ᠡᠪᠦᠯ ᠤᠨ ᠤᠯᠠᠷᠢᠯ ᠳᠤ ᠲᠥᠪᠡᠳ ᠬᠠᠰᠢ ᠶᠢᠨ ᠥᠩᠭᠡ ᠤᠷᠦᠬᠤ ᠨᠢ ᠮᠠᠭᠤᠳᠠᠬᠤ ᠶᠢ ᠬᠡᠷᠬᠢᠨ ᠰᠢᠢᠳᠪᠦᠷᠢᠯᠡᠬᠦ ᠲᠤᠬᠠᠢ
ᠨᠡᠶᠢᠲᠡᠯᠡᠭᠰᠡᠨ ᠴᠠᠭ᠄
2024/12/11
   ᠣᠶᠢᠷ᠎ᠠ ᠶᠢᠨ ᠬᠤᠭᠤᠴᠠᠭᠠᠨ ᠳᠤ᠂ ᠵᠠᠷᠢᠮ ᠲᠥᠪᠡᠳ ᠬᠠᠰᠢ ᠳᠠᠷᠢᠬᠤ ᠡᠷᠦᠬᠡ ᠶᠢᠨ ᠲᠠᠨᠢᠯᠴᠠᠭᠤᠯᠤᠭᠰᠠᠨ ᠢᠶᠠᠷ᠂ ᠡᠪᠦᠯ ᠤᠨ ᠤᠯᠠᠷᠢᠯ ᠳᠤ ᠲᠥᠪᠡᠳ ᠬᠠᠰᠢ ᠶᠢᠨ ᠥᠩᠭᠡ ᠬᠤᠪᠢᠷᠠᠬᠤ ᠬᠤᠭᠤᠴᠠᠭᠠᠨ ᠳᠤ ᠤᠯᠠᠶᠢᠬᠤ ᠦᠭᠡᠢ ᠠᠰᠠᠭᠤᠳᠠᠯ ᠭᠠᠷᠳᠠᠭ᠂ ᠤᠴᠢᠷ ᠨᠢ ᠲᠥᠪᠡᠳ ᠬᠠᠰᠢ ᠶᠢᠨ ᠥᠩᠭᠡ ᠣᠷᠣᠬᠤ ᠳᠤ ᠲᠣᠬᠢᠷᠠᠮᠵᠢᠲᠠᠢ ᠳᠤᠯᠠᠭᠠᠨ ᠤ ᠬᠡᠮᠵᠢᠶ᠎ᠡ ᠪᠠ ᠬᠡᠷᠡᠯ ᠤᠨ ᠲᠤᠰᠤᠯᠲᠠ ᠶᠢ ᠱᠠᠭᠠᠷᠳᠠᠳᠠᠭ᠂ ᠡᠪᠦᠯ ᠤᠨ ᠤᠯᠠᠷᠢᠯ ᠳᠤ ᠡᠨᠡ ᠬᠦ ᠨᠥᠬᠦᠴᠡᠯ ᠤᠨ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠠᠶᠢᠳᠠᠭ᠃ ᠲᠡᠭᠡᠪᠡᠯ ᠡᠪᠦᠯ ᠤᠨ ᠤᠯᠠᠷᠢᠯ ᠳᠤ ᠲᠥᠪᠡᠳ ᠬᠠᠰᠢ ᠶᠢᠨ ᠥᠩᠭᠡ ᠣᠷᠣᠬᠤ ᠨᠢ ᠮᠠᠭᠤᠳᠠᠬᠤ ᠶᠢ ᠬᠡᠷᠬᠢᠨ ᠰᠢᠢᠳᠪᠦᠷᠢᠯᠡᠬᠦ ᠪᠣᠶ  ︖    ᠳᠤᠯᠠᠭᠠᠨ ᠤ ᠬᠡᠮᠵᠢᠶ᠎ᠡ ᠪᠣᠯ ᠲᠥᠪᠡᠳ ᠬᠠᠰᠢ ᠶᠢᠨ ᠥᠩᠭᠡ ᠣᠷᠣᠬᠤ ᠶᠢ ᠪᠠᠲᠤᠯᠠᠬᠤ ᠦᠨᠳᠦᠰᠦᠨ ᠡᠯᠧᠮᠧᠨ᠋ᠲ ᠤᠨ ᠨᠢᠭᠡ ᠮᠥᠨ᠂ ᠲᠥᠪᠡᠳ ᠬᠠᠰᠢ ᠶᠢᠨ ᠥᠰᠦᠯᠲᠡ ᠶᠢᠨ ᠬᠡᠪᠰᠢᠯ ᠢ ᠦᠨᠳᠦᠰᠦᠯᠡᠨ᠂ ᠲᠥᠪᠡᠳ ᠬᠠᠰᠢ ᠶᠢᠨ ᠵᠢᠮᠢᠰ ᠤᠨ ᠥᠩᠭᠡ ᠣᠷᠣᠬᠤ ᠬᠤᠭᠤᠴᠠᠭᠠᠨ ᠤ ᠲᠣᠬᠢᠷᠠᠮᠵᠢᠲᠠᠢ ᠳᠤᠯᠠᠭᠠᠨ ᠤ ᠬᠡᠮᠵᠢᠶ᠎ᠡ ᠶᠢ 24-28℃ ᠤᠨ ᠬᠤᠭᠤᠷᠣᠨᠳᠤ ᠪᠠᠶᠢᠯᠭᠠᠪᠠᠯ ᠰᠠᠶ᠋ᠢ ᠬᠠᠰᠢ ᠶᠢᠨ ᠤᠯᠠᠭᠠᠨ ᠡᠳ᠋ ᠢ ᠶᠡᠭᠡ ᠬᠡᠮᠵᠢᠶ᠎ᠡ ᠪᠠᠷ ᠪᠣᠶ ᠪᠣᠯᠭᠠᠵᠤ ᠴᠢᠳᠠᠨ᠎ᠠ᠃ ᠬᠠᠷᠢᠨ ᠠᠭᠠᠷ ᠤᠨ ᠳᠤᠯᠠᠭᠠᠨ 12℃ ᠠᠴᠠ ᠳᠣᠣᠷ᠎ᠠ ᠪᠣᠯᠬᠤ ᠦᠶ᠎ᠡ ᠳᠤ᠂ ᠳᠠᠷᠤᠢ ᠬᠡᠪ ᠤᠨ ᠪᠠᠶᠢᠳᠠᠯ ᠢᠶᠠᠷ ᠥᠩᠭᠡ ᠣᠷᠣᠵᠤ ᠳᠡᠶᠢᠯᠬᠦ ᠦᠭᠡᠢ ᠪᠣᠯᠣᠨ᠎ᠠ᠃    ᠡᠶᠢᠮᠦ ᠠᠴᠠ ᠡᠪᠦᠯ ᠤᠨ ᠤᠯᠠᠷᠢᠯ ᠳᠤ᠂ ᠬᠥᠪᠥᠩ ᠬᠥᠨᠵᠢᠯᠡ᠂ ᠡᠪᠡᠰᠦᠨ ᠢᠰᠡᠭᠡᠢ ᠪᠠᠷ ᠬᠤᠴᠢᠵᠤ᠂ ᠬᠦᠯᠡᠮᠵᠢ ᠳᠣᠲᠣᠷᠠᠬᠢ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠵᠦ᠂ ᠳᠤᠯᠠᠭᠠᠨ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭᠠᠳᠬᠠᠵᠤ᠂ ᠲᠥᠪᠡᠳ ᠬᠠᠰᠢ ᠶᠢᠨ ᠳᠤᠯᠠᠭᠠᠨ ᠤ ᠬᠡᠮᠵᠢᠶ᠎ᠡ ᠠᠴᠠ ᠪᠣᠯᠵᠤ ᠥᠩᠭᠡ ᠣᠷᠣᠬᠤ ᠨᠢ ᠮᠠᠭᠤᠳᠠᠬᠤ ᠠᠴᠠ ᠵᠠᠶᠢᠯᠠᠰᠬᠢᠵᠦ ᠪᠣᠯᠣᠨ᠎ᠠ᠃ ᠡᠭᠦᠨ ᠠᠴᠠ ᠭᠠᠳᠠᠨ᠎ᠠ᠂ ᠵᠠᠷᠢᠮ ᠨᠣᠭᠤᠭ᠎ᠠ ᠶᠢᠨ ᠲᠠᠷᠢᠶᠠᠴᠢᠳ ᠲᠥᠪᠡᠳ ᠬᠠᠰᠢ ᠶᠢᠨ ᠥᠩᠭᠡ ᠶᠢ ᠬᠤᠪᠢᠷᠠᠭᠤᠯᠬᠤ ᠶᠢ ᠠᠬᠢᠭᠤᠯᠬᠤ ᠶᠢᠨ ᠲᠥᠯᠥᠭᠡ ᠬᠦᠯᠡᠮᠵᠢ ᠶᠢᠨ ᠳᠤᠯᠠᠭᠠᠨ ᠢ ᠬᠡᠲᠦᠷᠬᠡᠢ ᠳᠡᠭᠡᠭᠰᠢᠯᠡᠭᠦᠯᠬᠦ ᠨᠢ ᠴᠦ ᠪᠤᠷᠤᠭᠤ ᠶᠤᠮ᠂ ᠳᠤᠯᠠᠭᠠᠨ ᠤ ᠬᠡᠮᠵᠢᠶ᠎ᠡ ᠶᠢᠨ ᠳᠡᠭᠡᠭᠰᠢᠯᠡᠬᠦ ᠶᠢ ᠳᠠᠭᠠᠯᠳᠤᠨ ᠪᠠᠰᠠ ᠬᠠᠰᠢ ᠶᠢᠨ ᠤᠯᠠᠭᠠᠨ ᠡᠳ᠋ ᠤᠨ ᠬᠤᠷᠠᠮᠳᠤᠯ ᠢ ᠨᠥᠯᠥᠭᠡᠯᠡᠵᠦ᠂ ᠴᠠᠭ ᠠᠭᠤᠷ ᠳᠤᠯᠠᠭᠠᠷᠠᠭᠰᠠᠨ ᠤ ᠳᠠᠷᠠᠭ᠎ᠠ ᠬᠦᠯᠡᠮᠵᠢ ᠶᠢᠨ ᠳᠤᠯᠠᠭᠠᠨ ᠤ ᠬᠡᠮᠵᠢᠶ᠎ᠡ ᠶᠢ ᠰᠣᠬᠤᠷ ᠪᠠᠯᠠᠢ ᠪᠠᠷ ᠳᠡᠭᠡᠭᠰᠢᠯᠡᠭᠦᠯᠵᠦ ᠪᠣᠯᠬᠤ ᠦᠭᠡᠢ᠃    1. ᠭᠡᠷᠡᠯ ᠤᠨ ᠲᠤᠰᠤᠯᠲᠠ ᠶᠢ ᠨᠥᠬᠦᠪᠦᠷᠢᠯᠡᠬᠦ    ᠬᠡᠷᠪᠡ ᠬᠥᠪᠥᠩ ᠬᠥᠨᠵᠢᠯᠡ᠂ ᠡᠪᠡᠰᠦᠨ ᠢᠰᠡᠭᠡᠢ ᠪᠠᠷ ᠬᠤᠴᠢᠬᠤ ᠵᠡᠷᠭᠡ ᠳᠤᠯᠠᠭᠠᠨ ᠢ ᠬᠠᠮᠠᠭᠠᠯᠠᠬᠤ ᠠᠷᠭ᠎ᠠ ᠶᠢ ᠠᠪᠬᠤ ᠳᠤ ᠬᠦᠷᠪᠡᠯ᠂ ᠴᠢᠳᠠᠬᠤ ᠶᠢᠨ ᠬᠢᠷᠢ ᠪᠠᠷ ᠡᠷᠲᠡ ᠨᠡᠬᠡᠬᠡᠨ ᠣᠷᠣᠢ ᠬᠤᠴᠢᠵᠤ ᠲᠥᠪᠡᠳ ᠬᠠᠰᠢ ᠶᠢᠨ ᠭᠡᠷᠡᠯ ᠳᠤᠰᠤᠬᠤ ᠴᠠᠭ ᠢ ᠤᠷᠲᠤᠳᠬᠠᠨ᠎ᠠ᠃ ᠬᠦᠯᠡᠮᠵᠢ ᠶᠢᠨ ᠪᠦᠷᠬᠦᠪᠴᠢ ᠶᠢᠨ ᠳᠡᠭᠡᠷᠡᠬᠢ ᠬᠤᠭ ᠲᠣᠭᠤᠰᠣ ᠶᠢ ᠴᠤ ᠴᠠᠭ ᠲᠤᠬᠠᠢ ᠳᠤᠨᠢ ᠵᠦᠯᠭᠦᠵᠦ᠂ ᠬᠦᠯᠡᠮᠵᠢ ᠳᠣᠲᠣᠷᠠᠬᠢ ᠬᠡᠷᠡᠯ ᠨᠡᠪᠲᠡᠷᠡᠬᠦ ᠴᠢᠨᠠᠷ ᠢ ᠨᠡᠮᠡᠭᠳᠡᠭᠦᠯᠦᠨ᠎ᠡ᠃ ᠲᠥᠪᠡᠳ ᠬᠠᠰᠢ ᠶᠢᠨ ᠵᠢᠮᠢᠰ ᠪᠣᠯᠪᠠᠰᠤᠷᠠᠬᠤ ᠰᠢᠬᠠᠭᠰᠠᠨ ᠦᠶ᠎ᠡ ᠳᠤ ᠡᠷᠭᠢᠨ ᠲᠣᠭᠤᠷᠢᠨ ᠪᠠ ᠳᠣᠣᠷ᠎ᠠ ᠬᠡᠰᠡᠭ ᠤᠨ ᠨᠠᠪᠴᠢ ᠶᠢ ᠨᠢ ᠣᠭᠲᠣᠯᠣᠨ ᠠᠪᠴᠤ᠂ ᠡᠪᠡᠳᠴᠢᠯᠡᠭᠰᠡᠨ ᠨᠠᠪᠴᠢ ᠶᠢ ᠨᠢ ᠴᠦ ᠴᠠᠭ ᠲᠤᠬᠠᠢ ᠳᠤᠨᠢ ᠣᠭᠲᠣᠯᠣᠨ ᠠᠪᠴᠤ᠂ ᠵᠢᠮᠢᠰ ᠤᠨ ᠭᠡᠷᠡᠯ ᠤᠨ ᠲᠤᠰᠤᠯᠲᠠ ᠶᠢ ᠨᠡᠮᠡᠭᠳᠡᠭᠦᠯᠦᠨ᠂ ᠵᠢᠮᠢᠰ ᠤᠨ ᠬᠡᠪ ᠤᠨ ᠥᠩᠭᠡ ᠣᠷᠣᠬᠤ ᠶᠢ ᠨᠢ ᠨᠡᠮᠡᠭᠳᠡᠭᠦᠯᠦᠨ᠎ᠡ᠃    2. ᠺᠠᠯᠢ ᠶᠢᠨ ᠪᠣᠷᠳᠣᠭᠤᠷ ᠪᠠ ᠪᠤᠷ ᠤᠨ ᠪᠣᠷᠳᠣᠭᠤᠷ ᠢ ᠨᠥᠬᠦᠪᠦᠷᠢᠯᠡᠬᠦ    ᠵᠥᠪᠬᠡᠨ ᠬᠡᠷᠡᠯ ᠢ ᠨᠥᠬᠦᠵᠦ ᠳᠤᠯᠠᠭᠠᠨ ᠢ ᠬᠠᠮᠠᠭᠠᠯᠠᠬᠤ ᠵᠡᠷᠭᠡ ᠠᠷᠭ᠎ᠠ ᠪᠠᠷ ᠲᠥᠪᠡᠳ ᠬᠠᠰᠢ ᠶᠢᠨ ᠥᠩᠭᠡ ᠬᠤᠪᠢᠷᠠᠭᠤᠯᠬᠤ ᠶᠢ ᠵᠥᠪᠬᠡᠨ ᠶᠠᠯᠢᠮ ᠦᠭᠡᠢ ᠭᠡᠵᠦ ᠬᠡᠯᠡᠨ᠎ᠡ᠂ ᠭᠦᠢᠴᠡᠳ ᠬᠡᠮᠵᠢᠶᠡᠨ ᠤ ᠺᠠᠯᠢ ᠶᠢᠨ ᠡᠯᠧᠮᠧᠨ᠋ᠲ ᠰᠠᠶ᠋ᠢ ᠲᠥᠪᠡᠳ ᠬᠠᠰᠢ ᠶᠢᠨ ᠥᠩᠭᠡ ᠤᠷᠦᠬᠤ ᠳᠤ ᠠᠰᠢᠭᠲᠠᠢ ᠪᠠᠶᠢᠳᠠᠭ᠃ ᠡᠶᠢᠮᠦ ᠠᠴᠠ ᠥᠩᠭᠡ ᠬᠤᠪᠢᠷᠠᠬᠤ ᠬᠤᠭᠤᠴᠠᠭᠠᠨ ᠳᠤ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠬᠦ ᠠᠴᠠ ᠭᠠᠳᠠᠨ᠎ᠠ ᠪᠠᠰᠠ ᠺᠠᠯᠢ ᠪᠣᠷᠳᠣᠭᠤᠷ ᠨᠥᠬᠦᠪᠦᠷᠢᠯᠡᠵᠦ ᠪᠣᠯᠣᠨ᠎ᠠ᠃    ᠡᠩ ᠤᠨ ᠪᠠᠶᠢᠳᠠᠯ ᠳᠤ ᠲᠥᠪᠡᠳ ᠬᠠᠰᠢ ᠶᠢᠨ ᠵᠢᠮᠢᠰᠯᠡᠬᠦ ᠡᠬᠢᠨ ᠤ ᠬᠤᠭᠤᠴᠠᠭᠠᠨ ᠳᠤ ᠺᠠᠯᠢ ᠶᠢᠨ ᠪᠣᠷᠳᠣᠭᠤᠷ ᠢ ᠤᠰᠤᠨ ᠳᠤ ᠤᠷᠤᠰᠬᠠᠨ ᠣᠷᠣᠭᠤᠯᠵᠤ᠂ ᠮᠦ ᠪᠦᠷᠢ ᠳᠤ ᠤᠳᠠᠭ᠎ᠠ ᠪᠦᠷᠢ 8-10 ᠺᠢᠯᠣᠭ᠍ᠷᠠᠮ ᠨᠡᠮᠡᠵᠦ ᠣᠷᠣᠭᠤᠯᠤᠨ᠎ᠠ ᠃ ᠺᠠᠯᠢ ᠶᠢᠨ ᠡᠯᠧᠮᠧᠨ᠋ᠲ ᠠᠴᠠ ᠭᠠᠳᠠᠨ᠎ᠠ᠂ ᠬᠡᠷᠪᠡ ᠪᠤᠷ ᠤᠨ ᠪᠣᠷᠳᠣᠭᠤᠷ ᠳᠤᠲᠠᠭᠳᠠᠪᠠᠯ ᠪᠠᠰᠠ ᠲᠥᠪᠡᠳ ᠬᠠᠰᠢ ᠶᠢᠨ ᠵᠢᠮᠢᠰ ᠲᠤ ᠶᠡᠭᠡ ᠬᠡᠮᠵᠢᠶᠡᠨ ᠤ ᠨᠣᠭᠤᠭᠠᠨ ᠠᠷᠤ ᠶᠢᠨ ᠵᠢᠮᠢᠰ ᠢᠯᠡᠷᠡᠨ᠎ᠡ᠂ ᠰᠠᠭᠤᠷᠢ ᠪᠣᠷᠳᠣᠭᠤᠷ ᠣᠷᠣᠭᠤᠯᠬᠤ ᠦᠶ᠎ᠡ ᠳᠤ ᠮᠦ ᠪᠦᠷᠢ ᠳᠤ 0.8-1 ᠺᠢᠯᠣᠭ᠍ᠷᠠᠮ ᠪᠤᠷ ᠤᠨ ᠪᠣᠷᠳᠣᠭᠤᠷ ᠨᠡᠮᠡᠵᠦ ᠣᠷᠣᠭᠤᠯᠬᠤ ᠪᠤᠶᠤ ᠨᠢᠭᠡᠳᠦᠭᠡᠷ ᠲᠦᠷᠦᠭᠦᠲᠦ ᠴᠡᠴᠡᠭ ᠳᠡᠯᠭᠡᠷᠡᠬᠦ ᠦᠶ᠎ᠡ ᠳᠤ ᠪᠤᠷ ᠤᠨ ᠪᠣᠷᠳᠣᠭᠤᠷ ᠰᠦᠷᠴᠢᠨ ᠣᠷᠣᠭᠤᠯᠪᠠᠯ ᠪᠠᠰᠠ ᠲᠥᠪᠡᠳ ᠬᠠᠰᠢ ᠶᠢᠨ ᠦᠩᠭᠡ ᠵᠢᠭᠳᠡ ᠣᠷᠣᠬᠤ ᠶᠢ ᠠᠬᠢᠭᠤᠯᠵᠤ ᠴᠢᠳᠠᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号