ ᠬᠡᠯᠪᠡᠷᠢ ᠶᠢᠨ᠂ ᠪᠠᠶᠠᠯᠢᠭ ᠰᠠᠶᠢᠬᠠᠨ ᠤᠷᠠᠨ ᠰᠠᠶᠢᠬᠠᠨ ᠤ ᠲᠣᠭᠯᠠᠯᠲᠠ ᠶᠢ | ᠡᠭᠡᠯᠵᠢᠯᠡᠨ ᠲᠣᠭᠯᠠᠵᠤ᠂ ᠲᠣᠭᠯᠠᠭᠴᠢᠳ ᠴᠤᠭ ᠪᠠᠳᠠᠷᠠᠩᠭᠤᠶ ᠣᠶᠤᠨ ᠰᠠᠨᠠᠭᠠᠨ ᠤ ᠳᠦᠷᠰᠦ ᠪᠠᠶᠢᠳᠠᠯ ᠪᠠ ᠭᠤᠶᠢᠳᠠ | ᠰᠠᠶᠢᠬᠠᠨ ᠲᠣᠭᠯᠠᠯᠲᠠ ᠪᠠᠷ ᠢᠶᠠᠨ ᠲᠤᠬᠠᠶ ᠶᠢᠨ ᠲᠠᠯᠠᠪᠠᠶ ᠶᠢᠨ ᠦᠵᠡᠭᠴᠢᠳ ᠲᠤ ᠨᠢᠭᠡ ᠤᠳᠠᠭᠠᠨ ᠤ ᠦᠵᠡᠵᠦ | ᠰᠣᠨᠣᠰᠬᠤ ᠦᠪᠡᠳᠡᠭᠰᠢ ᠨᠠᠶᠢᠷ ᠢ ᠠᠪᠴᠢᠷᠠᠵᠠᠶ᠃ ᠠᠵᠢᠯᠯᠠᠭ᠎ᠠ ᠨᠢ ᠦᠨᠳᠦᠰᠦᠲᠡᠨ ᠤ ᠰᠡᠬᠡᠭᠡᠷᠡᠯ᠂ ᠦᠨᠳᠦᠰᠦᠲᠡᠨ ᠤ | ᠡᠰᠡᠷᠭᠦᠴᠡᠯ ᠲᠡᠮᠡᠴᠡᠯ᠂ ᠦᠨᠳᠦᠰᠦᠲᠡᠨ ᠤ ᠦᠰᠦᠷᠦᠯᠲᠡ᠂ ᠦᠨᠳᠦᠰᠦᠲᠡᠨ ᠤ ᠰᠡᠷᠭᠦᠨ ᠮᠠᠨᠳᠤᠯᠲᠠ ᠵᠡᠷᠭᠡ ᠳᠥᠷᠪᠡᠨ | ᠪᠦᠯᠦᠭ ᠬᠤᠪᠢᠶᠠᠵᠤ᠂ ᠡᠴᠦᠰ ᠲᠡᠭᠡᠨ ᠬᠠᠮᠲᠤ ᠶᠢᠨ ᠨᠠᠶᠢᠷᠠᠯ ᠳᠠᠭᠤᠤ ︽ᠡᠪ ᠬᠠᠮᠲᠤ ᠨᠠᠮ ᠪᠠᠶᠢᠬᠤ ᠥᠬᠡᠶ ᠪᠣᠯ | ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠥᠬᠡᠶ︾ ᠭᠡᠬᠦ ᠬᠠᠮᠲᠤ ᠶᠢᠨ ᠨᠠᠶᠢᠷᠠᠯ ᠳᠠᠭᠤᠤ ᠪᠠᠷ ᠥᠨᠳᠥᠷᠯᠡᠭᠰᠡᠨ | ᠪᠠᠶᠢᠨ᠎ᠠ᠃ | | | | | | ︽ᠦᠨᠳᠦᠰᠦᠨ ᠱᠠᠲᠤᠨ ᠤ ᠵᠠᠰᠠᠯᠲᠠ ᠶᠢᠨ ᠬᠠᠮᠲᠤ ᠶᠢᠨ ᠲᠠᠨᠢᠯᠲᠠ ᠶᠢ ᠤᠯᠠᠮ ᠴᠢᠨᠠᠭᠰᠢᠳᠠ ᠨᠢᠭᠲᠠᠷᠠᠭᠤᠯᠬᠤ | ᠶᠢᠨ ᠲᠥᠯᠥᠭᠡ᠂ ᠪᠦᠬᠦ ᠰᠢᠶᠠᠨ ᠤ ᠬᠠᠷᠢᠯᠴᠠᠨ ᠬᠤᠯᠪᠣᠭᠠᠯᠠᠵᠤ ᠨᠠᠮ ᠤᠨ ᠵᠣᠬᠢᠶᠠᠨ ᠪᠠᠶᠢᠭᠤᠯᠤᠯᠲᠠ᠂ ᠰᠠᠭᠤᠭᠠᠯᠢ | ᠠᠷᠠᠳ ᠤᠨ ᠲᠣᠭᠤᠷᠢᠭ ᠢ ᠬᠠᠮᠲᠤ ᠪᠠᠷ ᠪᠠᠶᠢᠭᠤᠯᠬᠤ ᠨᠠᠮ ᠤᠨ ᠡᠭᠦᠷ ᠪᠣᠯᠤᠨ ᠨᠡᠶᠢᠭᠡᠮ ᠲᠣᠭᠤᠷᠢᠭ ᠲᠤ ᠨᠡᠷ᠎ᠡ ᠪᠠᠨ | ᠮᠡᠳᠡᠭᠦᠯᠬᠦ ᠪᠠᠷ ᠢᠷᠡᠭᠰᠡᠨ ᠠᠵᠢᠯ ᠳᠤ ᠪᠠᠶᠢᠭ᠎ᠠ ᠨᠠᠮ ᠤᠨ ᠭᠡᠰᠢᠭᠦᠨ ᠤ ᠨᠡᠶᠢᠭᠡᠮ ᠲᠣᠭᠤᠷᠢᠭ ᠤᠨ ᠵᠠᠰᠠᠯᠲᠠ ᠳᠤ | ᠬᠦᠴᠦᠲᠡᠢ ᠳᠡᠮᠵᠢᠯᠭᠡ ᠦᠵᠡᠭᠦᠯᠦᠭᠰᠡᠭᠡᠷ ᠢᠷᠡᠭᠰᠡᠨ ᠪᠠ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠨ᠎ᠠ᠃ | ᠲᠦᠴᠢᠦᠸᠠᠨ ᠰᠢᠶᠠᠨ ᠤ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠶᠡᠭᠡ ᠨᠠᠮ ᠤᠨ ᠬᠤᠷᠢᠶ᠎ᠠ ᠲᠣᠰ | ᠤᠳᠠᠭ᠎ᠠ ᠶᠢᠨ ᠭᠤᠤᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠲᠤᠬᠠᠶ ᠶᠢᠨ ᠲᠠᠯᠠᠪᠠᠶ ᠳᠤ ᠲᠡᠷᠢᠭᠦᠨ ᠤ | ᠬᠢ ᠶᠢ ᠰᠠᠶᠢᠰᠢᠶᠠᠬᠤ᠂ ᠢᠲᠡᠭᠡᠯ ᠪᠢᠰᠢᠷᠡᠯ ᠤᠨ ᠲᠠᠭᠤᠨ ᠢ ᠳᠡᠯᠭᠡᠨ ᠦᠵᠡᠭᠦᠯᠬᠦ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠬᠡᠷ ᠣᠷᠣᠨ ᠤ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ | ᠣᠷᠣᠯᠴᠠᠬᠤ ᠶᠢ ᠤᠯᠠᠮ ᠴᠢᠨᠠᠭᠰᠢᠳᠠ ᠵᠣᠷᠢᠭᠵᠢᠭᠤᠯᠵᠤ᠂ ᠬᠤᠰᠢᠭᠤᠴᠢ ᠵᠢᠱᠢᠶᠡᠴᠢ ᠦᠶᠯᠡᠳᠦᠯ ᠢ ᠨᠢ ᠭᠦᠶᠴᠡᠳ | ᠪᠠᠳᠠᠷᠠᠭᠤᠯᠪᠠ᠃︾ ᠭᠡᠵᠦ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ | ᠭᠤᠷᠪᠠᠳᠤᠭᠠᠷ ᠳᠤᠭᠤᠶᠢᠯᠠᠩ ᠤᠨ ᠳᠠᠷᠤᠭ᠎ᠠ ᠯᠢ ᠨᠢᠩ ᠬᠡᠯᠡᠪᠡ᠃ | | | | | | ᠰᠢᠯᠢᠳᠡᠭ ᠨᠠᠮ ᠤᠨ ᠡᠭᠦᠷ ᠤᠨ ᠰᠢᠯᠢᠳᠡᠭ ᠱᠦᠵᠢ ᠾᠧᠦ ᠭᠦᠸᠧ ᠰᠢᠶᠠ᠄ ︽ᠡᠨᠡ ᠡᠳᠦᠷ ᠮᠠᠭᠲᠠᠭᠳᠠᠭᠰᠠᠨ | ᠨᠢ ᠮᠢᠨᠦ ᠠᠵᠢᠯ ᠢ ᠨᠤᠲᠠᠯᠠᠭᠰᠠᠨ ᠢᠶᠠᠷ ᠪᠠᠷᠠᠬᠤ ᠦᠭᠡᠢ ᠪᠠᠰᠠ ᠮᠢᠨᠦ ᠠᠵᠢᠯ ᠢ ᠤᠷᠮᠠᠰᠢᠭᠤᠯᠤᠨ ᠵᠣᠷᠢᠭᠵᠢᠭᠤᠯᠤᠭᠰᠠᠨ | ᠶᠠᠪᠤᠳᠠᠯ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠪᠢ ᠠᠵᠢᠯ ᠳᠤ ᠪᠠᠶᠢᠭ᠎ᠠ ᠨᠠᠮ ᠤᠨ ᠭᠡᠰᠢᠭᠦᠨ ᠤ ᠬᠤᠳᠠ ᠶᠢᠨ | ᠦᠨᠳᠦᠰᠦᠨ ᠱᠠᠲᠤᠨ ᠤ ᠵᠠᠰᠠᠯᠲᠠ ᠳᠠᠬᠢ ᠬᠤᠰᠢᠭᠤᠴᠢ ᠵᠢᠱᠢᠶᠡᠴᠢ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ | ᠪᠤᠰᠤᠳ ᠠᠵᠢᠯ ᠳᠤ ᠪᠠᠶᠢᠭ᠎ᠠ ᠨᠠᠮ ᠤᠨ ᠭᠡᠰᠢᠭᠦᠨ ᠢ ᠳᠠᠶᠢᠴᠢᠯᠠᠨ ᠨᠡᠶᠢᠭᠡᠮ ᠲᠣᠭᠤᠷᠢᠭ ᠤᠨ ᠵᠠᠰᠠᠯᠲᠠ ᠳᠤ | ᠣᠷᠣᠯᠴᠠᠭᠤᠯᠤᠨ᠎ᠠ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ | ᠳᠠᠭᠠᠭᠤᠯᠬᠤ ᠪᠠ ᠲᠤᠰᠢᠶᠠᠯ ᠳᠤ ᠪᠠᠶᠢᠭ᠎ᠠ ᠨᠠᠮ ᠤᠨ ᠭᠡᠰᠢᠭᠦᠨ ᠤ ᠨᠡᠶᠢᠭᠡᠮ ᠲᠣᠭᠤᠷᠢᠭ ᠲᠤ ᠣᠷᠣᠬᠤ ᠬᠤᠣᠰ ᠴᠢᠭᠯᠡᠯ | ᠢᠶᠠᠷ ᠤᠷᠤᠭᠰᠢᠯᠠᠬᠤ ᠶᠢ ᠦᠨᠡᠨ ᠬᠦ ᠪᠡᠶᠡᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠦᠷ᠎ᠡ | ᠪᠦᠲᠦᠮᠵᠢ ᠤᠯᠬᠤ ᠶᠢ ᠠᠬᠢᠭᠤᠯᠤᠨ᠎ᠠ︾ ᠭᠡᠵᠡᠢ᠃ | |