ᠲᠦᠴᠢᠦᠸᠠᠨ ᠰᠢᠶᠠᠨ ︽ᠲᠠᠪᠤᠨ ᠬᠠᠮᠲᠤ︾ ᠪᠠᠷ ᠠᠨᠠᠷ ᠤᠨ ᠦᠷ᠎ᠡ ᠶᠢ ᠪᠤᠶᠢᠵᠢᠭᠤᠯᠵᠤ ᠤᠳᠬ᠎ᠠ ᠤᠷᠠᠯᠢᠭ  ᠤᠨ ᠬᠠᠮᠲᠤᠷᠠᠭᠰᠠᠨ ᠲᠣᠭᠯᠠᠯᠲᠠ ᠨᠢ ᠪᠦᠯᠬᠦᠮᠳᠡᠯ ᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2024/11/27
   ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠤᠭᠴᠠᠯᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠨ᠂ ᠦᠨᠳᠦᠰᠦᠲᠡᠨ ᠤ ᠪᠦᠯᠬᠦᠮᠳᠡᠯ ᠢ ᠠᠬᠢᠭᠤᠯᠵᠤ᠂ ᠰᠠᠭᠤᠭᠠᠯᠢ ᠠᠷᠠᠳ ᠤᠨ ᠰᠣᠶᠣᠯ ᠮᠡᠳᠡᠯᠭᠡ ᠶᠢᠨ ᠬᠡᠪ ᠪᠣᠯᠪᠠᠰᠤᠷᠠᠯ ᠢ ᠬᠥᠮᠦᠵᠢᠭᠦᠯᠦᠨ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠲᠦᠴᠢᠦᠸᠠᠨ ᠰᠢᠶᠠᠨ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠸᠠᠩ ᠮᠢᠩ ᠨᠡᠶᠢᠭᠡᠮ ᠲᠣᠭᠤᠷᠢᠭ ᠲᠤ ᠰᠢᠷᠢᠰ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠣᠷᠣᠰᠢᠨ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ᠂ ᠬᠠᠮᠲᠤ ᠪᠠᠷ ᠠᠭᠤᠰᠤᠯᠴᠠᠵᠤ ᠬᠠᠮᠲᠤ ᠪᠠᠷ ᠴᠣᠭᠴᠠᠯᠠᠬᠤ ᠶᠢ ᠠᠬᠢᠭᠤᠯᠪᠠ᠃
   ᠭᠤᠸᠠᠩ ᠮᠢᠩ ᠨᠡᠶᠢᠭᠡᠮ ᠲᠣᠭᠤᠷᠢᠭ ᠲᠤ ᠣᠷᠣᠪᠠᠯ᠂ ᠲᠦᠴᠢᠦᠸᠠᠨ ᠰᠢᠶᠠᠨ ᠤ ᠴᠠᠭᠠᠰᠤᠨ ᠬᠠᠶᠢᠴᠢᠯᠠᠮᠠᠯ ᠤᠨ ᠨᠡᠶᠢᠭᠡᠮᠯᠢᠭ ᠤᠨ ᠭᠡᠰᠢᠭᠦᠳ ᠭᠠᠷ ᠲᠠᠭᠠᠨ ᠬᠠᠶᠢᠴᠢ ᠪᠠᠷᠢᠵᠤ ᠰᠣᠷᠭᠤᠭ ᠤᠯᠠᠭᠠᠨ ᠴᠠᠭᠠᠰᠤᠨ ᠳᠡᠭᠡᠷ᠎ᠡ ᠪᠥᠵᠢᠭᠯᠡᠵᠦ᠂ ᠤᠳᠠᠯ ᠦᠭᠡᠢ᠂ ᠠᠯᠢ ᠤᠯᠠᠨ ᠠᠮᠢᠳᠤᠯᠢᠭ ᠰᠠᠶᠢᠬᠠᠨ ᠪᠦᠲᠦᠭᠡᠯ ᠴᠠᠭᠠᠰᠤᠨ ᠳᠡᠭᠡᠷ᠎ᠡ ᠢᠯᠡᠷᠡᠵᠦ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠪᠠᠶᠠᠷ ᠬᠦᠷ ᠲᠠᠢ᠂ ᠡᠶ᠎ᠡ ᠵᠣᠬᠢᠴᠠᠩᠭᠤᠢ ᠪᠠᠶᠠᠷ ᠪᠠᠶᠠᠰᠤᠯ ᠲᠠᠢ ᠪᠠᠶᠢᠯ᠎ᠠ᠃ ᠳᠠᠷᠠᠭ᠎ᠠ  ᠨᠢ᠂ ᠨᠡᠶᠢᠭᠡᠮ ᠲᠣᠭᠤᠷᠢᠭ ᠤᠨ ᠪᠠᠭ᠎ᠠ ᠵᠦᠴᠦᠭᠡ ᠶᠢᠨ ᠪᠦᠯᠬᠦᠮ ᠤᠨ ᠲᠣᠭᠯᠠᠭᠴᠢᠳ ᠥᠪᠡᠷ ᠢᠶᠠᠨ ᠨᠠᠶᠢᠷᠠᠭᠤᠯᠵᠤ ᠥᠪᠡᠷ ᠢᠶᠠᠨ ᠤᠳᠤᠷᠢᠳᠴᠤ᠂ ᠥᠪᠡᠷ ᠢᠶᠠᠨ ᠲᠣᠭᠯᠠᠭᠰᠠᠨ ᠲᠣᠭᠯᠠᠯᠲᠠ ᠪᠠᠨ ᠠᠪᠴᠢᠷᠠᠵᠤ᠂ ᠳᠠᠭᠤᠤ᠂ ᠴᠠᠷᠭᠢᠯ ᠬᠤᠯᠪᠣᠭ᠎ᠠ᠂ ᠡᠯ ᠷᠧᠨ ᠵᠤᠸᠠᠨ ᠵᠡᠷᠭᠡ ᠭᠤᠶᠢᠳᠠ ᠰᠠᠶᠢᠬᠠᠨ ᠲᠣᠭᠯᠠᠯᠲᠠ ᠨᠢ ᠴᠦ ᠦᠶ᠎ᠡ ᠦᠶ᠎ᠡ ᠮᠠᠭᠲᠠᠨ ᠰᠠᠶᠢᠰᠢᠶᠠᠭᠳᠠᠪᠠ᠃
   ︽ᠪᠢ ᠭᠤᠤ ᠪᠠᠭᠰᠢ ᠶᠢᠨ ᠴᠠᠭᠠᠰᠤ ᠬᠠᠶᠢᠴᠢᠯᠠᠬᠤ ᠪᠦᠯᠬᠦᠮ ᠳᠤ ᠤᠷᠤᠯᠴᠠᠭᠠᠳ᠂ ᠡᠳᠦᠷ ᠪᠦᠷᠢ ᠬᠠᠮᠲᠤ ᠳᠤ  ᠪᠠᠨ ᠪᠠᠶᠠᠷ ᠪᠠᠶᠠᠰᠤᠯ ᠲᠠᠢ᠂ ᠮᠠᠰᠢ ᠬᠥᠷ ᠬᠥᠭᠵᠢᠶᠡᠨ ᠲᠠᠢ᠂ ᠠᠵᠢᠯ ᠠᠴᠠ ᠪᠠᠨ ᠠᠮᠠᠷᠠᠭᠰᠠᠨ ᠠᠮᠢᠳᠤᠷᠠᠯ ᠪᠠᠶᠠᠯᠢᠭ ᠰᠠᠶᠢᠬᠠᠨ᠂ ᠪᠠᠰᠠ ᠪᠢᠳᠡᠨ ᠤ ᠪᠤᠳᠠᠰ ᠤᠨ ᠪᠤᠰᠤ ᠰᠤᠶᠤᠯ ᠤᠨ ᠥᠪ ᠢ ᠤᠯᠠᠮᠵᠢᠯᠠᠨ᠎ᠠ᠃ ᠬᠤᠵᠢᠮ ᠮᠠᠨ ᠤ ᠦᠷ᠎ᠡ ᠬᠤᠶᠢᠴᠢᠰ ᠴᠤ ᠡᠲᠡᠭᠡᠷ ᠥᠪ ᠰᠤᠶᠤᠯ ᠢ ᠬᠠᠶᠠᠵᠤ ᠪᠣᠯᠬᠤ ᠥᠬᠡᠶ᠂ ᠡᠨᠡ ᠪᠣᠯ 5000 ᠵᠢᠯ ᠤᠨ ᠰᠣᠶᠣᠯ᠃ ᠪᠢᠳᠠ ᠡᠳᠦᠷ ᠪᠦᠷᠢ ᠬᠠᠮᠲᠤ ᠪᠠᠶᠢᠪᠠᠯ ᠮᠠᠰᠢ ᠪᠠᠶᠠᠷᠲᠠᠶ᠂ ᠪᠢᠳᠡᠨ ᠤ ᠠᠵᠢᠯ ᠶᠢᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠵᠤ᠂ ᠪᠢᠳᠡᠨ ᠤ ᠬᠠᠷᠠᠭ᠎ᠠ ᠶᠢ ᠦᠷᠭᠡᠳᠭᠡᠨ᠂ ᠪᠠᠰᠠ ᠪᠢᠳᠡᠨ ᠤ ᠰᠡᠳᠬᠢᠯᠭᠡ ᠶᠢ ᠪᠣᠯᠪᠠᠰᠤᠷᠠᠭᠤᠯᠤᠨ᠎ᠠ᠂ ᠪᠠᠰᠠ ᠪᠢᠳᠡᠨ ᠤ ᠰᠣᠶᠣᠯ ᠤᠨ ᠢᠲᠡᠭᠡᠯ ᠢ ᠨᠡᠮᠡᠭᠳᠡᠭᠦᠯᠦᠨ᠎ᠡ᠃︾ ᠭᠡᠵᠦ ᠰᠠᠭᠤᠭᠠᠯᠢ ᠠᠷᠠᠳ ᠺᠠᠨ ᠱᠤ᠋ ᠴᠢᠨ ᠬᠡᠯᠡᠪᠡ
   ᠰᠠᠭᠤᠭᠠᠯᠢ ᠠᠷᠠᠳ ᠲᠤ ᠬᠠᠶᠢᠷ᠎ᠠ ᠬᠠᠯᠠᠮᠵᠢ ᠬᠦᠷᠲᠡᠭᠡᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ︽ᠡᠶ᠎ᠡ ᠵᠣᠬᠢᠴᠠᠩᠭᠤᠢ ᠠᠶᠠᠰ︾ ᠢ ᠬᠥᠭᠵᠢᠮᠳᠡᠬᠦ ᠶᠢᠨ ᠲᠥᠯᠥᠭᠡ᠃ ᠲᠦᠴᠢᠦᠸᠠᠨ ᠰᠢᠶᠠᠨ ᠤ ᠨᠠᠮ ᠣᠯᠠᠨ ᠲᠦᠮᠡᠨ ᠤ ᠦᠶᠯᠡᠴᠢᠯᠡᠭᠡᠨ ᠤ ᠲᠥᠪ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢᠨ ᠲᠣᠭᠤᠷᠢᠨ ᠳᠤ᠂ ᠨᠠᠮ ᠤᠨ ᠪᠠᠶᠢᠭᠤᠯᠤᠯᠲᠠ ᠪᠠᠷ ᠨᠡᠶᠢᠭᠡᠮ ᠲᠣᠭᠤᠷᠢᠭ ᠤᠨ ᠪᠠᠶᠢᠭᠤᠯᠤᠯᠲᠠ ᠪᠠ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠰᠠᠶᠢᠲᠤᠷ ᠠᠳᠬᠤᠵᠤ᠂ ︽ᠨᠠᠮ ᠤᠨ ᠪᠠᠶᠢᠭᠤᠯᠤᠯᠲᠠ ᠶᠢᠨ ᠠᠵᠢᠯ ᠢ ᠦᠨᠳᠦᠰᠦᠨ ᠱᠠᠲᠤᠨ ᠳᠤ︾  ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠠᠷᠠᠳ ᠲᠤ ᠲᠥᠬᠦᠮ ᠦᠵᠡᠭᠦᠯᠬᠦ ᠠᠯᠪᠠᠨ ᠵᠢᠷᠤᠮ ᠤᠨ ᠡᠮᠴᠢᠯᠡᠭᠡ᠂ ᠠᠨᠠᠷ ᠤᠨ ᠦᠷ᠎ᠡ ᠶᠢᠨ ᠬᠥᠷᠰᠢ ᠵᠡᠷᠭᠡᠯᠡᠳᠡᠭᠡ ᠶᠢᠨ ᠰᠣᠶᠣᠯ ᠤᠨ ᠶᠡᠭᠡ ᠴᠤᠭᠯᠠᠷᠠᠯ᠂ ᠰᠠᠭᠤᠭᠠᠯᠢ ᠠᠷᠠᠳ ᠤᠨ ᠬᠡᠷᠡᠭ ᠵᠥᠪᠯᠡᠬᠦ ᠬᠤᠷᠠᠯ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠵᠢᠴᠢ ᠪᠣᠯᠪᠠᠰᠤᠷᠠᠯ ᠵᠡᠷᠭᠡ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠪᠡ᠃
   ︽ᠨᠡᠶᠢᠭᠡᠮ ᠲᠣᠭᠤᠷᠢᠭ ᠪᠣᠯ ᠣᠯᠠᠨ ᠨᠡᠶᠢᠲᠡ ᠶᠢᠨ ᠦᠶᠯᠡᠴᠢᠯᠡᠭᠡ ᠬᠠᠩᠭᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠴᠢᠬᠤᠯᠠ ᠠᠴᠢᠶᠠᠯᠠᠪᠤᠷᠢ ᠮᠥᠨ᠂ ᠲᠠᠷᠠᠭᠠᠴᠢ ᠶᠢᠨ ᠠᠯᠬᠤᠮ ᠳᠤ᠂ ᠪᠢᠳᠡ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠢ ᠨᠠᠮ ᠪᠣᠯᠤᠨ ᠵᠠᠰᠠᠭ ᠤᠨ ᠣᠷᠳᠣᠨ ᠤ ᠲᠣᠭᠤᠷᠢᠨ ᠳᠤ ᠨᠢᠭᠲᠠᠷᠠᠨ ᠪᠦᠯᠬᠦᠮᠳᠡᠭᠦᠯᠵᠦ᠂ ︽ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ︾ ᠵᠣᠯ ᠵᠢᠷᠭᠠᠯᠲᠤ ᠬᠡᠷ ᠣᠷᠣᠨ ᠢ ᠢᠳᠡᠪᠬᠢᠲᠡᠶ ᠪᠠᠶᠢᠭᠤᠯᠤᠨ᠎ᠠ᠃︾ ᠭᠡᠵᠦ ᠭᠤᠸᠠᠩ ᠮᠢᠩ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ ᠵᠠᠩ ᠶᠠᠨ ᠯᠢ ᠬᠡᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号