︽ᠪᠥᠬᠦ ᠤᠯᠤᠰ ᠤᠨ ᠭᠠᠭ᠋ᠠᠶ ᠶᠢᠨ ᠮᠢᠬᠠᠨ ᠤ ᠦᠨ᠎ᠡ ᠨᠢᠭᠡᠨᠲᠡ 15 ᠭᠠᠷᠠᠭ ᠳᠠᠷᠠᠭᠠᠯᠠᠨ ᠬᠢᠮᠳᠠᠷᠠᠵᠦ᠂ | ᠭᠠᠭ᠋ᠠᠶ ᠶᠢᠨ ᠦᠨ᠎ᠡ ᠴᠦ ᠠᠳᠠᠯᠢᠪᠲᠤᠷ ᠬᠠᠨᠳᠤᠰᠢ ᠲᠠᠢ ᠪᠣᠯᠤᠭᠰᠠᠨ ᠪᠠᠶᠢᠨ᠎ᠠ ︐ ᠬᠡᠪᠡᠴᠦ ᠣᠶᠢᠷ᠎ᠠ ᠳᠤ ᠬᠢᠮᠳᠠᠷᠠᠬᠤ ᠨᠢ | ᠨᠢᠭᠡᠨᠲᠡ ᠵᠤᠬᠰᠤᠵᠠᠢ︾᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠪᠡᠭᠡᠵᠢᠩ ᠤᠨ ᠮᠠᠯ ᠠᠵᠤ ᠠᠬᠤᠶ ᠮᠠᠯ ᠡᠮᠨᠡᠯᠭᠡ ᠶᠢᠨ ᠰᠤᠳᠤᠯᠭᠠᠨ ᠤ ᠭᠠᠵᠠᠷ ᠤᠨ ᠰᠤᠳᠤᠯᠤᠭᠴᠢ ᠵᠤ᠋ ᠽᠧᠩ ᠶᠦᠩ | ᠬᠡᠯᠡᠬᠦ ᠳᠡᠭᠡᠨ᠂ ᠪᠣᠳᠠᠲᠠᠶ ᠪᠠᠷ ᠬᠡᠯᠡᠪᠡᠯ᠂ ᠭᠠᠭ᠋ᠠᠶ ᠶᠢᠨ ᠦᠨ᠎ᠡ 6 ᠰᠠᠷ᠎ᠠ ᠶᠢᠨ ᠨᠢᠭᠡᠳᠦᠭᠡᠷ ᠭᠠᠷᠠᠭ ᠤᠨ ᠳᠤᠮᠳᠠᠴᠢ | ᠦᠨ᠎ᠡ ᠨᠢ ᠺᠢᠯᠣᠭ᠍ᠷᠠᠮ ᠪᠦᠷᠢ ᠳᠡᠭᠡᠨ 17.75 ᠲᠥᠭᠦᠷᠢᠭ ᠪᠠᠶᠢᠭᠰᠠᠨ ᠠᠴᠠ ᠪᠠᠨ ᠵᠠᠯᠭᠠᠭ᠎ᠠ ᠪᠠᠷ ᠥᠰᠴᠦ᠂ | ᠬᠠᠮᠤᠭ ᠤᠨ ᠥᠨᠳᠥᠷ ᠦᠨ᠎ᠡ ᠨᠢ ᠺᠢᠯᠣᠭ᠍ᠷᠠᠮ ᠪᠦᠷᠢ ᠳᠡᠭᠡᠨ 8 ᠰᠠᠷ᠎ᠠ ᠶᠢᠨ ᠭᠤᠷᠪᠠᠳᠤᠭᠠᠷ ᠭᠠᠷᠠᠭ ᠲᠤ 20.92 | ᠲᠥᠭᠦᠷᠢᠭ ᠪᠣᠯᠤᠨ ᠥᠰᠴᠦ᠂ 8 ᠰᠠᠷ᠎ᠠ ᠶᠢᠨ ᠳᠥᠷᠪᠡᠳᠦᠭᠡᠷ ᠭᠠᠷᠠᠭ ᠠᠴᠠ ᠦᠨ᠎ᠡ ᠨᠢ ᠡᠬᠢᠯᠡᠨ ᠬᠢᠮᠳᠠᠷᠠᠵᠦ᠂ 11 | ᠰᠠᠷ᠎ᠠ ᠶᠢᠨ ᠭᠤᠷᠪᠠᠳᠤᠭᠠᠷ ᠭᠠᠷᠠᠭ ᠲᠤ 17 . 02 ᠲᠥᠭᠦᠷᠢᠭ ᠪᠣᠯᠤᠨ ᠬᠢᠮᠳᠠᠷᠠᠵᠦ᠂ ᠨᠡᠶᠢᠲᠡ 3.9 ᠲᠥᠭᠦᠷᠢᠭ | ᠬᠢᠮᠳᠠᠷᠠᠵᠦ᠂ ᠬᠢᠮᠳᠠᠷᠠᠯᠳᠠ ᠶᠢᠨ ᠬᠡᠮᠵᠢᠶ᠎ᠡ ᠨᠢ 18.6 % ᠬᠦᠷᠴᠡᠶ᠃ 11 ᠰᠠᠷ᠎ᠠ ᠶᠢᠨ ᠳᠥᠷᠪᠡᠳᠦᠭᠡᠷ ᠭᠠᠷᠠᠭ ᠲᠤ | ᠭᠠᠭ᠋ᠠᠶ ᠶᠢᠨ ᠦᠨ᠎ᠡ 0.4 % ᠪᠠᠷ ᠥᠰᠴᠦ᠂ ᠺᠢᠯᠣᠭ᠍ᠷᠠᠮ ᠪᠦᠷᠢ ᠳᠡᠭᠡᠨ 17.1 ᠲᠥᠭᠦᠷᠢᠭ ᠪᠣᠯᠪᠠ᠃ ᠭᠠᠭ᠋ᠠᠶ ᠶᠢᠨ | ᠮᠢᠬᠠᠨ ᠤ ᠦᠨ᠎ᠡ ᠶᠢᠨ ᠬᠡᠯᠪᠡᠯᠵᠡᠯ ᠤᠨ ᠪᠠᠶᠢᠳᠠᠯ ᠨᠢ ᠭᠠᠭ᠋ᠠᠶ ᠶᠢᠨ ᠦᠨ᠎ᠡ ᠲᠠᠢ ᠠᠳᠠᠯᠢᠪᠲᠤᠷ ᠪᠠᠶᠢᠵᠤ᠂ 6 | ᠰᠠᠷ᠎ᠠ ᠶᠢᠨ ᠨᠢᠭᠡᠳᠦᠭᠡᠷ ᠭᠠᠷᠠᠭ ᠲᠤ ᠳᠤᠮᠳᠠᠴᠢ ᠦᠨ᠎ᠡ ᠨᠢ ᠺᠢᠯᠣᠭ᠍ᠷᠠᠮ ᠪᠦᠷᠢ ᠳᠡᠭᠡᠨ 27.49 ᠲᠥᠭᠦᠷᠢᠭ ᠪᠤᠯᠤᠨ | ᠦᠷᠭᠦᠯᠵᠢᠯᠡᠨ ᠥᠰᠴᠦ᠂ ᠬᠠᠮᠤᠭ ᠤᠨ ᠥᠨᠳᠥᠷ ᠲᠡᠭᠡᠨ 8 ᠳ᠋ᠤᠭᠠᠷ ᠰᠠᠷ᠎ᠠ ᠶᠢᠨ ᠳᠥᠷᠪᠡᠳᠦᠭᠡᠷ ᠭᠠᠷᠠᠭ ᠲᠤ | ᠺᠢᠯᠣᠭ᠍ᠷᠠᠮ ᠪᠦᠷᠢ ᠳᠡᠭᠡᠨ 31 . 97 ᠲᠥᠭᠦᠷᠢᠭ ᠪᠣᠯᠲᠠᠯ᠎ᠠ ᠥᠰᠴᠦ᠂ 8 ᠰᠠᠷ᠎ᠠ ᠶᠢᠨ ᠬᠠᠮᠤᠭ ᠰᠡᠭᠦᠯᠴᠢ ᠶᠢᠨ ᠨᠢᠭᠡ | ᠭᠠᠷᠠᠭ ᠠᠴᠠ ᠡᠭᠢᠯᠡᠨ ᠦᠷᠭᠦᠯᠵᠢᠯᠡᠨ ᠬᠢᠮᠳᠠᠷᠠᠵᠦ 11 ᠰᠠᠷ᠎ᠠ ᠶᠢᠨ ᠳᠥᠷᠪᠡᠳᠦᠭᠡᠷ ᠭᠠᠷᠠᠭ ᠪᠤᠯᠬᠤ ᠳᠤ ᠺᠢᠯᠣᠭ᠍ᠷᠠᠮ | ᠪᠦᠷᠢ ᠳᠡᠭᠡᠨ 28 . 34 ᠲᠥᠭᠦᠷᠢᠭ ᠪᠤᠯᠤᠨ ᠬᠢᠮᠳᠠᠷᠠᠵᠦ᠂ ᠨᠡᠶᠢᠲᠡ 3 . 25 ᠲᠥᠭᠦᠷᠢᠭ ᠬᠢᠮᠳᠠᠷᠠᠵᠦ᠂ | ᠬᠢᠮᠳᠠᠷᠠᠯᠳᠠ ᠶᠢᠨ ᠬᠡᠮᠵᠢᠶ᠎ᠡ ᠨᠢ 10.2 % ᠪᠣᠯᠵᠠᠶ᠃ ᠭᠡᠪᠡᠴᠦ᠂ ᠬᠤᠶᠠᠳᠤᠭᠠᠷ ᠤᠯᠠᠷᠢᠯ ᠠᠴᠠ ᠨᠠᠭᠠᠰᠢ᠂ ᠪᠥᠬᠦ | ᠤᠯᠤᠰ ᠤᠨ ᠭᠠᠭ᠋ᠠᠶ ᠪᠠ ᠭᠠᠭ᠋ᠠᠶ ᠶᠢᠨ ᠮᠢᠬᠠᠨ ᠤ ᠦᠨ᠎ᠡ ᠴᠥᠮ ᠲᠦᠷᠦᠬᠦᠤ ᠵᠢᠯ ᠤᠨ ᠠᠳᠠᠯᠢ | ᠬᠤᠭᠤᠴᠠᠭᠠᠨ ᠤ ᠬᠢ ᠠᠴᠠ ᠪᠠᠨ ᠥᠨᠳᠥᠷ ᠪᠣᠯᠵᠣ᠂ 11 ᠰᠠᠷ᠎ᠠ ᠶᠢᠨ ᠳᠥᠷᠪᠡᠳᠦᠭᠡᠷ ᠭᠠᠷᠠᠭ ᠲᠤ ᠭᠠᠭ᠋ᠠᠶ ᠪᠠ | ᠭᠠᠭ᠋ᠠᠶ ᠶᠢᠨ ᠮᠢᠬᠠᠨ ᠤ ᠦᠨ᠎ᠡ ᠲᠣᠰ ᠲᠣᠰ ᠠᠳᠠᠯᠢ ᠬᠤᠭᠤᠴᠠᠭᠠᠨ ᠤ ᠬᠢ ᠠᠴᠠ ᠪᠠᠨ 14.1 % ᠪᠠ 14 . 