ᠨᠢᠭᠡᠨ ᠡᠮᠡᠭᠲᠡᠢ ︽ᠬᠤᠭᠤᠴᠠᠭ᠎ᠠ ᠨᠢ ᠥᠩᠭᠡᠷᠡᠭᠰᠡᠨ︾ ᠨᠢᠳᠦᠨ ᠤ ᠡᠮ ᠢ ᠬᠡᠷᠡᠭᠯᠡᠭᠰᠡᠨ ᠤ ᠳᠠᠷᠠᠭ᠎ᠠ ᠬᠠᠷᠠᠭ᠎ᠠ | ᠨᠢ 0.1 ᠪᠣᠯᠪᠠ | ᠣᠶᠢᠷ᠎ᠠ ᠳᠤ᠂ ᠦᠬᠠᠨ ᠤ 29 ᠨᠠᠰᠤᠲᠠᠢ ᠵᠣᠣ ᠠᠪᠠᠭ᠋ᠠᠢ ᠺᠣᠮᠫᠢᠦ᠋ᠲ᠋ᠧᠷ ᠬᠠᠷᠠᠨ ᠤᠷᠲᠤ ᠬᠤᠭᠤᠴᠠᠭ᠎ᠠ ᠪᠠᠷ | ᠠᠵᠢᠯᠯᠠᠭᠰᠠᠨ ᠠᠴᠠ ᠪᠣᠯᠵᠤ᠂ ᠨᠢᠳᠦ ᠨᠢ ᠣᠰᠬᠤᠷᠤᠨ ᠡᠪᠡᠳᠦᠭᠰᠡᠨ ᠳᠤ᠂ ᠴᠢᠨᠠᠷ ᠢ ᠪᠠᠲᠤᠯᠠᠬᠤ ᠬᠤᠭᠤᠴᠠᠭ᠎ᠠ ᠨᠢ | ᠨᠢᠭᠡ ᠵᠢᠯ ᠦᠯᠡᠳᠡᠵᠦ ᠪᠠᠶᠢᠭ᠎ᠠ ᠨᠢᠭᠡ ᠯᠣᠩᠬᠤ ᠨᠢᠳᠦᠨ ᠤ ᠡᠮ ᠢ ᠤᠷᠪᠠᠭᠤᠯᠤᠨ ᠭᠠᠷᠭᠠᠵᠤ᠂ ᠨᠢᠳᠦᠨ ᠳᠤ ᠪᠠᠨ | ᠬᠡᠳᠦᠨ ᠳᠤᠰᠤᠯ ᠳᠤᠰᠤᠯᠭᠠᠭᠰᠠᠨ ᠤ ᠳᠠᠷᠠᠭ᠎ᠠ᠂ ᠣᠰᠬᠤᠷᠣᠨ ᠡᠪᠡᠳᠬᠦ ᠪᠠᠶᠢᠳᠠᠯ ᠨᠢ ᠪᠠᠭ᠋ᠠᠨ ᠨᠠᠮᠳᠠᠭᠰᠠᠨ ᠰᠢᠭ᠋ | ᠰᠠᠨᠠᠭᠳᠠᠵᠠᠢ᠃ | ᠭᠡᠪᠡᠴᠦ ᠳᠠᠷᠠᠭ᠎ᠠ ᠡᠳᠦᠷ ᠨᠢ ᠵᠣᠣ ᠠᠪᠠᠭ᠋ᠠᠢ ᠶᠢᠨ ᠨᠢᠳᠦ ᠨᠢ ᠤᠯᠠᠶᠢᠵᠤ ᠬᠠᠪᠤᠳᠤᠨ ᠨᠢᠯᠪᠤᠰᠤ ᠤᠨᠠᠭᠠᠵᠤ᠂ | ᠰᠢᠭᠦᠷᠡᠳᠡᠰᠦ ᠨᠢ ᠮᠡᠳᠡᠭᠳᠡᠮ᠎ᠡ ᠨᠡᠮᠡᠭᠳᠡᠵᠦ᠂ ᠶᠠᠭᠤᠮ᠎ᠠ ᠦᠵᠡᠬᠦ ᠳᠤ ᠨᠢ ᠴᠦ ᠪᠠᠯᠠᠷᠬᠠᠢ ᠪᠣᠯᠤᠭᠰᠠᠨ ᠲᠤᠯᠠ | ᠳᠠᠷᠤᠶᠢᠬᠠᠨ ᠡᠮᠨᠡᠯᠭᠡ ᠳᠤ ᠬᠦᠷᠴᠦ ᠡᠮᠨᠡᠭᠦᠯᠪᠡ᠃ | ᠪᠠᠶᠢᠴᠠᠭᠠᠯᠲᠠ ᠪᠠᠷ ᠳᠠᠮᠵᠢᠭᠠᠳ ᠵᠣᠣ ᠠᠪᠠᠭ᠋ᠠᠢ ᠶᠢᠨ ᠡᠪᠡᠷᠯᠢᠭ ᠪᠦᠷᠬᠦᠪᠴᠢ ᠨᠢ ᠤᠯᠠᠶᠢᠵᠤ ᠬᠠᠪᠤᠳᠤᠨ | ᠦᠷᠪᠢᠰᠴᠦ᠂ ᠬᠠᠷᠠᠭ᠎ᠠ ᠨᠢ 0.1 ᠯᠡ ᠦᠯᠡᠳᠡᠵᠡᠢ᠃ ᠡᠮᠴᠢ ᠨᠢᠳᠦᠨ ᠤ ᠡᠮ ᠢ ᠪᠠᠶᠢᠴᠠᠭᠠᠭᠰᠠᠨ ᠤ ᠳᠠᠷᠠᠭ᠎ᠠ᠂ ᠡᠨᠡ | ᠨᠢ ᠲᠡᠭᠦᠨ ᠤ ᠬᠠᠭᠠᠰ ᠵᠢᠯ ᠤᠨ ᠡᠮᠦᠨ᠎ᠡ ᠨᠡᠭᠡᠭᠡᠭᠰᠡᠨ ᠤ ᠳᠠᠷᠠᠭ᠎ᠠ ᠦᠯᠡᠳᠡᠭᠰᠡᠨ ᠭᠡᠳᠡᠭ ᠢ ᠣᠯᠵᠤ ᠮᠡᠲᠡᠭᠰᠡᠨ ᠪᠠ | ᠲᠡᠭᠦᠨ ᠢ ᠬᠤᠭᠤᠴᠠᠭ᠎ᠠ ᠨᠢ ᠥᠩᠭᠡᠷᠡᠭᠰᠡᠨ ᠨᠢᠳᠦᠨ ᠤ ᠤᠰᠤᠨ ᠡᠮ ᠢ ᠬᠡᠷᠡᠭᠯᠡᠭᠰᠡᠨ ᠠᠴᠠ ᠪᠣᠯᠤᠭᠰᠠᠨ ᠪᠠᠺᠲ᠋ᠧᠷᠢᠲᠦ | ᠡᠪᠡᠷᠯᠢᠭ ᠪᠦᠷᠬᠦᠪᠴᠢ ᠶᠢᠨ ᠦᠷᠪᠢᠰᠦᠯ ᠢᠶᠠᠷ ᠣᠨᠣᠰᠢᠯᠠᠪᠠ᠃ | ᠨᠢᠳᠦᠨ ᠤ ᠤᠰᠤᠨ ᠡᠮ ᠤᠨ ᠴᠢᠨᠠᠷ ᠢ ᠪᠠᠲᠤᠯᠠᠬᠤ ᠬᠤᠭᠤᠴᠠᠭ᠎ᠠ ≠ ᠬᠡᠷᠡᠭᠯᠡᠬᠦ ᠬᠤᠭᠤᠴᠠᠭ᠎ᠠ | ᠨᠢᠳᠦᠨ ᠤ ᠤᠰᠤᠨ ᠡᠮ ᠤᠨ ᠴᠢᠨᠠᠷ ᠢ ᠪᠠᠲᠤᠯᠠᠬᠤ ᠬᠤᠭᠤᠴᠠᠭ᠎ᠠ ᠨᠢ ᠪᠠᠰᠠ ᠵᠢᠯ ᠰᠢᠬᠠᠮ ᠪᠠᠶᠢᠲᠠᠯ᠎ᠠ | ᠶᠠᠭᠠᠬᠢᠭᠠᠳ ︽ᠬᠤᠭᠤᠴᠠᠭ᠎ᠠ ᠨᠢ ᠥᠩᠭᠡᠷᠡᠭᠰᠡᠨ︾ ᠪᠤᠢ︖ | ᠡᠮᠴᠢ ᠶᠢᠨ ᠰᠠᠨᠠᠭᠤᠯᠤᠭᠰᠠᠨ ᠢᠶᠠᠷ᠂ ᠨᠢᠳᠦᠨ ᠤ ᠡᠮ ᠤᠨ ᠭᠠᠳᠠᠷ ᠪᠣᠭᠤᠳᠠᠯ ᠳᠡᠭᠡᠷᠡᠬᠢ ᠴᠢᠨᠠᠷ ᠢ ᠪᠠᠲᠤᠯᠠᠬᠤ | ᠬᠤᠭᠤᠴᠠᠭ᠎ᠠ ᠭᠡᠳᠡᠭ ᠨᠢ ᠶᠡᠷᠦ ᠳᠡᠭᠡᠨ ᠬᠡᠷᠡᠯ ᠠᠴᠠ ᠵᠠᠶᠢᠯᠠᠬᠤ ᠨᠥᠬᠦᠴᠡᠯ ᠳᠣᠣᠷ᠎ᠠ ᠪᠢᠲᠡᠭᠦᠮᠵᠢ ᠶᠢ ᠨᠢ ᠨᠡᠭᠡᠭᠡᠭᠰᠡᠨ | ᠦᠭᠡᠢ ᠬᠡᠷᠡᠭᠯᠡᠬᠦ ᠬᠤᠭᠤᠴᠠᠭ᠎ᠠ ᠶᠢ ᠵᠢᠭᠠᠨ᠎ᠠ᠃ ᠪᠢᠲᠡᠭᠦᠮᠵᠢ ᠶᠢ ᠨᠡᠭᠡᠭᠡᠭᠰᠡᠨ ᠤ ᠳᠠᠷᠠᠭ᠎ᠠ 4 ᠭᠠᠷᠠᠭ ᠠᠴᠠ ᠬᠡᠲᠦᠷᠡᠪᠡᠯ | ᠬᠡᠷᠡᠭᠯᠡᠬᠦ ᠶᠢ ᠰᠠᠨᠠᠭᠠᠴᠢᠯᠠᠬᠤ ᠦᠭᠡᠢ᠃ ᠤᠴᠢᠷ ᠨᠢ ᠣᠯᠠᠨ ᠤᠳᠠᠭ᠎ᠠ ᠳᠠᠬᠢᠨ ᠳᠠᠪᠲᠠᠨ ᠨᠡᠭᠡᠭᠡᠬᠦ ᠦᠶ᠎ᠡ ᠳᠤ ᠡᠮ ᠤᠨ | ᠵᠦᠢᠯ ᠪᠣᠬᠢᠷᠲᠤᠵᠤ᠂ ᠦᠷᠭᠦᠯᠵᠢᠯᠡᠨ ᠬᠡᠷᠡᠭᠯᠡᠪᠡᠯ ᠬᠤᠶᠠᠳᠠᠭᠴᠢ ᠬᠠᠯᠳᠠᠪᠤᠷᠢᠯᠠᠯ ᠡᠭᠦᠰᠬᠡᠵᠦ ᠮᠡᠳᠡᠨ᠎ᠡ᠂ ᠵᠢᠱᠢᠶᠡᠯᠡᠪᠡᠯ | ᠨᠡᠶᠢᠯᠡᠮᠡᠯ ᠪᠦᠷᠬᠦᠪᠴᠢ ᠶᠢᠨ ᠦᠷᠪᠢᠰᠦᠯ᠂ ᠴᠢᠨᠠᠭᠰᠢᠯᠠᠪᠠᠯ ᠡᠪᠡᠷᠯᠢᠭ ᠪᠦᠷᠬᠦᠪᠴᠢ ᠶᠢᠨ ᠦᠷᠪᠢᠰᠦᠯ ᠢ ᠴᠦ ᠡᠭᠦᠰᠬᠡᠵᠦ | ᠮᠡᠳᠡᠨ᠎ᠡ᠃ ᠬᠡᠷᠪᠡ ᠴᠠᠭ ᠲᠤᠬᠠᠢ ᠳᠤᠨᠢ ᠡᠮᠨᠡᠨ ᠵᠠᠰᠠᠬᠤ ᠦᠭᠡᠢ ᠪᠣᠯ ᠡᠪᠡᠷᠯᠢᠭ ᠪᠦᠷᠬᠦᠪᠴᠢ ᠶᠢᠨ ᠰᠢᠷᠬᠠᠯᠠᠭ᠎ᠠ᠂ | ᠬᠠᠷᠠᠭ᠎ᠠ ᠮᠠᠭᠤᠳᠠᠬᠤ᠂ ᠴᠢᠨᠠᠭᠰᠢᠯᠠᠨ ᠬᠠᠷᠠᠭ᠎ᠠ ᠠᠯᠳᠠᠬᠤ ᠳᠤ ᠬᠦᠷᠦᠨ᠎ᠡ ᠭᠡᠵᠡᠢ᠃ |