ᠰᠤᠷᠪᠤᠯᠵᠢᠯᠠᠭᠴᠢ ᠥᠨᠥᠳᠦᠷ ︵22 ᠤᠨ ᠡᠳᠦᠷ︶ ᠤᠯᠤᠰ ᠤᠨ ᠡᠮ ᠡᠮᠨᠡᠯᠭᠡ ᠶᠢᠨ ᠪᠠᠳᠤᠯᠠᠭ᠎ᠠ ᠶᠢᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠤᠯᠤᠰ ᠠᠴᠠ ᠡᠮ ᠲᠠᠩ ᠢ ᠬᠠᠮᠲᠤᠷᠠᠨ ᠬᠤᠳᠠᠯᠳᠤᠨ ᠠᠪᠬᠤ ᠶᠢ ᠵᠣᠬᠢᠶᠠᠨ | ᠪᠠᠶᠢᠭᠤᠯᠬᠤ ᠠᠯᠪᠠᠨ ᠬᠡᠷ ᠤᠨ ᠬᠢᠨ ᠪᠢᠴᠢᠭ ᠮᠠᠲ᠋ᠧᠷᠢᠶᠠᠯ ᠨᠡᠶᠢᠲᠡᠯᠡᠵᠦ᠂ 62 ᠵᠦᠢᠯ ᠤᠨ ᠲᠠᠩ ᠢ ᠠᠷᠪᠠᠳᠤᠭᠠᠷ | ᠪᠦᠯᠦᠭ ᠤᠨ ᠤᠯᠤᠰ ᠠᠴᠠ ᠵᠣᠬᠢᠶᠠᠨ ᠪᠠᠶᠢᠭᠤᠯᠤᠭᠰᠠᠨ ᠡᠮ ᠲᠠᠩ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠨ | ᠬᠤᠳᠠᠯᠳᠤᠨ ᠠᠪᠬᠤ ᠬᠡᠪᠴᠢᠶᠡᠨ ᠳᠤ ᠣᠷᠣᠭᠤᠯᠵᠤ᠂ ᠭᠤᠶᠤᠴᠢᠯᠠᠨ ᠮᠡᠳᠡᠭᠦᠯᠬᠦ ᠮᠡᠳᠡᠭᠡ ᠵᠠᠩᠭᠢ ᠶᠢ 2024 ᠣᠨ ᠤ | 12 ᠰᠠᠷ᠎ᠠ ᠶᠢᠨ 12 ᠤᠨ ᠡᠳᠦᠷ ᠱᠠᠩᠬᠠᠶ ᠳᠤ ᠡᠬᠢᠯᠡᠭᠦᠯᠬᠦ ᠪᠠᠷ ᠲᠣᠳᠣᠷᠬᠠᠶ ᠲᠣᠭᠲᠠᠭᠠᠪᠠ᠃ ᠡᠭᠦᠨ ᠠᠴᠠ ᠡᠮᠦᠨ᠎ᠡ | 9 ᠪᠦᠯᠦᠭ ᠤᠳᠠᠭ᠎ᠠ ᠤᠯᠤᠰ ᠠᠴᠠ ᠵᠣᠬᠢᠶᠠᠨ ᠪᠠᠶᠢᠭᠤᠯᠤᠬᠰᠠᠨ ᠡᠮ ᠲᠠᠩ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠨ | ᠬᠤᠳᠠᠯᠳᠤᠨ ᠠᠪᠬᠤ ᠳᠤ ᠨᠡᠶᠢᠲᠡ 374 ᠵᠦᠢᠯ ᠤᠨ ᠡᠮ ᠲᠠᠩ ᠤᠷᠤᠵᠤ᠂ ᠠᠯᠪᠠᠨ ᠠᠴᠠ ᠪᠠᠶᠢᠭᠤᠯᠤᠭᠰᠠᠨ | ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠬᠤ ᠵᠣᠭᠤᠰ ᠤᠨ ᠲᠤᠭ᠎ᠠ ᠶᠢᠨ ᠬᠠᠷᠢᠴᠠᠯ ᠨᠢ 30 % ᠶᠢ | ᠳᠠᠪᠠᠵᠤ᠂ ᠲᠥᠪᠯᠡᠷᠡᠭᠦᠯᠦᠨ ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠲᠥᠷᠥᠯ ᠵᠦᠢᠯ ᠤᠨ ᠳᠤᠮᠳᠠᠴᠢ | ᠬᠢᠮᠳᠠᠷᠠᠯᠳᠠ ᠶᠢᠨ ᠬᠡᠮᠵᠢᠶ᠎ᠡ ᠨᠢ 50 % ᠶᠢ ᠳᠠᠪᠠᠵᠠᠶ᠃ |