ᠦ᠋ ᠰᠠᠨ ᠲᠣᠰᠬᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠨᠢ ᠬᠦᠭᠵᠢᠨ ᠮᠠᠨᠳᠤᠭᠤᠯᠬᠤ ︽ᠵᠣᠯ ᠵᠢᠷᠭᠠᠯ ᠤᠨ ᠡᠭᠦᠳᠡ︾ ᠶᠢ ᠨᠡᠭᠡᠭᠡᠪᠡ
ᠨᠡᠶᠢᠲᠡᠯᠡᠭᠰᠡᠨ ᠴᠠᠭ᠄
2024/12/16
   ᠤᠢᠢᠷ᠎ᠠ ᠶᠢᠨ ᠵᠢᠯ ᠠᠴᠠ᠂ ᠲᠠᠢ ᠫᠢᠩ ᠰᠢᠶᠠᠩ ᠤᠨ ᠦ᠋ ᠰᠠᠨ ᠲᠣᠰᠬᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠪᠠᠶᠢᠭᠤᠯᠤᠯᠲᠠ ᠪᠠᠨ ᠴᠢᠩᠭᠠᠳᠬᠠᠬᠤ ᠶᠢ ᠴᠢᠬᠤᠯᠠᠴᠢᠯᠠᠵᠤ᠂ ᠪᠦᠬᠦ ᠲᠣᠰᠬᠤᠨ ᠤ ᠥᠷᠭᠡᠨ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠷᠠᠳ ᠢ ᠪᠠᠶᠠᠵᠢᠭᠤᠯᠬᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠲᠣᠰᠬᠤᠨ ᠤ ᠳᠦᠷᠰᠦ ᠪᠠᠶᠢᠳᠠᠯ ᠢᠶᠠᠨ ᠴᠢᠷᠮᠠᠶᠢᠨ ᠰᠠᠶᠢᠵᠢᠷᠠᠭᠤᠯᠵᠤ᠂ ᠪᠣᠯᠪᠠᠰᠤᠨ ᠰᠢᠨ᠎ᠡ ᠬᠡᠪ ᠰᠤᠷᠲᠠᠯ ᠢ ᠢᠳᠡᠪᠬᠢᠲᠡᠢ ᠪᠤᠢ ᠪᠣᠯᠭᠠᠵᠤ᠂ ᠪᠣᠯᠪᠠᠰᠤᠨ ᠰᠢᠨ᠎ᠡ ᠲᠣᠰᠬᠤᠨ ᠤ ᠪᠦᠳᠦᠭᠡᠨ ᠪᠠᠶᠢᠭᠤᠯᠤᠯᠲᠠ ᠶᠢ
ᠯᠠᠪᠳᠠᠭᠤᠨ ᠪᠠᠲᠤᠲᠠᠢ ᠠᠬᠢᠭᠤᠯᠪᠠ᠃
