ᠵᠢᠮᠢᠰ ᠲᠡᠭᠦᠬᠦ ᠬᠦᠷᠢᠶᠡᠯᠡᠩ ᠳᠤ ᠡᠪᠦᠯ ᠤᠨ ᠰᠠᠶᠢᠨ ᠴᠠᠭ ᠢ ᠡᠳ᠋ᠯᠡᠨ᠎ᠡ
ᠨᠡᠶᠢᠲᠡᠯᠡᠭᠰᠡᠨ ᠴᠠᠭ᠄
2024/11/28
   ᠡᠪᠦᠯ ᠤᠨ ᠡᠬᠢᠨ ᠤ ᠦᠶ᠎ᠡ ᠪᠠᠷ᠂ ᠲᠦᠴᠢᠦᠸᠠᠨ ᠰᠢᠶᠠᠨ ᠤ ᠵᠢᠤᠢ ᠮᠧᠶ ᠾᠧᠩ ᠭᠦᠸᠧ ᠳᠥᠷᠪᠡᠨ ᠤᠯᠠᠷᠢᠯ  ᠤᠨ ᠵᠢᠮᠢᠰ ᠲᠡᠭᠦᠬᠦ ᠬᠦᠷᠢᠶᠡᠯᠡᠩ ᠤᠨ ᠬᠦᠯᠡᠮᠵᠢ᠂ ᠬᠥᠨᠳᠡᠯᠡᠨ ᠭᠤᠯᠳᠤ ᠰᠦᠯᠵᠢᠯᠳᠦᠭᠰᠡᠨ ᠵᠡᠯ᠎ᠡ ᠳᠡᠭᠡᠷ᠎ᠡ᠂ ᠯᠣᠣ ᠵᠢᠮᠢᠰ ᠤᠨ ᠥᠩᠭᠡ ᠨᠢ ᠰᠣᠷᠭᠤᠭ᠂ ᠵᠢᠮᠢᠰ ᠤᠨ ᠬᠡᠯᠪᠡᠷᠢ ᠨᠢ ᠳᠦᠭᠦᠷᠡᠩ ᠪᠠᠶᠢᠵᠦ᠂ ᠨᠣᠭᠤᠭᠠᠨ ᠰᠠᠯᠠᠭ᠎ᠠ ᠮᠥᠴᠢᠷ ᠲᠡᠭᠡᠷ᠎ᠡ ᠤᠪ ᠤᠯᠠᠭᠠᠨ ᠯᠣᠤ ᠵᠢᠮᠢᠰ ᠡᠯᠭᠦᠵᠦ᠂ ᠵᠤᠭᠠᠴᠠᠭᠰᠠᠳ ᠲᠡᠭᠦᠨ ᠤ ᠳᠤᠮᠳᠠᠭᠤᠷ ᠶᠠᠪᠤᠵᠤ᠂ ᠵᠢᠮᠢᠰ ᠲᠡᠭᠦᠬᠦ ᠬᠠᠪᠤ ᠴᠡᠩᠭᠡᠯ ᠢ ᠪᠡᠶᠡᠴᠢᠯᠡᠨ ᠣᠶᠢᠯᠠᠭᠠᠵᠤ ᠪᠠᠶᠢᠨ᠎ᠠ᠃
   ᠯᠤᠤ ᠵᠢᠮᠢᠰ ᠨᠢ ᠬᠠᠯᠠᠭᠤᠨ ᠪᠦᠰᠡᠨ ᠤ ᠵᠢᠮᠢᠰ ᠪᠣᠯᠤᠭᠰᠠᠨ ᠤ ᠬᠤᠪᠢ ᠳᠤ᠂ ᠤᠤᠯ ᠨᠢ ᠤᠮᠠᠷᠠᠲᠤ ᠣᠷᠣᠨ ᠤ ᠠᠭᠤᠷ ᠠᠮᠢᠰᠬᠤᠯ ᠳᠤ ᠳᠣᠭᠢᠷᠠᠬᠤ ᠥᠬᠡᠶ ᠪᠠᠶᠢᠵᠠᠶ᠂ ᠲᠦᠴᠢᠦᠸᠠᠨ ᠰᠢᠶᠠᠨ ᠤ ᠵᠢᠤᠢ ᠮᠧᠶ ᠾᠧᠩ ᠭᠦᠸᠧ ᠵᠢᠮᠢᠰ ᠲᠡᠭᠦᠬᠦ ᠬᠦᠷᠢᠶᠡᠯᠡᠩ ᠨᠢ ᠲᠡᠷᠢᠭᠦᠨ ᠤ ᠬᠦᠯᠡᠮᠵᠢ ᠶᠢᠨ ᠳᠠᠷᠢᠬᠤ ᠮᠡᠷᠭᠡᠵᠢᠯ ᠢ ᠣᠷᠣᠭᠤᠯᠬᠤ᠂ ᠬᠡᠷᠡᠯ ᠤᠨ ᠲᠤᠰᠤᠯᠲᠠ᠂ ᠳᠤᠯᠠᠭᠠᠨ ᠤ ᠬᠡᠮᠵᠢᠶ᠎ᠡ ᠪᠠ ᠴᠢᠭᠢᠭ ᠤᠨ ᠬᠡᠮᠵᠢᠶ᠎ᠡ ᠵᠡᠷᠭᠡ ᠵᠠᠩᠭᠢᠯᠠᠭ᠎ᠠ ᠶᠢᠨ ᠬᠦᠴᠦᠨ ᠵᠦᠶᠯ ᠢ ᠰᠢᠨᠵᠢᠯᠡᠬᠦ ᠤᠬᠠᠭᠠᠨᠴᠢ  ᠪᠠᠷ ᠲᠣᠬᠢᠷᠠᠭᠤᠯᠤᠨ ᠡᠵᠡᠮᠳᠡᠬᠦ ᠪᠠᠷ ᠳᠡᠮᠵᠢᠨ᠂ ᠯᠣᠣ ᠵᠢᠮᠢᠰ ᠲᠤ ᠬᠠᠯᠠᠭᠤᠨ ᠪᠦᠰᠡᠨ ᠤ ᠥᠰᠥᠯᠲᠡ ᠶᠢᠨ ᠣᠷᠴᠢᠨ ᠲᠣᠭᠤᠷᠢᠨ ᠢ ᠠᠮᠵᠢᠯᠲᠠᠲᠠᠶ ᠡᠭᠦᠳᠴᠦ ᠥᠭᠴᠡᠶ᠃
  ︽ᠣᠳᠣᠬᠠᠨ ᠳᠤ᠂ ᠵᠢᠮᠢᠰ ᠲᠡᠭᠦᠬᠦ ᠬᠦᠷᠢᠶᠡᠯᠡᠩ ᠤᠨ ᠯᠣᠣ ᠵᠢᠮᠢᠰ ᠤᠨ ᠤᠷᠭᠤᠴᠠ ᠨᠢ ᠪᠠᠶᠠᠷᠯᠠᠭᠤᠰᠢᠲᠠᠶ ᠪᠠᠶᠢᠵᠤ᠂ ᠯᠣᠣ ᠵᠢᠮᠢᠰ ᠲᠡᠭᠦᠬᠦ ᠬᠤᠭᠤᠴᠠᠭ᠎ᠠ ᠨᠢ 9 ᠰᠠᠷ᠎ᠠ ᠠᠴᠠ 12 ᠰᠠᠷ᠎ᠠ ᠪᠣᠯᠲᠠᠯ᠎ᠠ ᠦᠷᠭᠦᠯᠵᠢᠯᠡᠵᠦ᠂ ᠬᠠᠭᠠᠰ ᠰᠠᠷ᠎ᠠ ᠪᠦᠷᠢ ᠨᠢᠭᠡ ᠪᠦᠯᠦᠭ ᠵᠢᠮᠢᠰ ᠬᠤᠷᠢᠶᠠᠵᠤ᠂ ᠵᠢᠱᠢᠯᠲᠡ ᠪᠠᠷ ᠣᠷᠣᠯᠭ᠎ᠠ ᠨᠢ 4 ᠲᠦᠮᠡᠨ ᠲᠥᠭᠦᠷᠢᠭ ᠲᠤ ᠬᠥᠷᠬᠦ ᠪᠣᠯᠤᠨ᠎ᠠ᠃︾ ᠭᠡᠵᠦ ᠲᠦᠴᠢᠦᠸᠠᠨ ᠰᠢᠶᠠᠨ ᠤ ᠵᠢᠤᠢ ᠮᠧᠶ ᠾᠧᠩ ᠭᠦᠸᠧ ᠳᠥᠷᠪᠡᠨ ᠤᠯᠠᠷᠢᠯ ᠤᠨ ᠵᠢᠮᠢᠰ ᠲᠡᠭᠦᠬᠦ ᠬᠦᠷᠢᠶᠡᠯᠡᠩ ᠤᠨ ᠠᠵᠢᠯᠲᠠᠨ ᠯᠢ ᠵᠢᠩ ᠲᠠᠨᠢᠯᠴᠠᠭᠤᠯᠪᠠ᠃
   ︽ᠲᠦᠷᠪᠡᠨ ᠤᠯᠠᠷᠢᠯ ᠳᠤ ᠵᠢᠮᠢᠰ ᠪᠣᠯᠪᠠᠰᠤᠷᠠᠵᠤ᠂ ᠡᠳᠦᠷ ᠪᠦᠷᠢ ᠵᠢᠮᠢᠰ ᠲᠡᠭᠦᠵᠦ︾᠂ ᠲᠦᠴᠢᠦᠸᠠᠨ ᠰᠢᠶᠠᠨ  ᠤ ᠵᠢᠤᠢ ᠮᠧᠢ ᠾᠧᠩ ᠭᠦᠸᠧ ᠶᠢᠨ ᠲᠦᠷᠪᠡᠨ ᠤᠯᠠᠷᠢᠯ ᠤᠨ ᠵᠢᠮᠢᠰ ᠲᠡᠭᠦᠬᠦ ᠬᠦᠷᠢᠶᠡᠯᠡᠩ ᠨᠢ ᠵᠢᠮᠢᠰ ᠲᠡᠭᠦᠬᠦ ᠰᠠᠶᠢᠨ ᠭᠠᠵᠠᠷ ᠪᠣᠯᠭᠠᠵᠤ᠂ ᠥᠷᠭᠡᠨ ᠤᠯᠠᠨ ᠵᠤᠭᠠᠴᠠᠭᠰᠠᠳ ᠲᠤ ᠰᠡᠯᠡᠭᠦᠴᠡᠨ ᠵᠤᠭᠠᠴᠠᠬᠤ ᠰᠠᠶᠢᠨ ᠭᠠᠵᠠᠷ ᠬᠠᠩᠭᠠᠪᠠ᠃    ᠵᠢᠦᠢ ᠮᠧᠶ ᠾᠧᠩ ᠭᠦᠸᠧ ᠳᠥᠷᠪᠡᠨ ᠤᠯᠠᠷᠢᠯ ᠤᠨ ᠵᠢᠮᠢᠰ ᠲᠡᠭᠦᠬᠦ ᠬᠦᠷᠢᠶᠡᠯᠡᠩ ᠤᠨ ᠭᠦᠵᠡᠯᠵᠡᠭᠡᠨ᠎ᠡ ᠶᠢᠨ ᠬᠦᠯᠡᠮᠵᠢ ᠳᠤ ᠣᠷᠣᠬᠤ ᠳᠤ᠂ ᠨᠢᠭᠡ ᠨᠢᠭᠡ ᠰᠠᠭᠤᠷᠢ ᠭᠦᠵᠡᠯᠵᠡᠭᠡᠨ᠎ᠡ ᠶᠢᠨ ᠰᠠᠯᠠᠭ᠎ᠠ ᠨᠠᠮᠠᠭ᠎ᠠ ᠢᠭ᠍ᠴᠤ ᠰᠠᠬᠤᠯᠢᠭ᠂ ᠲᠡᠷᠢ ᠲᠡᠭᠰᠢ ᠵᠢᠭᠰᠠᠵᠤ᠂ ᠨᠣᠪ ᠨᠣᠭᠤᠭᠠᠨ ᠨᠠᠪᠴᠢ ᠶᠢᠨ ᠳᠣᠤᠷ᠎ᠠ ᠨᠢᠭᠡ ᠪᠠᠭᠴᠠ ᠴᠠᠭᠠᠨ ᠴᠡᠴᠡᠭ ᠳᠡᠯᠭᠡᠷᠡᠵᠦ᠂ ᠴᠡᠴᠡᠭ ᠤᠨ ᠳᠣᠤᠷ᠎ᠠ ᠪᠣᠯᠪᠠᠰᠤᠷᠠᠭᠰᠠᠨ ᠭᠦᠵᠡᠯᠵᠡᠭᠡᠨ᠎ᠡ ᠡᠯᠭᠦᠭᠳᠡᠵᠦ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃
   ︽ᠭᠦᠵᠡᠯᠵᠡᠭᠡᠨ᠎ᠡ ᠲᠡᠭᠦᠬᠦ ᠬᠦᠷᠢᠶᠡᠯᠡᠩ ᠤᠨ ᠭᠦᠵᠡᠯᠵᠡᠭᠡᠨ᠎ᠡ ᠣᠲᠣ ᠵᠢᠮᠢᠰᠯᠡᠬᠦ ᠬᠤᠭᠤᠴᠠᠭᠠᠨ ᠳᠤ ᠪᠣᠶ᠂ ᠪᠠᠰᠠ ᠨᠢᠭᠡ ᠰᠠᠷ᠎ᠠ ᠭᠠᠷᠤᠶ ᠵᠠᠬ᠎ᠠ ᠳᠡᠯᠭᠡᠭᠦᠷ ᠲᠤ ᠭᠠᠷᠴᠤ ᠪᠣᠯᠤᠨ᠎ᠠ᠂ ᠭᠦᠵᠡᠯᠵᠡᠭᠡᠨ᠎ᠡ ᠮᠠᠰᠢ ᠠᠮᠲᠠᠲᠠᠶ᠂ ᠪᠣᠬᠢᠷᠲᠤᠯ ᠥᠬᠡᠶ᠃︾ ᠭᠡᠵᠦ ᠯᠢ ᠵᠢᠩ ᠲᠠᠨᠢᠯᠴᠠᠭᠤᠯᠪᠠ᠃
   ᠤᠢᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠲᠥᠬᠦᠭᠡᠷᠦᠮᠵᠢᠳᠤ ᠬᠥᠳᠡᠭᠡ ᠠᠵᠤ ᠠᠬᠤᠢ ᠶᠢᠨ ᠰᠢᠨ᠎ᠡ ᠶᠢ ᠡᠭᠦᠳᠦᠨ ᠬᠥᠭᠵᠢᠭᠦᠯᠬᠦ ᠲᠠᠯ᠎ᠠ ᠪᠠᠷ ᠲᠠᠰᠤᠷᠠᠯᠳᠠ ᠦᠭᠡᠢ ᠬᠦᠴᠦᠯᠡᠵᠦ᠂ ᠰᠠᠶᠢᠨᠬᠤᠸᠠᠷ ᠤᠳᠤ ᠦᠶ᠎ᠡ ᠶᠢᠨ ᠬᠥᠳᠡᠭᠡ ᠠᠵᠤ ᠠᠬᠤᠢ ᠶᠢᠨ ᠠᠮᠢ ᠠᠬᠤᠢ ᠶᠢᠨ ᠬᠦᠷᠢᠶᠡᠯᠡᠩ ᠲᠣᠭᠤᠷᠢᠭ᠂ ᠱᠤ᠋ ᠭᠤᠸᠠᠩ ᠤᠳᠤ ᠦᠶ᠎ᠡ ᠶᠢᠨ ᠬᠥᠳᠡᠭᠡ ᠠᠵᠤ ᠠᠬᠤᠢ ᠶᠢᠨ ᠣᠷᠴᠢᠯ ᠠᠵᠤ ᠠᠬᠤᠢ ᠶᠢᠨ ᠬᠦᠷᠢᠶᠡᠯᠡᠩ ᠲᠣᠭᠤᠷᠢᠭ ᠵᠡᠷᠭᠡ 6 ᠬᠡᠪᠴᠢᠶᠡᠵᠢᠭᠰᠡᠨ ᠲᠥᠬᠦᠭᠡᠷᠦᠮᠵᠢᠳᠤ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠵᠤ᠂ ᠣᠳᠣᠬᠠᠨ ᠳᠤ ᠨᠡᠶᠢᠳᠡ 5349 ᠳᠤᠯᠠᠭᠠᠨ ᠬᠦᠯᠡᠮᠵᠢ ᠲᠠᠢ᠂ ᠵᠢᠯ ᠳᠤ 3.8 ᠲᠦᠮᠡᠨ ᠲᠣᠨ ᠤᠯᠠᠷᠢᠯ ᠰᠥᠷᠬᠦ ᠵᠢᠮᠢᠰ ᠨᠣᠭᠤᠭ᠎ᠠ ᠦᠢᠯᠡᠳᠪᠦᠷᠢᠯᠡᠵᠦ᠂ 2.5 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠳᠡᠭ ᠢ ᠪᠡᠶᠡᠯᠡᠭᠦᠯᠵᠦ᠂ 3000 ᠲᠠᠷᠢᠶᠠᠴᠢᠨ ᠡᠷᠦᠬᠡ ᠶᠢ ᠲᠠᠶᠢᠴᠢᠯᠠᠵᠥ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 1.2 ᠲᠦᠮᠡᠨ ᠲᠥᠭᠦᠷᠢᠭ  ᠠᠴᠠ ᠳᠡᠭᠡᠭᠰᠢ ᠨᠡᠮᠡᠭᠳᠡᠭᠦᠯᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号