ᠯᠢᠦ ᠬᠣ᠋ ᠪᠠᠯᠭᠠᠰᠤ ︽ᠶᠡᠭᠡ ᠪᠠᠷ ᠴᠡᠪᠡᠷᠯᠡᠵᠦ︾ ︽ᠶᠡᠭᠡ ᠪᠠᠷ ᠠᠷᠢᠭᠤᠳᠬᠠᠬᠤ︾ ᠠᠵᠢᠯ ᠢ ᠥᠨᠳᠥᠷ ᠪᠦᠲᠦᠮᠵᠢᠲᠡᠶ ᠪᠠᠷ ᠥᠷᠨᠢᠭᠦᠯᠵᠦ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠨ᠎ᠠ
ᠨᠡᠶᠢᠲᠡᠯᠡᠭᠰᠡᠨ ᠴᠠᠭ᠄
2024/11/7
   ᠸᠢᠷᠦ᠋ᠰ ᠬᠠᠯᠳᠠᠪᠤᠷᠢᠯᠠᠬᠤ ᠬᠡᠯᠬᠢᠶ᠎ᠡ ᠶᠢ ᠪᠦᠲᠦᠮᠵᠢᠲᠡᠶ ᠲᠡᠰᠦᠯᠵᠦ᠂ ᠠᠮᠢᠲᠠᠨ ᠤ ᠬᠢᠵᠢᠭ ᠤᠨ ᠪᠠᠶᠢᠳᠠᠯ ᠡᠭᠦᠰᠬᠦ ᠪᠠ ᠲᠠᠷᠬᠠᠬᠤ ᠶᠢ ᠰᠡᠷᠭᠡᠶᠢᠯᠡᠬᠦ ᠶᠢᠨ ᠲᠥᠯᠥᠭᠡ᠂ ᠯᠢᠦ ᠬᠣ᠋ ᠪᠠᠯᠭᠠᠰᠤ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠨᠠᠮᠤᠷ ᠤᠨ ᠤᠯᠠᠷᠢᠯ ᠤᠨ ᠮᠠᠯ ᠤᠨ ᠫᠧᠩ ᠰᠠᠷᠠᠪᠴᠢ ᠶᠢ ︽ᠶᠡᠭᠡ ᠪᠠᠷ ᠴᠡᠪᠡᠷᠯᠡᠵᠦ᠂ ᠶᠡᠭᠡ ᠪᠠᠷ ᠠᠷᠢᠭᠤᠳᠬᠠᠬᠤ︾ ᠲᠤᠰᠬᠠᠶ ᠬᠢᠵᠢᠭ ᠢ ᠰᠡᠷᠭᠡᠶᠢᠯᠡᠬᠦ ᠠᠵᠢᠯᠯᠠᠭ᠎ᠠ ᠶᠢ ᠪᠥᠬᠦ ᠲᠠᠯ᠎ᠠ  ᠪᠠᠷ ᠡᠬᠢᠯᠡᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠬᠠᠷᠢᠶᠠᠲᠤ ᠣᠷᠣᠨ ᠤ ᠲᠡᠵᠢᠭᠡᠨ ᠦᠷᠡᠵᠢᠭᠦᠯᠬᠦ ᠦᠶᠯᠡᠰ  ᠤᠨ ᠣᠷᠣᠨ ᠪᠦᠰᠡ ᠳᠤ ᠴᠢᠭᠯᠡᠭᠦᠯᠦᠨ᠂ ᠪᠦᠬᠦᠨ ᠢ ᠬᠠᠮᠤᠷᠬᠤ᠂ ᠥᠨᠴᠥᠭ ᠪᠤᠯᠤᠩ ᠦᠯᠡᠳᠡᠭᠡᠯ ᠥᠬᠡᠶ ᠠᠷᠢᠭᠤᠳᠬᠠᠨ ᠴᠡᠪᠡᠷᠯᠡᠬᠦ ᠠᠵᠢᠯ ᠢ ᠬᠡᠷᠡᠭᠵᠢᠭᠦᠯᠵᠦ᠂ ᠨᠠᠮᠤᠷ ᠤᠨ ᠬᠤᠷᠢᠶᠠᠯᠲᠠ ᠶᠢᠨ ᠤᠯᠠᠷᠢᠯ ᠤᠨ ᠦᠶᠯᠡᠳᠪᠦᠷᠢᠯᠡᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠶᠠᠷ ᠲᠠᠯ᠎ᠠ ᠶᠢ ᠵᠡᠷᠭᠡ ᠪᠠᠷ ᠠᠳᠬᠤᠵᠤ᠂ ᠬᠤᠶᠠᠷ ᠢ ᠰᠠᠭᠠᠲᠠᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠨ᠎ᠠ᠃
   ᠵᠡᠷᠭᠡ ᠪᠠᠷ ᠶᠠᠪᠤᠭᠳᠠᠭᠤᠯᠬᠤ ᠶᠢ ᠴᠢᠬᠤᠯᠠᠴᠢᠯᠠᠨ᠎ᠠ᠃ ᠨᠠᠮᠤᠷ ᠤᠨ ᠬᠤᠷᠢᠶᠠᠯᠲᠠ ᠪᠠ ᠠᠷᠢᠭᠤᠳᠬᠠᠬᠤ ᠠᠵᠢᠯ ᠢ ᠵᠡᠷᠭᠡ ᠪᠠᠷ ᠠᠬᠢᠭᠤᠯᠵᠤ᠂ ᠵᠢᠤᠢ ᠾᠧ ᠲᠣᠰᠬᠤᠨ᠂ ᠵᠢᠤᠢ ᠰᠢᠩ ᠲᠣᠰᠬᠤᠨ ᠨᠠᠮᠤᠷ ᠤᠨ ᠰᠡᠷᠭᠡᠶᠢᠯᠡᠯᠲᠡ ᠬᠢᠬᠦ ᠶᠢᠨ ᠳᠠᠭᠠᠤ ᠠᠷᠢᠭᠤᠳᠬᠠᠵᠤ᠂ ᠲᠠᠷᠢᠶᠠᠯᠠᠩ ᠤᠨ ᠦᠶᠯᠡᠳᠪᠦᠷᠢᠯᠡᠯ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ ᠪᠦᠬᠦ ᠠᠵᠢᠯᠲᠠᠨ ᠣᠷᠣᠯᠴᠠᠬᠤ ᠶᠢ ᠴᠢᠬᠤᠯᠠᠴᠢᠯᠠᠨ᠎ᠠ᠃ ᠬᠢᠵᠢᠭ ᠰᠡᠷᠭᠡᠶᠢᠯᠡᠭᠴᠢ ᠶᠢ ᠳᠠᠶᠢᠴᠢᠯᠠᠵᠤ᠂ ᠲᠣᠰᠬᠤᠨ ᠤ ᠠᠷᠠᠳ ᠠᠶᠠᠨᠳᠠᠭᠠᠨ ᠬᠢᠵᠢᠭ ᠰᠡᠷᠭᠡᠶᠢᠯᠡᠬᠦ ᠡᠩᠨᠡᠭᠡᠨ ᠳᠤ ᠣᠷᠣᠯᠴᠠᠵᠤ᠂ ᠪᠦᠬᠦ ᠲᠣᠰᠬᠤᠨ ᠤ ᠨᠢᠭᠲᠠᠷᠠᠯ  ᠤᠨ ᠬᠦᠴᠦᠨ ᠪᠠ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠪᠡ᠃ ᠲᠤᠰᠬᠠᠶ ᠮᠡᠷᠭᠡᠵᠢᠯ ᠤᠨ ᠵᠢᠯᠣᠭᠤᠳᠤᠯᠭ᠎ᠠ ᠶᠢ ᠴᠢᠬᠤᠯᠠᠴᠢᠯᠠᠨ᠎ᠠ᠃ ᠮᠠᠯ ᠡᠮᠨᠡᠯᠭᠡ ᠶᠢᠨ ᠲᠤᠰᠬᠠᠶ ᠮᠡᠷᠭᠡᠵᠢᠯᠲᠡᠨ ᠢ ᠤᠷᠢᠵᠤ ᠲᠤᠬᠠᠶ ᠶᠢᠨ ᠭᠠᠵᠠᠷ ᠲᠤᠨᠢ ᠵᠢᠯᠣᠭᠤᠳᠣᠭᠤᠯᠵᠤ᠂ ᠠᠷᠢᠭᠤᠳᠬᠠᠬᠤ ᠠᠵᠢᠯ ᠤᠨ ᠵᠢᠷᠤᠮᠵᠢᠯ ᠢ ᠦᠨᠡᠨᠬᠦ ᠪᠠᠲᠤᠯᠠᠵᠤ᠂ ᠬᠢᠵᠢᠭ ᠰᠡᠷᠭᠡᠶᠢᠯᠡᠬᠦ ᠦᠷ᠎ᠡ ᠪᠦᠲᠦᠮᠵᠢ ᠶᠢ ᠲᠡᠭᠡᠭᠰᠢᠯᠡᠭᠦᠯᠪᠡ᠃ ᠡᠳ᠋ ᠪᠣᠳᠠᠰ ᠤᠨ ᠨᠥᠭᠡᠴᠡ ᠶᠢ ᠴᠢᠬᠤᠯᠠᠴᠢᠯᠠᠨ᠎ᠠ᠃ ᠠᠷᠢᠭᠤᠳᠬᠠᠬᠤ ᠬᠡᠷᠡᠭᠰᠡᠯ ᠢ ᠤᠷᠢᠳᠴᠢᠯᠠᠨ ᠭᠦᠶᠴᠡᠳ ᠪᠡᠯᠡᠳᠬᠡᠵᠦ᠂ ᠠᠵᠢᠯᠯᠠᠭ᠎ᠠ ᠶᠢᠨ ᠤᠷᠤᠭᠰᠢᠲᠠᠶ ᠥᠷᠨᠢᠬᠦ ᠶᠢ ᠪᠠᠲᠤᠯᠠᠵᠤ᠂ ᠬᠢᠵᠢᠭ ᠰᠡᠷᠭᠡᠶᠢᠯᠡᠬᠦ ᠬᠤᠭᠤᠰᠣᠨ ᠣᠷᠣᠨ ᠦᠯᠡᠳᠡᠭᠡᠬᠦ ᠥᠬᠡᠶ᠃
