ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠢᠭᠡᠳ ᠥᠪᠥᠷ ᠮᠣᠩᠭᠤᠯ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠵᠠᠭᠤᠴᠢᠯᠠᠭᠤᠷ ᠤᠨ ᠲᠠᠨᠢᠯᠴᠠᠭᠤᠯᠬᠤ ᠠᠵᠢᠯᠯᠠᠭ᠎ᠠ ᠱᠠᠩᠬᠠᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2024/11/29
   11 ᠳ᠋ᠦ᠋ᠭᠡᠷ ᠰᠠᠷ᠎ᠠ ᠶᠢᠨ 25 ᠤ ᠡᠳᠦᠷ᠂ ︽ᠤᠮᠠᠷᠠᠲᠤ ᠬᠢᠯᠢ ᠶᠢᠨ ᠴᠣᠩᠬᠤᠪᠴᠢ ᠱᠠᠩᠬᠠᠢ ᠥᠪᠥᠷ ᠮᠣᠩᠭᠤᠯ ᠤᠨ ᠵᠤᠵᠠᠭᠠᠨ ᠨᠥᠬᠦᠷᠯᠡᠯ ︾ ᠭᠡᠳᠡᠭ ᠢᠶᠠᠷ ᠭᠤᠣᠯ ᠰᠡᠳᠦᠪ ᠪᠣᠯᠭᠠᠭᠰᠠᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠢᠭᠡᠳ ᠥᠪᠥᠷ ᠮᠣᠩᠭᠤᠯ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠵᠠᠭᠤᠴᠢᠯᠠᠭᠤᠷ ᠤᠨ ᠲᠠᠨᠢᠯᠴᠠᠭᠤᠯᠬᠤ ᠠᠵᠢᠯᠯᠠᠭ᠎ᠠ ᠱᠠᠩᠬᠠᠢ ᠳᠤ ᠶᠠᠪᠤᠭᠳᠠᠪᠠ᠃    ᠲᠠᠨᠢᠯᠴᠠᠭᠤᠯᠬᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠵᠢᠯᠤᠭᠤᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠱᠠᠩᠬᠠᠢ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠠᠴᠠ ᠭᠤᠣᠯᠯᠠᠨ ᠡᠷᠬᠢᠯᠡᠵᠦ᠂ CCTV ᠲᠥᠪ ᠲᠧᠯᠸᠢᠰ ᠤᠨ ᠡᠳ᠋ ᠤᠨ ᠵᠠᠰᠠᠭ ᠠᠵᠤ ᠠᠬᠤᠢ᠂ ︽ᠠᠷᠠᠳ ᠤᠨ ᠡᠳᠦᠷ ᠤᠨ ᠰᠣᠨᠢᠨ ︾᠂ ᠰᠢᠨᠬᠤᠸᠠ ᠰᠦᠯᠵᠢᠶ᠎ᠡ᠂ ᠳᠤᠮᠳᠠᠳᠤ ᠤᠯᠤᠰ ᠤᠨ ᠰᠣᠨᠢᠨ ᠮᠡᠳᠡᠭᠡᠨ ᠤ ᠬᠤᠷᠢᠶ᠎ᠠ ᠵᠡᠷᠭᠡ 30 ᠭᠠᠷᠤᠢ ᠵᠠᠭᠤᠴᠢᠯᠠᠭᠤᠷ ᠣᠷᠣᠯᠴᠠᠵᠠᠢ᠃    ᠲᠠᠨᠢᠯᠴᠠᠭᠤᠯᠬᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠰᠠᠭᠤᠷᠢᠯᠠᠨ᠂ ᠲᠤᠰ ᠪᠦᠷᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠢᠵᠢᠮ᠂ ᠤᠮᠠᠷᠠᠲᠤ ᠬᠢᠯᠢ ᠶᠢᠨ ᠰᠣᠶᠣᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ᠂ ᠦᠨᠳᠦᠰᠦᠲᠡᠨ ᠤ ᠪᠦᠯᠬᠦᠮᠳᠡᠯ ᠳᠤ ᠬᠦᠴᠦᠨ ᠨᠡᠮᠡᠷᠢᠯᠡᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠵᠡᠷᠭᠡ ᠭᠤᠣᠯ ᠰᠡᠳᠦᠪ ᠤᠨ ᠲᠣᠭᠤᠷᠢᠨ ᠳᠤ ᠶᠠᠷᠢᠶ᠎ᠠ ᠲᠠᠯᠪᠢᠵᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠱᠠᠩᠬᠠᠢ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠪᠡᠯᠡ ᠣᠷᠣᠭᠤᠯᠤᠯᠲᠠ ᠶᠢᠨ ᠣᠷᠴᠢᠨ ᠨᠥᠭᠦᠴᠡᠯ ᠢ ᠲᠠᠨᠢᠯᠴᠠᠭᠤᠯᠤᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ︽ᠥᠪᠥᠷ ᠮᠣᠩᠭᠤᠯ ᠳᠠᠬᠢ ᠳᠠᠭᠤᠤ ᠨᠡᠶᠢᠷᠡᠲᠠᠢ ᠵᠢᠭᠤᠯᠴᠢᠯᠠᠯ ᠮᠥᠰᠥ ᠴᠠᠰᠤᠨ ᠤ ᠪᠠᠶᠠᠷ ᠪᠠᠭ᠋ᠠᠳᠤᠯᠲᠠᠢ ᠤᠯᠠᠷᠢᠯ ︾ ᠭᠡᠬᠦ ᠭᠤᠣᠯ ᠰᠡᠳᠦᠪᠲᠦ ᠲᠠᠨᠢᠯᠴᠠᠭᠤᠯᠭ᠎ᠠ ᠬᠢᠵᠡᠢ᠃    ᠥᠪᠥᠷ ᠮᠣᠩᠭᠤᠯ ᠪᠠ ᠱᠠᠩᠬᠠᠢ ᠬᠤᠶᠠᠷ ᠭᠠᠵᠠᠷ ᠬᠡᠳᠦ᠋ᠢᠪᠡᠷ ᠮᠢᠩᠭᠠᠨ ᠭᠠᠵᠠᠷ ᠠᠯᠤᠰᠯᠠᠪᠠᠴᠤ ᠭᠦᠨ ᠵᠤᠵᠠᠭᠠᠨ ᠨᠥᠬᠦᠷᠯᠡᠯ ᠤᠨ ᠬᠠᠷᠢᠯᠴᠠᠭ᠎ᠠ ᠲᠠᠢ ᠶᠤᠮ᠃ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠦᠷᠡᠴᠢᠯᠡᠵᠦ ᠲᠡᠵᠢᠭᠡᠭᠰᠡᠨ ︾ ᠢᠷᠠᠭᠤ ᠰᠠᠶᠢᠬᠠᠨ ᠲᠡᠦᠬᠡᠨ ᠳᠠᠭᠤᠷᠢᠰᠬᠠᠯ ᠨᠢ ᠬᠤᠶᠠᠷ ᠭᠠᠵᠠᠷ ᠤᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠶᠢᠨ ᠬᠥᠭᠦᠷᠭᠡ ᠪᠣᠯᠵᠠᠢ᠃ 2021 ᠣᠨ ᠳᠤ᠂ ᠬᠤᠶᠠᠷ ᠭᠠᠵᠠᠷ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠬᠦ ᠶᠢᠨ ᠲᠥᠯᠥᠭᠡ᠂ ᠬᠤᠶᠠᠷ ᠲᠠᠯ᠎ᠠ ᠪᠠᠷ ᠢᠶᠠᠨ ︽ᠥᠪᠥᠷ ᠮᠣᠩᠭᠤᠯ ᠱᠠᠩᠬᠠᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠦᠳᠦᠭᠦᠪᠴᠢ ᠵᠥᠪᠯᠡᠯᠴᠡᠭᠡᠷ ︾ ᠲᠣᠭᠲᠠᠵᠤ᠂ ᠬᠤᠶᠠᠷ ᠭᠠᠵᠠᠷ ᠤᠨ ᠤᠯᠠᠨ ᠬᠦᠷᠢᠶ᠎ᠡ᠂ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠬᠦᠴᠦᠯᠡᠨ ᠠᠬᠢᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃ ᠮᠠᠨ ᠤ ᠣᠷᠣᠨ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠬᠦᠨᠵᠡᠭᠡᠶᠢᠷᠡᠭᠦᠯᠬᠦ ᠪᠣᠯᠣᠨ᠎ᠠ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号