2 | % ᠢᠶᠠᠷ ᠥᠰᠴᠡᠶ ᠭᠡᠪᠡ᠃ | ᠭᠠᠭ᠋ᠠᠶ ᠶᠢᠨ ᠦᠨ᠎ᠡ ᠦᠷᠭᠦᠯᠵᠢᠯᠡᠨ ᠬᠢᠮᠳᠠᠷᠠᠵᠦ ᠪᠠᠶᠢᠬᠤ ᠨᠢ ᠬᠡᠷᠡᠭᠯᠡᠭᠡᠨ ᠤ ᠬᠡᠷᠡᠭᠴᠡᠭᠡ ᠬᠦᠷᠦᠯᠴᠡᠬᠦ | ᠦᠭᠡᠢ ᠠᠴᠠ ᠪᠣᠯᠤᠭᠰᠠᠨ ᠬᠡᠵᠢ ᠦᠦ︖ ᠪᠡᠭᠡᠵᠢᠩ ᠤᠨ ᠰᠢᠨ ᠹᠠ ᠳ᠋ᠢ ᠲᠠᠷᠢᠶᠠᠯᠠᠩ ᠤᠨ ᠪᠦᠲᠦᠭᠡᠭᠳᠡᠬᠦᠨ ᠢ | ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠲᠤᠭ᠎ᠠ ᠪᠦᠷᠢᠳᠬᠡᠯ ᠤᠨ ᠬᠡᠯᠲᠡᠰ ᠤᠨ ᠳᠠᠭᠠᠭᠠᠮᠠᠯ ᠯᠢᠦ ᠲᠦᠩ | ᠬᠡᠯᠡᠬᠦ ᠳᠡᠭᠡᠨ᠂ ᠣᠳᠣᠬᠠᠨ ᠳᠤ ᠭᠠᠭ᠋ᠠᠶ ᠶᠢᠨ ᠮᠢᠬᠠᠨ ᠤ ᠬᠡᠷᠡᠭᠯᠡᠭᠡᠨ ᠤ ᠬᠡᠷᠡᠭᠴᠡᠭᠡ ᠶᠡᠭᠡ ᠪᠠᠷ ᠨᠡᠮᠡᠭᠳᠡᠵᠦ᠂ 11 | ᠰᠠᠷ᠎ᠠ ᠶᠢᠨ ᠰᠡᠭᠦᠯᠴᠢ ᠳᠤ ᠪᠡᠭᠡᠵᠢᠩ ᠤᠨ ᠰᠢᠨ ᠹᠠ ᠳ᠋ᠢ ᠡᠳᠦᠷ ᠪᠦᠷᠢ ᠳᠤᠮᠳᠠᠴᠢ ᠪᠠᠷ ᠵᠠᠬ᠎ᠠ ᠳᠡᠯᠭᠡᠭᠦᠷ ᠲᠤ 2044 | . 29 ᠲᠤᠯᠤᠭᠠᠢ ᠭᠠᠭ᠋ᠠᠶ ᠭᠠᠷᠭᠠᠵᠤ᠂ ᠡᠳᠦᠷ ᠪᠦᠷᠢ ᠶᠢᠨ ᠵᠠᠬ᠎ᠠ ᠳᠡᠯᠭᠡᠭᠦᠷ ᠲᠤ ᠭᠠᠷᠭᠠᠵᠤ ᠪᠠᠶᠢᠭ᠎ᠠ ᠳᠤᠮᠳᠠᠴᠢ | ᠬᠡᠮᠵᠢᠶ᠎ᠡ ᠨᠢ ᠥᠨᠳᠥᠷ ᠪᠠᠶᠢᠷᠢᠨ ᠳᠤ ᠪᠠᠶᠢᠵᠤ᠂ ᠭᠠᠭ᠋ᠠᠶ ᠶᠢᠨ ᠬᠠᠩᠭᠠᠯᠭ᠎ᠠ ᠭᠦᠵᠴᠡᠳ ᠪᠥᠭᠡᠳ ᠬᠡᠷᠡᠭᠴᠡᠭᠡ ᠶᠡᠬᠡᠲᠡᠶ | ᠪᠠᠶᠢᠨ᠎ᠠ ᠬᠡᠪᠡ᠃ |