ᠲᠣᠷᠣᠢ ᠳᠤ ᠲᠡᠮᠦᠷ ᠨᠥᠬᠦᠬᠦ ᠲᠤᠬᠠᠢ
ᠨᠡᠶᠢᠲᠡᠯᠡᠭᠰᠡᠨ ᠴᠠᠭ᠄
2024/11/8
   ᠭᠠᠭ᠋ᠠᠢ ᠲᠡᠵᠢᠭᠡᠬᠦ ᠲᠠᠷᠢᠶᠠᠴᠢᠨ ᠡᠷᠦᠬᠡ ᠶᠢᠨ ᠮᠡᠳᠡᠭᠡᠵᠢ ᠪᠠᠷ᠂ ᠭᠠᠭ᠋ᠠᠢ ᠶᠢᠨ ᠪᠡᠶ᠎ᠡ ᠳᠤ ᠲᠡᠮᠦᠷ ᠤᠨ ᠡᠯᠧᠮᠧᠨ᠋ᠲ ᠮᠠᠰᠢ ᠪᠠᠭ᠎ᠠ ᠠᠭᠤᠯᠤᠭᠳᠠᠳᠠᠭ ᠪᠣᠯᠪᠠᠴᠤ ᠮᠠᠰᠢ ᠶᠡᠭᠡ ᠦᠢᠯᠡᠳᠦᠯ ᠲᠠᠢ ᠪᠠᠶᠢᠳᠠᠭ᠂ ᠲᠣᠷᠣᠶ ᠳᠤ ᠲᠡᠮᠦᠷ ᠨᠥᠬᠦᠬᠦ ᠪᠣᠯ ᠲᠣᠷᠣᠶ ᠶᠢᠨ ᠲᠡᠵᠢᠭᠡᠪᠦᠷᠢ ᠶᠢᠨ ᠬᠠᠮᠢᠶᠠᠷᠤᠯᠲᠠ ᠶᠢᠨ ᠳᠤᠮᠳᠠᠬᠢ ᠨᠢᠭᠡᠨ ᠴᠢᠬᠤᠯᠠ ᠠᠵᠢᠯ ᠪᠣᠯᠣᠨ᠎ᠠ᠃ ᠲᠡᠮᠦᠷ ᠤᠨ ᠡᠯᠧᠮᠧᠨ᠋ᠲ ᠪᠣᠯ ᠴᠢᠰᠤᠨ ᠤ ᠤᠯᠠᠭᠠᠨ ᠤᠭᠤᠷᠠᠭ ᠪᠣᠯᠣᠨ ᠪᠤᠯᠴᠢᠩ ᠤᠨ ᠤᠯᠠᠭᠠᠨ ᠤᠭᠤᠷᠠᠭ ᠢ ᠨᠡᠶᠢᠯᠡᠭᠦᠯᠬᠦ ᠴᠢᠬᠤᠯᠠ ᠲᠦᠭᠦᠬᠡᠢ ᠮᠠᠲ᠋ᠧᠷᠢᠶᠠᠯ ᠪᠣᠯᠣᠨ᠎ᠠ᠂ ᠲᠡᠮᠦᠷ ᠨᠢ ᠴᠢᠰᠤᠨ ᠤ ᠤᠯᠠᠭᠠᠨ ᠤᠭᠤᠷᠠᠭ ᠬᠦᠴᠢᠯᠲᠥ᠋ᠷᠥᠭᠴᠢ ᠶᠢ ᠵᠦᠭᠡᠭᠡᠪᠦᠷᠢᠯᠡᠬᠦ ᠳᠤ ᠦᠢᠯᠡᠳᠦᠯ ᠦᠵᠡᠭᠦᠯᠵᠦ᠂ ᠭᠠᠭ᠋ᠠᠢ ᠶᠢᠨ ᠪᠡᠶ᠎ᠡ ᠳᠠᠬᠢ ᠨᠡᠬᠡᠳᠡᠰᠦ ᠶᠢᠨ ᠬᠦᠴᠢᠯᠲᠥ᠋ᠷᠥᠭᠴᠢ ᠶᠢᠨ ᠬᠠᠩᠭᠠᠯᠭ᠎ᠠ ᠶᠢ ᠪᠠᠳᠤᠯᠠᠳᠠᠭ᠃ ᠲᠣᠷᠣᠶ ᠶᠢ ᠲᠥᠷᠥᠭᠰᠡᠨ ᠤ 7 ᠡᠳᠦᠷ ᠤᠨ ᠳᠠᠷᠠᠭ᠎ᠠ ᠴᠠᠭ ᠲᠤᠬᠠᠢ ᠳᠤᠨᠢ ᠲᠡᠮᠦᠷ ᠨᠥᠬᠦᠬᠦ ᠦᠭᠡᠢ ᠪᠣᠯ ᠲᠡᠮᠦᠷ ᠳᠤᠲᠠᠬᠤ ᠴᠢᠨᠠᠷᠲᠠᠢ ᠴᠢᠰᠤ ᠳᠤᠲᠠᠬᠤ ᠢᠯᠡᠷᠡᠯ ᠭᠠᠷᠳᠠᠭ᠃ ᠲᠡᠭᠡᠪᠡᠯ ᠲᠣᠷᠣᠶ ᠳᠤ ᠲᠡᠮᠦᠷ ᠳᠤᠲᠠᠭᠳᠠᠬᠤ ᠳᠤ ᠶᠠᠮᠠᠷ ᠶᠠᠮᠠᠷ ᠬᠤᠣᠷ ᠬᠥᠨᠥᠭᠡᠯ ᠲᠠᠢ ᠪᠣᠶ ︖ ᠲᠡᠮᠦᠷ ᠢ ᠬᠡᠷᠬᠢᠨ ᠨᠥᠬᠦᠪᠦᠷᠢᠯᠡᠪᠡᠯ ᠦᠷ᠎ᠡ ᠠᠰᠢᠭ ᠨᠢ ᠰᠠᠶᠢᠨ ᠪᠠᠶᠢᠳᠠᠭ ᠪᠤᠢ ︖    1. ᠲᠤᠷᠤᠢ ᠳᠤ ᠲᠡᠮᠦᠷ ᠳᠤᠲᠠᠭᠳᠠᠬᠤ ᠶᠢᠨ ᠬᠤᠣᠷ ᠬᠥᠨᠥᠭᠡᠯ    ᠴᠢᠰᠤ ᠪᠦᠲᠦᠭᠡᠬᠦ ᠴᠢᠳᠠᠪᠤᠷᠢ ᠶᠢ ᠨᠥᠯᠥᠭᠡᠯᠡᠳᠡᠭ᠃ ᠲᠡᠮᠦᠷ ᠤᠨ ᠡᠯᠧᠮᠧᠨ᠋ᠲ ᠪᠣᠯ ᠴᠢᠰᠤᠨ ᠤ ᠤᠯᠠᠭᠠᠨ ᠤᠭᠤᠷᠠᠭ ᠤᠨ ᠴᠢᠬᠤᠯᠠ ᠪᠦᠷᠢᠯᠳᠦᠭᠦᠨ ᠪᠣᠯᠬᠤᠷ᠂ ᠲᠡᠮᠦᠷ ᠳᠤᠲᠠᠭᠳᠠᠪᠠᠯ ᠲᠣᠷᠣᠢ ᠶᠢᠨ ᠴᠢᠰᠤ ᠪᠦᠲᠦᠭᠡᠬᠦ ᠴᠢᠳᠠᠪᠤᠷᠢ ᠶᠢ ᠲᠤᠳᠠᠮᠠᠭ ᠪᠣᠯᠭᠠᠵᠤ᠂ ᠠᠷᠠᠰᠤ ᠨᠢ ᠴᠠᠶᠢᠵᠤ ᠥᠩᠭᠡ ᠦᠭᠡᠢ ᠪᠣᠯᠳᠠᠭ᠃    ᠲᠣᠷᠣᠢ ᠶᠢᠨ ᠥᠰᠦᠯᠲᠡ ᠪᠤᠶᠢᠵᠢᠯᠲᠠ ᠶᠢ ᠨᠥᠯᠥᠭᠡᠯᠡᠳᠡᠭ᠃ ᠲᠡᠮᠦᠷ ᠳᠤᠲᠠᠭᠰᠠᠨ ᠠᠴᠠ ᠪᠣᠯᠵᠤ ᠲᠣᠷᠣᠢ ᠶᠢᠨ ᠴᠤᠭ ᠰᠦᠯᠳᠡ ᠨᠢ ᠮᠠᠭᠤᠳᠠᠵᠤ᠂ ᠡᠴᠡᠵᠦ ᠲᠤᠷᠠᠭᠠᠳ᠂ ᠦᠷᠭᠦᠯᠵᠢ ᠰᠢᠮ᠎ᠡ ᠲᠡᠵᠢᠭᠡᠯ ᠮᠠᠭᠤᠳᠠᠭᠰᠠᠨ ᠠᠴᠠ ᠪᠣᠯᠵᠤ ᠬᠥᠰᠢᠮᠡᠯ ᠭᠠᠭ᠋ᠠᠢ ᠪᠣᠯᠳᠠᠭ᠃ ᠡᠭᠦᠨ ᠠᠴᠠ ᠭᠠᠳᠠᠨ᠎ᠠ ᠴᠢᠰᠤ ᠪᠦᠲᠦᠭᠡᠬᠦ ᠴᠢᠳᠠᠪᠤᠷᠢ ᠲᠤᠳᠠᠮᠠᠭ ᠠᠴᠠ ᠪᠣᠯᠵᠤ ᠤᠯᠠᠭᠠᠨ ᠡᠰ ᠤᠨ ᠲᠤᠭ᠎ᠠ ᠬᠡᠮᠵᠢᠶ᠎ᠡ ᠪᠠᠭᠠᠰᠴᠤ᠂ ᠪᠡᠶ᠎ᠡ ᠮᠠᠬᠠᠪᠤᠳ ᠤᠨ ᠥᠰᠦᠯᠲᠡ ᠪᠤᠶᠢᠵᠢᠯᠲᠠ ᠶᠢ ᠨᠥᠯᠥᠭᠡᠯᠡᠨ᠎ᠡ᠃    ᠲᠣᠷᠣᠢ ᠶᠢᠨ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠪᠠᠭᠤᠷᠠᠭᠤᠯᠳᠠᠭ᠃ ᠲᠣᠷᠣᠢ ᠲᠡᠮᠦᠷ ᠳᠤᠲᠠᠭᠳᠠᠪᠠᠯ ᠪᠡᠶ᠎ᠡ ᠶᠢᠨ ᠳᠣᠲᠣᠷᠠᠬᠢ T ᠡᠰ ᠤᠨ ᠦᠷᠡᠵᠢᠯᠲᠡ ᠨᠢ ᠨᠢᠭᠡᠨ ᠬᠡᠮᠵᠢᠶᠡᠨ ᠤ ᠬᠠᠷᠰᠢᠯᠠᠯ ᠳᠤ ᠤᠴᠠᠷᠠᠵᠤ᠂ ᠴᠡᠭᠡᠵᠢᠨ ᠪᠤᠯᠴᠢᠷᠬᠠᠢ᠂ ᠳᠡᠯᠢᠭᠦᠦ ᠵᠡᠷᠭᠡ ᠡᠭᠡᠯᠢᠯᠡᠭᠡ ᠶᠢᠨ ᠰᠢᠰᠲ᠋ᠧᠮ ᠤᠨ ᠠᠵᠢᠯᠯᠠᠭ᠎ᠠ ᠶᠢ ᠭᠡᠮᠲᠦᠭᠡᠵᠦ᠂ ᠡᠶᠢᠮᠦᠷᠬᠦᠦ ᠭᠡᠮᠲᠦᠯ ᠢ ᠡᠮᠨᠡᠨ ᠵᠠᠰᠠᠭᠰᠠᠨ ᠴᠤ ᠮᠥᠨ ᠯᠡ ᠣᠷᠣᠰᠢᠵᠤ ᠪᠠᠶᠢᠳᠠᠭ᠃    2. ᠲᠣᠷᠣᠶ ᠳᠤ ᠲᠡᠮᠦᠷ ᠨᠥᠬᠦᠬᠦ ᠠᠷᠭ᠎ᠠ ᠬᠡᠮᠵᠢᠶ᠎ᠡ    ᠲᠡᠮᠦᠷ ᠺᠣᠪᠠᠯᠲ ᠤᠨ ᠲᠠᠷᠢᠯᠭ᠎ᠠ ᠶᠢ ᠲᠠᠷᠢᠨ᠎ᠠ᠃ ᠲᠣᠷᠣᠢ ᠶᠢ ᠲᠥᠷᠥᠭᠰᠡᠨ ᠤ ᠳᠠᠷᠠᠭᠠᠬᠢ 2 ᠡᠳᠦᠷ ᠠᠴᠠ 3 ᠡᠳᠦᠷ ᠤᠨ ᠳᠣᠲᠣᠷ᠎ᠠ᠂ ᠲᠣᠷᠣᠶ ᠪᠦᠷᠢ ᠳᠤ ᠨᠢᠭᠡ ᠯᠡ ᠤᠳᠠᠭ᠎ᠠ ᠳᠡᠭᠡᠷ᠎ᠡ ᠲᠡᠮᠦᠷ ᠺᠣᠪᠠᠯᠲ ᠤᠨ ᠲᠠᠷᠢᠯᠭ᠎ᠠ ᠶᠢ 3.3 ᠮᠢᠯᠢᠯᠢᠳ᠋ᠷ ᠲᠠᠷᠢᠨ᠎ᠠ᠂ ᠵᠢᠱᠢᠶᠡᠯᠡᠪᠡᠯ ︽ᠪᠠᠷᠠᠭᠤᠨᠰᠢ ᠡᠷᠭᠢᠯᠭᠡᠲᠦ ᠰᠢᠬᠢᠷ ᠤᠨ ᠬᠠᠭᠰᠠᠮᠠᠯ ᠲᠡᠮᠦᠷ ᠺᠣᠪᠠᠯᠲ ᠤᠨ ᠲᠠᠷᠢᠯᠭ᠎ᠠ ᠶᠢᠨ ᠰᠢᠩᠭᠡᠨ ︾ ᠢ ᠲᠠᠷᠢᠨ᠎ᠠ᠃    ᠲᠡᠮᠦᠷ ᠤᠨ ᠨᠠᠶᠢᠷᠠᠯᠭ᠎ᠠ ᠶᠢ ᠤᠤᠭᠤᠯᠭᠠᠨ᠎ᠠ᠃ ᠲᠣᠷᠣᠢ ᠶᠢ ᠲᠥᠷᠥᠭᠰᠡᠨ ᠤ ᠳᠠᠷᠠᠭᠠᠬᠢ 2 ᠡᠳᠦᠷ ᠠᠴᠠ 3 ᠡᠳᠦᠷ ᠠᠴᠠ ᠡᠬᠢᠯᠡᠵᠦ᠂ ᠤᠭᠵᠢᠨ ᠳᠤ 0.25% ᠶᠢᠨ ᠬᠦᠬᠦᠷ ᠬᠦᠴᠢᠯ ᠤᠨ ᠳᠤᠲᠠᠭᠤ ᠲᠡᠮᠦᠷ ᠪᠠ 0.1% ᠶᠢᠨ ᠬᠦᠬᠦᠷ ᠬᠦᠴᠢᠯ ᠤᠨ ᠵᠡᠰ ᠤᠨ ᠬᠤᠯᠢᠮᠠᠭ ᠤᠰᠤᠨ ᠠᠭᠤᠰᠤᠮᠠᠯ ᠢ ᠬᠢᠵᠦ ᠬᠥᠬᠦᠭᠦᠯᠦᠨ᠎ᠡ᠃    ᠡᠷᠦᠳᠡᠰᠦ ᠶᠢᠨ ᠲᠡᠮᠦᠷ ᠤᠨ ᠳᠠᠪᠤᠰᠤᠨ ᠤ ᠲᠡᠵᠢᠭᠡᠯ ᠨᠥᠬᠦᠬᠦ ᠣᠩᠭᠤᠴᠠ ᠲᠠᠯᠪᠢᠵᠤ ᠥᠭᠭᠦᠨ᠎ᠡ᠃ ᠲᠣᠷᠣᠢ ᠶᠢ ᠲᠥᠷᠥᠭᠰᠡᠨ ᠤ 3 ᠡᠳᠦᠷ ᠠᠴᠠ 5 ᠡᠳᠦᠷ ᠤᠨ ᠳᠠᠷᠠᠭ᠎ᠠ᠂ ᠨᠢᠭᠡ ᠪᠦᠯᠦᠭ ᠡᠷᠦᠳᠡᠰᠦ ᠶᠢᠨ ᠲᠡᠮᠦᠷ ᠤᠨ ᠳᠠᠪᠤᠰᠤ ᠶᠢ ᠲᠡᠵᠢᠭᠡᠯ ᠨᠥᠬᠦᠬᠦ ᠣᠩᠭᠤᠴᠠᠨ ᠳᠤ ᠲᠠᠯᠪᠢᠬᠤ ᠪᠤᠶᠤ ᠬᠠᠰᠢᠶᠠᠨ ᠳᠠᠭᠠᠨ ᠦᠷᠭᠦᠯᠵᠢ ᠪᠣᠬᠢᠷᠲᠤᠭ᠎ᠠ ᠦᠭᠡᠢ ᠤᠯᠠᠭᠠᠨ ᠨᠠᠩᠭᠢ ᠰᠢᠷᠣᠢ ᠰᠠᠴᠤᠵᠤ᠂ ᠲᠣᠷᠣᠢ ᠳᠤ ᠳᠤᠷ᠎ᠠ ᠪᠠᠷ ᠨᠢ ᠳᠣᠯᠢᠶᠠᠯᠭᠠᠵᠤ ᠢᠳᠡᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号