   ᠲᠣᠰ ᠤᠳᠠᠭᠠᠨ ᠤ ︽ᠶᠡᠭᠡ ᠪᠠᠷ ᠴᠡᠪᠡᠷᠯᠡᠵᠦ᠂ ᠶᠡᠭᠡ ᠪᠠᠷ ᠠᠷᠢᠭᠤᠳᠬᠠᠬᠤ︾ ᠠᠵᠢᠯᠯᠠᠭ᠎ᠠ ᠳᠤ ᠨᠡᠶᠢᠲᠡ 92328 ᠲᠡᠭᠰᠢ ᠳᠥᠷᠪᠡᠯᠵᠢᠨ ᠮᠧᠲᠷ ᠤᠨ ᠫᠧᠩ ᠰᠠᠷᠠᠪᠴᠢ ᠶᠢ ᠠᠷᠢᠭᠤᠳᠬᠠᠵᠤ᠂ 358 ᠲᠠᠷᠢᠶᠠᠴᠢᠨ ᠡᠷᠦᠬᠡ  ᠳᠤ ᠠᠰᠢᠭ ᠬᠦᠷᠲᠡᠭᠡᠪᠡ᠃ ︽ᠶᠡᠭᠡ ᠪᠠᠷ ᠴᠡᠪᠡᠷᠯᠡᠵᠦ᠂ ᠶᠡᠭᠡ ᠪᠠᠷ ᠠᠷᠢᠭᠤᠳᠬᠠᠬᠤ︾ ᠠᠵᠢᠯᠯᠠᠭ᠎ᠠ ᠱᠠᠳᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠠᠮᠢᠳᠠᠨ ᠤ ᠬᠢᠵᠢᠭ ᠡᠪᠡᠳᠴᠢᠨ ᠤ ᠠᠶᠤᠯ ᠲᠦᠭᠰᠢᠭᠦᠷᠢ ᠶᠢ ᠪᠦᠲᠦᠮᠵᠢᠲᠡᠢ ᠪᠠᠭᠤᠷᠠᠭᠤᠯᠤᠭᠰᠠᠨ ᠢᠶᠠᠷ ᠪᠠᠷᠠᠬᠤ ᠦᠬᠡᠢ᠂ ᠨᠡᠩ ᠴᠤ ᠬᠥᠳᠡᠭᠡ ᠲᠣᠰᠬᠤᠨ ᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠦᠪᠰᠢᠨ ᠢ ᠶᠡᠭᠡ ᠪᠠᠷ ᠳᠡᠭᠡᠭᠰᠢᠯᠡᠭᠦᠯᠪᠡ᠃
   ᠯᠢᠦ ᠬᠣ᠋ ᠪᠠᠯᠭᠠᠰᠤᠨ ᠤ ᠵᠠᠰᠠᠭ ᠤᠨ ᠣᠷᠳᠣᠨ ᠬᠢᠵᠢᠭ ᠤᠨ ᠪᠠᠶᠢᠳᠠᠯ ᠢ ᠦᠷᠭᠦᠯᠵᠢᠯᠡᠨ ᠬᠢᠨᠠᠨ ᠡᠵᠡᠮᠳᠡᠵᠦ᠂ ᠠᠷᠢᠭᠤᠳᠬᠠᠭᠰᠠᠨ ᠦᠷ᠎ᠡ ᠪᠦᠲᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠵᠦ᠂ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠳᠠᠭᠠᠨ ᠴᠠᠭ ᠲᠤᠨᠢ ᠲᠣᠬᠢᠷᠠᠭᠤᠯᠤᠯᠲᠠ ᠬᠢᠵᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠩᠭᠤᠵᠢᠬᠤ᠂ ᠣᠷᠳᠣ ᠬᠤᠭᠤᠴᠠᠭ᠎ᠠ ᠬᠦᠴᠦᠨ ᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠣᠯᠠᠨ ᠲᠦᠮᠡᠨ ᠤ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠵᠦ᠂ ᠡᠭᠡᠯᠢᠯᠡᠭᠡ ᠶᠢᠨ ᠣᠷᠳᠣ ᠴᠠᠭᠠᠨ ᠬᠡᠷᠡᠮ ᠢ ᠬᠠᠮᠲᠤ ᠪᠠᠷ ᠴᠣᠭᠴᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号