11 ᠰᠠᠷ᠎ᠠ ᠶᠢᠨ 4 ᠤ ᠡᠳᠦᠷ᠂ ᠲᠦᠴᠢᠦᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶ᠎ᠠ ︽ᠲᠤᠯᠠᠭᠠᠯᠠᠭ᠎ᠠ ᠶᠢᠨ ᠢᠨᠵᠧᠨᠧᠷᠢᠩ︾ ᠤᠨ ᠭᠤᠷᠪᠠᠨ ᠳᠡᠰ ᠤᠨ ᠲᠥᠯᠥᠭᠡᠯᠡᠭᠴᠢᠳ | ᠤᠨ ᠠᠵᠢᠯ ᠪᠠᠶᠢᠴᠠᠭᠠᠬᠤ ᠠᠵᠢᠯ ᠢ ᠥᠷᠨᠢᠭᠦᠯᠪᠡ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠴᠧᠨ ᠭᠦᠸᠧ ᠮᠢᠩ᠂ ᠳᠡᠳ᠋ ᠡᠷᠬᠢᠯᠡᠭᠴᠢ ᠼᠤᠤ ᠶᠦᠩ ᠰᠢᠨ᠂ ᠯᠠᠨ | ᠰᠢᠶᠠᠨ ᠹᠧᠩ᠂ ᠴᠢᠦᠢ ᠲᠦᠩ ᠨᠢᠶᠠᠨ᠂ ᠯᠢᠶᠠᠩ ᠵᠧᠨ ᠱᠠᠨ ᠵᠢᠴᠢ ᠤᠷᠤᠨ᠂ ᠰᠢᠶᠠᠨ᠂ ᠰᠢᠶᠠᠩ ᠭᠤᠷᠪᠠᠨ ᠱᠠᠲᠤᠨ | ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠠᠶᠢᠴᠠᠭᠠᠨ ᠦᠵᠡᠬᠦ ᠳᠤ ᠣᠷᠣᠯᠴᠠᠵᠤ᠂ | ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠬᠤᠩ ᠰᠢᠩ ᠪᠠᠷ᠎ᠠ ᠪᠣᠯᠪᠠ᠃ | ᠰᠢᠨᠵᠢᠯᠡᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠭᠤᠷᠪᠠᠳᠤᠭᠠᠷ ᠢᠯᠴᠢ ᠡᠭᠦᠰᠭᠡᠭᠴᠢ ᠶᠢᠨ | ᠦᠶᠯᠡᠳᠪᠦᠷᠢ᠂ ᠵᠢᠶᠠ ᠯᠦᠩ ᠬᠠᠨ ᠴᠧᠨ ᠢᠯᠴᠢ ᠰᠣᠯᠢᠬᠤ ᠥᠷᠲᠡᠭᠡ᠂ ᠵᠢᠶᠠ ᠯᠦᠩ ᠬᠠᠨ ᠴᠧᠨ ᠰᠠᠭᠤᠭᠠᠯᠢ | ᠠᠷᠠᠳ ᠤᠨ ᠲᠣᠭᠤᠷᠢᠭ᠂ ᠬᠢᠲᠠᠳ ᠡᠮᠨᠡᠯᠭᠡ ᠶᠢᠨ ᠬᠤᠷᠢᠶ᠎ᠠ ᠶᠢᠨ ᠰᠠᠭᠤᠭᠠᠯᠢ ᠠᠷᠠᠳ ᠤᠨ ᠲᠣᠭᠤᠷᠢᠭ᠂ ᠬᠤᠶᠠᠳᠤᠭᠠᠷ | ᠢᠯᠴᠢ ᠡᠭᠦᠰᠭᠡᠭᠴᠢ ᠶᠢᠨ ᠦᠶᠯᠡᠳᠪᠦᠷᠢ ᠳᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠬᠠᠷᠢᠭᠤ | ᠮᠡᠳᠡᠭᠦᠯᠦᠯᠲᠡ ᠶᠢ ᠰᠣᠨᠣᠰᠬᠤ᠂ ᠲᠤᠬᠠᠶ ᠶᠢᠨ ᠲᠠᠯᠠᠪᠠᠶ ᠳᠤ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ | ᠂ ᠢᠯᠴᠢ ᠡᠭᠦᠰᠭᠡᠭᠴᠢ ᠶᠢᠨ ᠪᠥᠲᠥᠭᠡᠨ ᠪᠠᠶᠢᠭᠤᠯᠤᠯᠲᠠ᠂ ᠰᠢᠨ᠎ᠡ ᠪᠠᠷ ᠪᠠᠶᠢᠭᠤᠯᠤᠭᠰᠠᠨ ᠢᠯᠴᠢ ᠰᠣᠯᠢᠬᠤ ᠥᠷᠲᠡᠭᠡ | ᠶᠢᠨ ᠠᠵᠢᠯᠯᠠᠭᠠᠨ᠂ ᠬᠤᠭᠤᠯᠠᠶ ᠲᠣᠤᠷ ᠤᠨ ᠥᠭᠡᠷᠡᠴᠢᠯᠡᠯᠲᠡ᠂ ᠢᠯᠴᠢ ᠬᠠᠩᠭᠠᠬᠤ ᠠᠵᠢᠯᠯᠠᠭᠠᠨ᠂ ᠲᠦᠯᠡᠰᠢᠨ | ᠨᠡᠭᠦᠷᠡᠰᠦ ᠶᠢᠨ ᠨᠥᠭᠡᠴᠡ ᠵᠢᠴᠢ ᠲᠦᠯᠡᠰᠢᠨ ᠨᠡᠭᠦᠷᠡᠰᠦ ᠬᠤᠳᠠᠯᠳᠤᠨ ᠠᠪᠬᠤ ᠪᠠᠯᠠ ᠮᠥᠩᠭᠦ ᠶᠢᠨ ᠪᠠᠲᠤᠯᠠᠭ᠎ᠠ ᠶᠢᠨ | ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠡᠷᠦᠬᠡ ᠳᠤ ᠣᠷᠣᠵᠤ ᠲᠤᠬᠠᠶ ᠶᠢᠨ ᠭᠠᠵᠠᠷ ᠲᠤᠨᠢ ᠬᠡᠷ ᠳᠣᠲᠣᠷᠠᠬᠢ | ᠳᠤᠯᠠᠭᠠᠨ ᠤ ᠬᠡᠮᠵᠢᠶ᠎ᠡ ᠶᠢ ᠪᠠᠶᠢᠴᠠᠭᠠᠨ ᠦᠵᠡᠪᠡ᠃ | ᠰᠢᠨᠵᠢᠯᠡᠨ ᠪᠠᠶᠢᠴᠠᠭᠠᠬᠤ ᠳᠤᠭᠤᠶᠢᠯᠠᠩ ᠲᠦᠴᠢᠦᠸᠠᠨ ᠰᠢᠶᠠᠨ ᠤ ︽ᠲᠤᠯᠠᠭᠠᠯᠠᠭ᠎ᠠ ᠶᠢᠨ ᠢᠨᠵᠧᠨᠧᠷᠢᠩ︾ ᠤᠨ | ᠠᠵᠢᠯ ᠶᠢ ᠨᠤᠲᠠᠯᠠᠵᠤ᠂ ᠰᠢᠨᠵᠢᠯᠡᠨ ᠪᠠᠶᠢᠴᠠᠭᠠᠬᠤ ᠪᠠᠷ ᠳᠠᠮᠵᠢᠨ ︽ᠲᠤᠯᠠᠭᠠᠯᠠᠭ᠎ᠠ ᠶᠢᠨ ᠢᠨᠵᠧᠨᠧᠷᠢᠩ︾ ᠢ | ᠬᠡᠷᠡᠭᠵᠢᠭᠦᠯᠬᠦ ᠶᠠᠪᠤᠴᠠ ᠳᠠᠬᠢ ᠬᠤᠯᠪᠣᠭᠳᠠᠯ ᠪᠦᠬᠦᠢ ᠪᠠᠶᠢᠳᠠᠯ ᠢ ᠤᠯᠠᠮ ᠴᠢᠨᠠᠭᠰᠢᠳᠠ ᠤᠢᠢᠯᠠᠭᠠᠭᠰᠠᠠ ᠪᠥᠭᠡᠳ ᠲᠤᠰ | ᠤᠳᠠᠭ᠎ᠠ ᠶᠢᠨ ᠰᠢᠨᠵᠢᠯᠡᠨ ᠪᠠᠶᠢᠴᠠᠭᠠᠭᠰᠠᠨ ᠦᠷ᠎ᠡ ᠪᠦᠲᠦᠭᠡᠯ ᠢ ᠭᠦᠢᠴᠡᠳ ᠠᠰᠢᠭᠯᠠᠵᠤ᠂ ᠲᠥᠯᠥᠭᠡᠯᠡᠭᠴᠢᠳ ᠤᠨ | ᠰᠢᠨᠵᠢᠯᠡᠨ ᠪᠠᠶᠢᠴᠠᠭᠠᠬᠤ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ᠂ ︽ᠲᠤᠯᠠᠭᠠᠯᠠᠭ᠎ᠠ ᠶᠢᠨ ᠢᠨᠵᠧᠨᠧᠷᠢᠩ︾ | ᠢ ᠴᠢᠨᠠᠷ ᠰᠠᠶᠢᠲᠠᠢ ᠬᠡᠷᠡᠭᠵᠢᠭᠦᠯᠬᠦ᠂ ᠠᠷᠠᠳ ᠤᠯᠠᠨ ᠤ ᠦᠨᠳᠦᠰᠦᠨ ᠠᠷᠠᠳ ᠤᠨ ᠠᠮᠢᠳᠤᠷᠠᠯ ᠤᠨ ᠠᠰᠠᠭᠤᠳᠠᠯ ᠢ | ᠰᠠᠶᠢᠲᠤᠷ ᠰᠢᠢᠳᠪᠦᠷᠢᠯᠡᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠬᠦᠴᠦᠨ ᠴᠢᠳᠠᠯ ᠢᠶᠠᠨ ᠡᠷᠭᠦᠨ᠎ᠡ ᠭᠡᠵᠦ ᠤᠯᠠᠨ ᠢᠶᠠᠷ ᠢᠶᠠᠨ ᠢᠯᠡᠳᠬᠡᠵᠡᠭᠡᠪᠡ᠃ |