ᠡᠨᠡ ᠵᠢᠯ ᠤᠨ ᠨᠠᠮᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠪᠠᠭ᠎ᠠ | ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ | ᠶᠣᠰᠣ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾᠂ ︽ᠬᠡᠯᠡ ᠪᠢᠴᠢᠭ︾᠂ ︽ᠲᠡᠦᠬᠡ︾ ᠭᠤᠷᠪᠠᠨ ᠲᠦᠷᠦᠯ | ᠤᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠬᠢᠯᠡᠨ ᠬᠡᠷᠡᠭᠯᠡᠵᠦ᠂ ᠰᠢᠨ᠎ᠡ ᠵᠢᠭᠠᠬᠤ | ᠮᠠᠲ᠋ᠧᠷᠢᠶᠠᠯ ᠨᠢ ᠦᠢᠯᠡᠳᠦᠯᠭᠡ ᠶᠢ ᠨᠡᠩ ᠴᠢᠩᠭᠠᠳᠬᠠᠵᠤ᠂ ᠰᠤᠷᠤᠭᠴᠢᠳ ᠤᠨ ᠭᠤᠣᠯᠯᠠᠬᠤ ᠬᠡᠪ ᠪᠣᠯᠪᠠᠰᠤᠷᠠᠯ ᠢ | ᠬᠥᠮᠦᠵᠢᠭᠦᠯᠬᠦ ᠶᠢ ᠢᠯᠡᠷᠡᠭᠦᠯᠪᠡ᠃ | | ᠲᠦᠴᠢᠦᠸᠠᠨ ᠰᠢᠶᠠᠨ ᠤ ᠭᠦᠩ ᠨᠦᠩ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠬᠡᠯᠡ ᠪᠢᠴᠢᠭ ᠤᠨ | ᠬᠢᠴᠢᠶᠡᠯ ᠤᠨ ᠲᠠᠩᠬᠢᠮ ᠳᠤ ᠣᠷᠣᠬᠤ ᠳᠤ᠂ ᠪᠠᠭᠰᠢ ᠨᠢ ᠶᠠᠭ ᠬᠡᠦᠬᠡᠳ ᠤᠳ ᠲᠤ ᠭᠠᠯᠢᠭ ᠵᠢᠭᠠᠵᠤ ᠪᠠᠶᠢᠯ᠎ᠠ᠃ | | ᠨᠠᠮᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠡᠳ ᠨᠢᠭᠡᠨᠲᠡ ᠬᠤᠶᠠᠷ ᠰᠠᠷ᠎ᠠ ᠪᠣᠯᠵᠠᠢ᠂ | ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠳᠤ ᠰᠢᠨ᠎ᠡ ᠵᠢᠭᠠᠬᠤ ᠮᠠᠲ᠋ᠧᠷᠢᠶᠠᠯ ᠬᠡᠷᠡᠭᠯᠡᠵᠦ᠂ ᠰᠢᠨ᠎ᠡ ᠪᠠᠷ ᠵᠠᠰᠠᠪᠤᠷᠢ | ᠣᠷᠣᠭᠤᠯᠤᠭᠰᠠᠨ ᠨᠢᠭᠡᠳᠦᠭᠡᠷ ᠣᠨ ᠤ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠢ ᠤᠷᠪᠠᠭᠤᠯᠤᠨ ᠦᠵᠡᠭᠰᠡᠨ᠂ | ᠲᠦᠴᠢᠦᠸᠠᠨ ᠰᠢᠶᠠᠨ ᠤ ᠭᠦᠩ ᠨᠦᠩ ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ᠢᠯᠡᠷᠡᠭᠦᠯᠦᠭᠰᠡᠨ ᠢᠶᠠᠷ᠂ ᠵᠢᠭᠠᠬᠤ | ᠮᠠᠲ᠋ᠧᠷᠢᠶᠠᠯ ᠤᠨ ᠪᠦᠬᠦᠯᠢ ᠴᠣᠭᠴᠠ ᠶᠢᠨ ᠪᠦᠲᠦᠴᠡ ᠶᠢ ᠨᠠᠶᠢᠷᠠᠭᠤᠯᠤᠨ ᠵᠢᠭᠰᠠᠭᠠᠬᠤ ᠳᠤ ᠰᠢᠨ᠎ᠡ ᠬᠤᠪᠢᠷᠠᠯᠲᠠ ᠲᠠᠢ | ᠪᠣᠯᠵᠠᠢ᠂ ᠪᠦᠬᠦᠯᠢ ᠴᠣᠭᠴᠠ ᠶᠢᠨ ᠪᠠᠭᠲᠠᠭᠠᠮᠵᠢ ᠠᠴᠠ ᠠᠪᠴᠤ ᠬᠡᠯᠡᠪᠡᠯ᠂ ᠨᠢᠭᠡᠳᠦᠭᠡᠷ ᠣᠨ ᠤ ᠳᠡᠭᠡᠳᠦ ᠳᠡᠪᠲᠡᠷ ᠤᠨ | ᠬᠢᠴᠢᠶᠡᠯ 14 ᠬᠢᠴᠢᠶᠡᠯ ᠪᠠᠶᠢᠭᠰᠠᠨ ᠠᠴᠠ ᠪᠠᠨ 10 ᠬᠢᠴᠢᠶᠡᠯ ᠪᠣᠯᠤᠨ ᠪᠠᠭᠠᠰᠴᠤ᠂ ᠦᠰᠦᠭ ᠲᠠᠨᠢᠬᠤ ᠬᠢᠴᠢᠶᠡᠯ | 10 ᠬᠢᠴᠢᠶᠡᠯ ᠪᠠᠶᠢᠭᠰᠠᠨ ᠠᠴᠠ ᠪᠠᠨ 8 ᠬᠢᠴᠢᠶᠡᠯ ᠪᠣᠯᠤᠨ ᠪᠠᠭᠠᠰᠴᠤ᠂ ᠵᠢᠭᠠᠬᠤ ᠮᠠᠲ᠋ᠧᠷᠢᠶᠠᠯ ᠤᠨ ᠬᠦᠴᠢᠷ ᠤᠨ | ᠬᠡᠮᠵᠢᠶ᠎ᠡ ᠪᠠᠭᠤᠷᠠᠭᠰᠠᠨ ᠪᠠᠶᠢᠨ᠎ᠠ᠂ ᠡᠭᠦᠨ ᠠᠴᠠ ᠭᠠᠳᠠᠨ᠎ᠠ᠂ ᠠᠪᠢᠶ᠎ᠠ ᠰᠤᠷᠬᠤ ᠴᠠᠭ ᠢ ᠴᠤ ᠤᠷᠲᠤᠳᠬᠠᠵᠠᠢ᠃ | | ︽ᠰᠢᠨ᠎ᠡ ᠵᠢᠭᠠᠬᠤ ᠮᠠᠲ᠋ᠧᠷᠢᠶᠠᠯ ᠰᠤᠷᠤᠭᠴᠢᠳ ᠤᠨ ᠰᠤᠷᠤᠯᠴᠠᠬᠤ ᠬᠦᠴᠢᠷᠳᠡᠯ ᠢ ᠪᠠᠭᠠᠰᠬᠠᠵᠤ᠂ ᠰᠤᠷᠤᠯᠴᠠᠬᠤ | ᠨᠠᠯᠠᠤᠴᠠ ᠶᠢ ᠪᠠᠭᠤᠷᠠᠭᠤᠯᠪᠠ᠃ ᠠᠪᠢᠶ᠎ᠠ ᠰᠤᠷᠬᠤ ᠵᠢᠭᠠᠨ ᠰᠤᠷᠭᠠᠯᠲᠠ ᠳᠤ ᠠᠪᠴᠤ ᠬᠡᠯᠡᠪᠡᠯ᠂ ᠤᠤᠯ ᠤᠨ ᠭᠤᠷᠪᠠᠨ | ᠨᠢᠭᠡᠴᠢ ᠪᠠᠶᠢᠭᠰᠠᠨ ᠠᠴᠠ ᠪᠠᠨ ᠤᠳᠤ ᠶᠢᠨ ᠲᠦᠷᠪᠡᠨ ᠨᠢᠭᠡᠴᠢ ᠪᠣᠯᠤᠨ ᠨᠡᠮᠡᠭᠳᠡᠵᠡᠢ᠃ ᠦᠰᠦᠭ ᠲᠠᠨᠢᠭᠤᠯᠬᠤ ᠵᠢᠭᠠᠨ | ᠰᠤᠷᠭᠠᠯᠲᠠ ᠳᠤᠮᠳᠠ᠂ ᠲᠥᠪᠯᠡᠷᠡᠭᠦᠯᠦᠨ ᠦᠰᠦᠭ ᠲᠠᠨᠢᠭᠤᠯᠬᠤ ᠪᠠ ᠦᠰᠦᠭ ᠪᠢᠴᠢᠭ ᠲᠠᠨᠢᠬᠤ ᠶᠢ ᠬᠠᠷᠢᠯᠴᠠᠨ | ᠤᠶᠠᠯᠳᠤᠭᠤᠯᠵᠤ᠂ ᠰᠤᠷᠤᠭᠴᠢᠳ ᠤᠨ ᠰᠤᠷᠤᠯᠴᠠᠬᠤ ᠬᠦᠴᠢᠷᠳᠡᠯ ᠢ ᠪᠠᠭᠠᠰᠬᠠᠵᠤ᠂ ᠮᠠᠨ ᠤ ᠵᠢᠭᠠᠨ ᠰᠤᠷᠭᠠᠬᠤ | ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ ᠳᠤ ᠴᠤ ᠮᠠᠰᠢ ᠰᠠᠶᠢᠨ ᠰᠠᠭᠤᠷᠢ ᠲᠠᠯᠪᠢᠵᠤ | ᠥᠭᠴᠡᠢ᠃︾ ᠭᠡᠵᠦ ᠲᠦᠴᠢᠦᠸᠠᠨ ᠰᠢᠶᠠᠨ ᠤ ᠭᠦᠩ ᠨᠦᠩ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠤ | ᠬᠤᠶᠠᠳᠤᠭᠠᠷ ᠠᠩᠭᠢ ᠶᠢᠨ ᠬᠡᠯᠡ ᠪᠢᠴᠢᠭ ᠤᠨ ᠪᠠᠭᠰᠢ ᠰᠢᠶᠠᠩ ᠪᠢᠨ ᠲᠠᠨᠢᠯᠴᠠᠭᠤᠯᠤᠨ᠎ᠠ᠃ | | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠶᠣᠰᠣ ᠰᠤᠷᠲᠠᠬᠤᠨ ᠬᠢᠭᠡᠳ ᠬᠠᠤᠯᠢᠵᠢᠯ︾ ᠤᠨ ᠨᠢᠭᠡᠳᠦᠭᠡᠷ ᠣᠨ | ᠤ ᠳᠡᠭᠡᠳᠦ ᠳᠡᠪᠲᠡᠷ ᠢ ᠦᠵᠡᠪᠡᠯ᠂ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠳᠡᠭᠡᠨ ︽ᠶᠣᠰᠣ ᠰᠤᠷᠲᠠᠬᠤᠨ | ᠢᠶᠠᠷ ᠬᠥᠮᠦᠨ ᠢ ᠬᠥᠮᠦᠵᠢᠭᠦᠯᠬᠦ︾ ᠤᠢᠢᠯᠠᠭᠠᠭᠳᠠᠬᠤᠨ ᠢ ᠴᠢᠩᠭ᠎ᠠ ᠡᠵᠡᠮᠳᠡᠵᠦ᠂ ᠰᠤᠷᠤᠭᠴᠢᠳ ᠤᠨ ᠪᠦᠬᠦ ᠲᠠᠯ᠎ᠠ ᠪᠠᠷ | ᠦᠰᠦᠨ ᠪᠣᠶᠢᠵᠢᠬᠤ ᠶᠢ ᠳᠡᠮᠵᠢᠬᠦ ᠮᠡᠳᠡᠯᠭᠡ ᠶᠢᠨ ᠰᠢᠰᠲ᠋ᠧᠮ ᠢ ᠪᠠᠶᠢᠭᠤᠯᠵᠠᠢ᠃ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠤᠨ ᠭᠤᠤᠯ ᠰᠡᠳᠦᠪᠲᠦ ᠨᠢᠭᠡᠴᠢ ᠶᠢ ᠰᠢᠨ᠎ᠡ ᠪᠠᠷ ᠨᠡᠮᠡᠵᠦ᠂ ᠪᠠᠭ᠎ᠠ ᠰᠤᠷᠭᠠᠭᠤᠯᠢ ᠶᠢᠨ | ᠱᠠᠲᠤᠨ ᠳᠤ ᠰᠤᠷᠤᠭᠴᠢᠳ ᠤᠨ ᠡᠳᠦᠷ ᠲᠤᠲᠤᠮ ᠤᠨ ᠠᠮᠢᠳᠤᠷᠠᠯ ᠳᠤᠮᠳᠠ ᠤᠯᠠᠮᠵᠢᠯᠠᠯᠲᠤ ᠰᠣᠶᠣᠯ ᠤᠨ ᠲᠤᠬᠠᠶ | ᠲᠠᠨᠢᠯᠲᠠ ᠪᠠᠨ ᠨᠡᠮᠡᠭᠳᠡᠭᠦᠯᠬᠦ ᠶᠢ ᠴᠢᠬᠤᠯᠠᠴᠢᠯᠠᠨ ᠵᠢᠯᠣᠭᠤᠳᠪᠠ᠃ | | ︽ᠰᠢᠨ᠎ᠡ ᠵᠢᠭᠠᠬᠤ ᠮᠠᠲ᠋ᠧᠷᠢᠶᠠᠯ ︿ᠶᠣᠰᠣ ᠰᠤᠷᠲᠠᠬᠤᠨ ᠬᠢᠭᠡᠳ ᠬᠠᠤᠯᠢᠵᠢᠯ﹀ ᠨᠢ ᠦᠭᠡ ᠬᠡᠯᠡ ᠪᠠᠷ ᠢᠯᠡᠳᠬᠡᠬᠦ | ᠠᠴᠠ ᠠᠪᠤᠭᠠᠳ ᠰᠡᠳᠦᠪ ᠤᠨ ᠤᠳᠬ᠎ᠠ ᠰᠠᠨᠠᠭ᠎ᠠ ᠶᠢ ᠢᠯᠡᠳᠬᠡᠬᠦ ᠬᠦᠷᠲᠡᠯ᠎ᠡ᠂ ᠴᠥᠮ ᠵᠥᠪ ᠲᠠᠯ᠎ᠠ ᠶᠢᠨ ᠬᠥᠮᠦᠵᠢᠯ ᠢ | ᠢᠳᠡᠪᠬᠢᠲᠡᠶ ᠬᠥᠲᠥᠯᠦᠨ ᠵᠢᠯᠣᠭᠤᠳᠬᠤ ᠪᠠᠷ ᠬᠠᠷᠠᠭᠠᠰᠤ ᠪᠣᠯᠭᠠᠵᠤ᠂ ᠰᠤᠷᠤᠭᠴᠢᠳ ᠲᠤ ᠵᠥᠪ ᠴᠢᠭᠯᠡᠯ ᠢᠶᠠᠷ | ᠬᠥᠲᠥᠯᠥᠨ ᠳᠠᠭᠠᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠠᠴᠠ ᠭᠠᠷᠳᠠᠵᠦ᠂ ᠵᠢᠷᠤᠭ ᠥᠰᠥᠭ ᠢ | ᠬᠤᠤᠰᠯᠠᠭᠤᠯᠤᠨ ᠰᠢᠨ᠎ᠡ ᠪᠠᠷ ᠰᠤᠷᠭᠠᠭᠤᠯᠢ ᠳᠤ ᠤᠷᠤᠭᠰᠠᠨ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠡᠷᠬᠢᠨ | ᠶᠣᠰᠣᠷᠬᠠᠭ ᠢᠶᠠᠷ ᠪᠤᠰᠤᠳ ᠲᠤ ᠬᠠᠨᠳᠤᠵᠤ᠂ ᠬᠠᠮᠲᠤ ᠨᠥᠬᠦᠳ ᠲᠠᠢ ᠪᠠᠨ ᠨᠠᠭᠠᠳᠴᠤ᠂ ᠪᠠᠰᠠ ᠤᠯᠤᠰ ᠤᠨ ᠲᠤᠭ | ᠮᠠᠨᠳᠤᠭᠤᠯᠵᠤ᠂ ᠤᠯᠤᠰ ᠤᠨ ᠳᠠᠭᠤᠤ ᠳᠠᠭᠤᠯᠠᠬᠤ ᠦᠶ᠎ᠡ ᠳᠤ᠂ ᠡᠲᠡᠭᠡᠷ ᠶᠣᠰᠣᠯᠠᠯ ᠳᠤ ᠠᠭᠤᠯᠤᠭᠳᠠᠵᠤ ᠪᠠᠶᠢᠭ᠎ᠠ | ᠮᠡᠳᠡᠯᠭᠡ ᠬᠢᠭᠡᠳ ᠠᠴᠢ ᠬᠤᠯᠪᠣᠭᠳᠠᠯ ᠨᠢ ᠨᠠᠳᠠ ᠳᠤ ᠰᠢᠨ᠎ᠡ ᠵᠢᠭᠠᠬᠤ ᠮᠠᠲ᠋ᠧᠷᠢᠶᠠᠯ ᠳᠤ ᠠᠭᠤᠯᠤᠭᠳᠠᠵᠤ ᠪᠠᠶᠢᠭ᠎ᠠ | ᠰᠤᠷᠭᠠᠨ ᠬᠥᠮᠦᠵᠢᠯ ᠤᠨ ᠣᠶᠤᠨ ᠤᠬᠠᠭᠠᠨ ᠪᠠ ᠴᠠᠭ ᠦᠶ᠎ᠡ ᠶᠢᠨ ᠦᠨ᠎ᠡ ᠥᠷᠲᠡᠭ ᠢ ᠭᠦᠨᠵᠡᠭᠡᠶ ᠣᠶᠢᠯᠠᠭᠠᠭᠤᠯᠵᠤ᠂ | ᠮᠥᠨ ᠴᠦ ᠮᠢᠨᠦ ᠬᠤᠶᠢᠰᠢᠳᠠ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠤ ᠴᠢᠭᠯᠡᠯ ᠢ | ᠲᠣᠳᠣᠷᠬᠠᠶ ᠵᠢᠭᠠᠵᠤ ᠥᠭᠴᠡᠶ᠃︾ ᠭᠡᠵᠦ ᠲᠦᠴᠢᠦᠸᠠᠨ ᠰᠢᠶᠠᠨ ᠤ ᠭᠦᠩ ᠨᠦᠩ ᠪᠠᠭ᠎ᠠ ᠰᠤᠷᠭᠠᠭᠤᠯᠢ ᠶᠢᠨ | ᠨᠢᠭᠡᠳᠦᠭᠡᠷ ᠤᠨ ᠤ ᠳᠥᠷᠪᠡᠳᠦᠭᠡᠷ ᠠᠩᠭᠢ ᠶᠢᠨ ︽ᠶᠣᠰᠣ ᠰᠤᠷᠲᠠᠬᠤᠨ ᠬᠢᠭᠡᠳ ᠬᠠᠤᠯᠢᠵᠢᠯ︾ ᠤᠨ ᠪᠠᠭᠰᠢ ᠸᠠᠩ | ᠲᠢᠶᠠᠨ ᠵᠢᠶᠤᠤ ᠲᠠᠨᠢᠯᠴᠠᠭᠤᠯᠪᠠ᠃ |