    ᠲᠠᠢ ᠫᠢᠩ ᠰᠢᠶᠠᠩ ᠤᠨ ᠦ᠋ ᠰᠠᠨ ᠲᠣᠰᠬᠤᠨ ᠳᠤ ᠬᠦᠷᠬᠦ ᠳᠤ᠂ ᠦᠨᠳᠦᠰᠦᠲᠡᠨ ᠤ ᠪᠦᠯᠬᠦᠮᠳᠡᠯ᠂ ᠬᠡᠪ ᠵᠠᠩᠰᠢᠯ  ᠢᠶᠠᠨ ᠥᠭᠡᠷᠡᠴᠢᠯᠡᠬᠦ᠂ ᠰᠦᠯᠵᠢᠶᠡᠨ ᠤ ᠠᠮᠤᠷ ᠲᠦᠪᠰᠢᠨ᠂ ᠠᠵᠤ ᠦᠢᠯᠡᠰ ᠤᠨ ᠬᠥᠭᠵᠢᠯᠲᠡ᠂ ᠨᠤᠲᠤᠭ ᠤᠨ ᠰᠤᠷᠲᠠᠯ ᠤᠨ ᠪᠣᠯᠪᠠᠰᠤᠨ ᠵᠡᠷᠭᠡ ᠭᠤᠣᠯ ᠰᠡᠳᠦᠪᠲᠦ 600 ᠭᠠᠷᠤᠢ ᠮᠧᠲᠷ ᠤᠨ ᠰᠣᠶᠣᠯ ᠤᠨ ᠬᠡᠷᠡᠮ ᠬᠠᠷᠠᠭᠳᠠᠵᠤ᠂ ᠦ᠋ ᠰᠠᠨ ᠲᠣᠰᠬᠤᠨ ᠤ ᠠᠮᠢᠳᠤᠷᠠᠯ ᠤᠨ ᠣᠷᠴᠢᠨ ᠲᠣᠭᠤᠷᠢᠨ᠂ ᠠᠮᠢᠳᠤᠷᠠᠯ ᠤᠨ ᠴᠢᠨᠠᠷ ᠴᠢᠨᠰᠠᠭ᠎ᠠ ᠳᠤ ᠴᠥᠮ ᠡᠳᠦᠷ  ᠠᠴᠠ ᠡᠳᠦᠷ ᠰᠢᠨᠡᠳᠦᠨ ᠬᠤᠪᠢᠷᠠᠵᠤ ᠪᠠᠶᠢᠬᠤ ᠶᠢ ᠬᠠᠷᠠᠭᠤᠯᠵᠤ ᠪᠠᠶᠢᠨ᠎ᠠ᠃ ᠲᠣᠰᠬᠤᠨ ᠤ ᠠᠷᠠᠳ ᠶᠠᠩ ᠯᠢ ᠴᠢᠨ ᠤ ᠭᠡᠷ ᠲᠤ᠂ ᠲᠡᠷᠡ ᠶᠠᠭ ᠰᠠᠶᠢᠬᠠᠨ ᠦᠬᠡᠷ ᠲᠤ ᠪᠣᠷᠳᠤᠭ᠎ᠠ ᠨᠡᠮᠡᠵᠦ ᠶᠠᠭᠠᠷᠠᠨ᠎ᠠ᠂ ᠭᠡᠷ ᠲᠡᠭᠡᠨ ᠲᠠᠷᠢᠶ᠎ᠠ ᠲᠠᠷᠢᠬᠤ ᠮᠥᠷᠲᠡᠭᠡᠨ ᠲᠡᠵᠢᠭᠡᠨ ᠦᠷᠡᠵᠢᠭᠦᠯᠦᠨ᠎ᠡ᠂ ᠵᠤᠨ ᠪᠣᠯᠤᠭᠰᠠᠭᠠᠷ᠂ ᠭᠡᠷ ᠤᠨ ᠬᠦᠷᠢᠶ᠎ᠡ ᠬᠠᠰᠢᠶ᠎ᠠ ᠪᠠᠨ ᠨᠡᠩ ᠵᠦᠭᠡᠷ ᠪᠠᠶᠢᠯᠭᠠᠬᠤ ᠦᠭᠡᠢ᠂ ᠡᠨᠡ ᠨᠢᠭᠡ ᠵᠢᠯ ᠤᠨ ᠲᠤᠷᠰᠢ᠂ ᠣᠷᠣᠯᠭ᠎ᠠ ᠨᠡᠩ ᠴᠤ ᠪᠠᠶᠠᠷᠯᠠᠭᠤᠰᠢᠲᠠᠢ᠃
   ︽ᠮᠠᠨ ᠤ ᠬᠢᠨ ᠲᠠᠷᠢᠶ᠎ᠠ ᠲᠠᠷᠢᠬᠤ ᠪᠠᠷ ᠪᠠᠷᠠᠬᠤ ᠦᠭᠡᠢ ᠪᠠᠰᠠ ᠪᠠᠭ᠎ᠠ ᠰᠠᠭ᠎ᠠ ᠦᠬᠡᠷ ᠲᠡᠵᠢᠭᠡᠵᠦ᠂ ᠵᠤᠨ ᠳᠠᠭᠠᠨ ᠪᠠᠭ᠎ᠠ ᠰᠠᠭ᠎ᠠ ᠪᠣᠷᠣ ᠰᠠᠷᠢᠮᠰᠠᠭ ᠲᠠᠷᠢᠵᠤ᠂ ᠪᠣᠷᠣ ᠰᠠᠷᠢᠮᠰᠠᠭ ᠬᠤᠷᠢᠶᠠᠭᠰᠠᠨ ᠤ ᠳᠠᠷᠠᠭ᠎ᠠ ᠨᠢ ᠴᠠᠭᠠᠨ ᠨᠣᠭᠤᠭ᠎ᠠ᠂ ᠯᠤᠤᠪᠠᠩ ᠲᠠᠷᠢᠳᠠᠭ᠂ ᠡᠨᠡ ᠵᠢᠯ ᠡᠨᠡ ᠪᠠᠭ᠎ᠠ ᠬᠦᠷᠢᠶᠡᠨ ᠳᠤ ᠲᠦᠮᠡᠨ ᠲᠥᠭᠦᠷᠢᠭ ᠤᠨ ᠣᠷᠣᠯᠭ᠎ᠠ ᠣᠯᠵᠤ᠂ ᠠᠮᠢᠳᠤᠷᠠᠯ ᠶᠠᠪᠤᠬᠤ ᠲᠤᠲᠤᠮ ᠰᠠᠶᠢᠵᠢᠷᠠᠵᠤ ᠪᠠᠶᠢᠨ᠎ᠠ᠃︾ ᠭᠡᠵᠦ ᠲᠠᠢ ᠫᠢᠩ ᠰᠢᠶᠠᠩ ᠤᠨ ᠡᠦ ᠰᠠᠨ ᠲᠣᠰᠬᠤᠨ ᠤ ᠠᠷᠠᠳ ᠶᠠᠩ ᠯᠢ ᠴᠢᠨ ᠪᠠᠶᠠᠷᠲᠠᠶ ᠬᠡᠯᠡᠨ᠎ᠡ᠃    ᠲᠣᠰᠬᠤᠨ ᠤ ᠠᠷᠠᠳ ᠶᠠᠭᠠᠷᠠᠤ ᠦᠶ᠎ᠡ ᠳᠡᠭᠡᠨ ᠰᠠᠨᠠᠭᠠᠨ ᠳᠤ ᠤᠷᠤᠬᠤ ᠦᠭᠡᠢ᠂ ᠬᠡᠷᠡᠭᠴᠡᠭᠡ ᠲᠠᠢ ᠦᠶ᠎ᠡ ᠳᠤ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠨᠢ ᠤᠯᠠᠨ ᠤ ᠰᠠᠯᠵᠤ ᠪᠣᠯᠤᠰᠢ ᠦᠭᠡᠢ ᠡᠷᠳᠡᠨᠢ ᠪᠣᠯᠵᠠᠢ᠂ ᠬᠠᠷ᠎ᠠ ᠥᠷᠯᠥᠭᠡ᠂ ᠲᠠᠢ ᠫᠢᠩ ᠰᠢᠶᠠᠩ ᠤᠨ ᠦ᠋ ᠰᠠᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠡᠭᠦᠳᠡ ᠪᠠᠨ ᠨᠡᠭᠡᠭᠡᠮᠡᠭᠴᠡ᠂ ᠲᠣᠰᠬᠤᠨ ᠤ ᠠᠷᠠᠳ ᠢᠷᠡᠵᠦ ᠡᠪᠡᠳᠴᠢᠨ ᠦᠵᠡᠭᠦᠯᠦᠨ᠎ᠡ᠃     ᠲᠠᠢ ᠫᠢᠩ ᠰᠢᠶᠠᠩ ᠤᠨ ᠡᠦ ᠰᠠᠨ ᠲᠣᠰᠬᠤᠨ ᠤ ᠠᠷᠠᠳ ᠯᠢᠦ ᠹᠧᠩ ᠴᠢᠨ᠄ ︽ᠮᠠᠨ ᠤ ᠭᠡᠷ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠠᠴᠠ ᠤᠶᠢᠷ᠎ᠠ᠂ ᠮᠢᠨᠦ ᠪᠡᠶ᠎ᠡ ᠡᠪ ᠦᠭᠡᠢ ᠪᠣᠯᠤᠭᠰᠠᠭᠠᠷ ᠪᠢ ᠢᠤᠢ ᠡᠮᠴᠢ ᠶᠢ ᠡᠷᠢᠵᠦ ᠢᠷᠡᠨ᠎ᠡ᠂ ᠥᠨᠥᠳᠦᠷ ᠴᠡᠭᠡᠵᠢ ᠪᠤᠬᠢᠨᠢᠳᠤᠵᠤ ᠢᠤᠢ ᠡᠮᠴᠢ ᠪᠠᠷ ᠵᠡᠭᠦᠦ ᠲᠠᠷᠢᠭᠤᠯᠪᠠ᠂ ᠤᠳᠤ ᠲᠤᠩ ᠲᠠᠭᠠᠯᠠᠮᠵᠢᠲᠠᠢ ᠪᠣᠯᠵᠠᠢ᠃ ᠢᠤᠢ ᠡᠮᠴᠢ ᠤᠴᠢᠷ ᠥᠬᠡᠶ ᠴᠦ ᠮᠠᠨ ᠤ ᠳᠤ ᠤᠴᠢᠳᠠᠭ᠂ ᠪᠢᠳᠡᠨ ᠤ ᠨᠠᠰᠤ ᠠᠬᠢᠵᠤ᠂ ᠵᠣᠭᠤᠰ ᠣᠯᠬᠤ ᠳᠤ ᠠᠮᠠᠷ ᠥᠬᠡᠶ ᠶᠢ ᠦᠵᠡᠵᠦ ᠪᠢᠳᠡᠨ ᠳᠤ ᠡᠮ ᠡᠮᠨᠡᠯᠭᠡ ᠬᠦᠷᠭᠡᠵᠦ ᠦᠭᠭᠦᠨ᠎ᠡ᠂ ᠤᠶᠢᠷ᠎ᠠ ᠬᠠᠪᠢ  ᠶᠢᠨ ᠡᠮᠴᠢ ᠪᠦᠷ ᠲᠡᠭᠦᠨ ᠢ ᠬᠦᠷᠬᠦ ᠥᠬᠡᠶ ᠭᠡᠵᠦ ᠪᠣᠳᠣᠵᠤ ᠪᠠᠶᠢᠨ᠎ᠠ᠃︾ ᠭᠡᠵᠡᠢ᠃
   ᠲᠣᠰᠬᠤᠨ ᠤ ᠡᠮᠴᠢ ᠢᠤᠢ ᠵᠠᠨ ᠳ᠋ᠦᠩ ᠤᠯᠠᠨ ᠲᠦᠮᠡᠨ ᠤ ᠢᠲᠡᠭᠡᠯ ᠢ ᠶᠡᠬᠡᠳᠡ ᠤᠯᠪᠠ᠂ ᠡᠪ ᠬᠠᠮᠲᠤ ᠨᠠᠮ  ᠤᠨ ᠭᠡᠰᠢᠭᠦᠨ ᠪᠣᠯᠤᠭᠰᠠᠨ ᠤ ᠬᠤᠪᠢ ᠳᠤ᠂ ᠲᠡᠷᠡ ᠡᠮᠴᠢᠯᠡᠭᠡᠨ ᠤ ᠮᠡᠷᠭᠡᠵᠢᠯ ᠨᠢ ᠬᠤᠯᠠ ᠤᠢᠢᠷ᠎ᠠ ᠳᠠᠭᠠᠨ ᠠᠯᠳᠠᠷᠰᠢᠭᠰᠠᠨ ᠢᠶᠠᠷ ᠪᠠᠷᠠᠬᠤ ᠦᠭᠡᠢ᠂ ᠨᠡᠩ ᠴᠤ ᠲᠣᠰᠬᠤᠨ ᠤ ᠱᠠᠲᠤᠨ ᠤ ᠪᠦᠳᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢ ᠡᠭᠦᠷᠭᠡᠯᠡᠵᠦ᠂ ᠠᠯᠪᠠᠨ ᠵᠢᠷᠤᠮ  ᠤᠨ ᠡᠮᠴᠢᠯᠡᠭᠡᠨ ᠤ ᠠᠵᠢᠯᠯᠠᠭ᠎ᠠ ᠶᠢ ᠤᠯᠠᠨ ᠤᠳᠠᠭ᠎ᠠ ᠥᠷᠨᠢᠭᠦᠯᠪᠡ᠂ ᠥᠩᠭᠡᠷᠡᠭᠰᠡᠨ ᠨᠢᠭᠡ ᠵᠢᠯ ᠳᠤ ᠲᠡᠷᠡ ᠶᠠᠳᠠᠭᠤ ᠬᠦᠴᠢᠷᠳᠡᠯᠲᠡᠢ ᠤᠯᠠᠨ ᠲᠦᠮᠡᠨ ᠳᠤ ᠰᠦᠢᠳᠬᠡᠯ ᠬᠤᠷᠢᠶᠠᠬᠤ ᠦᠭᠡᠢ ᠪᠠᠷ ᠡᠮ ᠬᠦᠷᠭᠡᠵᠦ ᠥᠭᠭᠦᠭᠰᠡᠨ ᠨᠢ ᠳᠠᠷᠤᠢ 3 ᠲᠦᠮᠡ ᠭᠠᠷᠤᠢ ᠲᠥᠭᠦᠷᠢᠭ ᠲᠤ ᠬᠦᠷᠴᠡᠢ᠂ ᠬᠡᠷᠡᠮ ᠳᠦᠭᠦᠷᠡᠩ ᠬᠡᠮᠡᠷᠯᠢᠭ ᠲᠤᠭ ᠪᠣᠯ ᠤᠯᠠᠨ ᠲᠦᠮᠡᠨ ᠤ ᠲᠡᠭᠦᠨ ᠳᠤ ᠥᠭᠭᠦᠭᠰᠡᠨ ᠬᠠᠮᠤᠭ ᠤᠨ ᠶᠡᠭᠡ ᠮᠡᠳᠡᠷᠡᠮᠵᠢ ᠮᠥᠨ᠂ ᠲᠡᠭᠦᠨ ᠤ ᠵᠣᠬᠢᠶᠠᠨ ᠪᠠᠶᠢᠭᠤᠯᠤᠯᠲᠠ ᠳᠣᠣᠷ᠎ᠠ᠂ ᠤᠯᠠᠨ ᠢᠶᠠᠷ  ᠢᠶᠠᠨ ᠡᠮᠴᠢᠯᠡᠭᠡᠨ ᠤ ᠲᠠᠰᠤᠭ ᠲᠤ ᠡᠮᠬᠢ ᠵᠢᠷᠤᠮ ᠲᠠᠢ ᠪᠠᠷ ᠡᠮᠨᠡᠭᠦᠯᠵᠦ᠂ ᠬᠠᠷᠢᠯᠴᠠᠨ ᠨᠠᠶᠢᠷ ᠲᠠᠯᠪᠢᠵᠤ᠂ ᠡᠶ᠎ᠡ ᠵᠣᠬᠢᠴᠠᠩᠭᠤᠢ ᠠᠭᠤᠷ ᠠᠮᠢᠰᠬᠤᠯ ᠢ ᠭᠦᠢᠴᠡᠳ ᠢᠯᠡᠷᠡᠭᠦᠯᠵᠦ᠂ ᠨᠡᠩ ᠴᠤ ᠨᠤᠲᠤᠭ ᠤᠨ ᠰᠤᠷᠲᠠᠯ ᠪᠣᠯᠪᠠᠰᠤᠨ ᠤ ᠲᠤᠯᠢ ᠪᠤᠯᠤᠨ᠎ᠠ᠃    ︽ᠣᠲᠣ ᠶᠢᠨ ᠠᠮᠢᠳᠤᠷᠠᠯ ᠤᠨ ᠬᠢᠷᠢ ᠲᠦᠪᠰᠢᠨ ᠤ ᠳᠡᠭᠡᠭᠰᠢᠯᠡᠬᠦ ᠶᠢ ᠳᠠᠭᠠᠯᠳᠤᠨ᠂ ᠬᠥᠮᠦᠰ ᠤᠨ ᠡᠷᠡᠭᠦᠯ ᠮᠡᠨᠳᠦ ᠶᠢᠨ ᠦᠵᠡᠯ ᠤᠬᠠᠮᠰᠠᠷ ᠤᠨ ᠲᠤᠬᠠᠶ ᠱᠠᠭᠠᠷᠳᠠᠯᠭ᠎ᠠ ᠴᠤ ᠤᠯᠠᠮ ᠠᠴᠠ ᠤᠯᠠᠮ ᠴᠢᠬᠤᠯᠠ ᠪᠣᠯᠵᠣ ᠪᠠᠶᠢᠨ᠎ᠠ᠃ ᠣᠲᠣ ᠡᠪᠡᠳᠴᠢᠨ ᠦᠵᠡᠭᠦᠯᠬᠦ ᠡᠪᠡᠳᠴᠢᠲᠡᠨ ᠴᠦ ᠤᠯᠠᠮ ᠠᠴᠠ ᠤᠯᠠᠮ ᠣᠯᠠᠰᠢᠷᠠᠵᠤ᠂ ᠣᠶᠢᠷ᠎ᠠ ᠬᠠᠪᠢ ᠶᠢᠨ ᠡᠪᠡᠳᠴᠢᠲᠡᠨ ᠤ ᠢᠷᠡᠬᠦ ᠬᠡᠮᠵᠢᠶ᠎ᠡ ᠴᠦ ᠨᠡᠯᠢᠶᠡᠳ ᠶᠡᠭᠡ ᠪᠠᠶᠢᠨ᠎ᠠ᠂ ᠪᠢᠳᠡ ᠡᠳᠦᠷ ᠪᠦᠷᠢ ᠪᠠᠷᠤᠭ 50 ᠰᠢᠬᠠᠮ ᠬᠥᠮᠦᠨ ᠢ ᠭᠥᠯᠢᠶᠡᠨ ᠠᠪᠴᠤ ᠪᠠᠶᠢᠨ᠎ᠠ᠂ ᠡᠭᠦᠨ ᠠᠴᠠ ᠭᠠᠳᠠᠨ᠎ᠠ ᠪᠢᠳᠡ ᠪᠠᠰᠠ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠴᠢᠭᠯᠡᠭᠦᠯᠦᠨ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠬᠢᠵᠦ᠂ ᠲᠡᠳᠡᠨ ᠤ ᠡᠷᠡᠭᠦᠯ ᠮᠡᠨᠳᠦ ᠶᠢᠨ ᠲᠤᠬᠠᠶ ᠲᠠᠨᠢᠯᠲᠠ ᠶᠢ ᠳᠡᠭᠡᠭᠰᠢᠯᠡᠭᠦᠯᠪᠡ᠃ ᠡᠪᠡᠳᠴᠢᠲᠡᠨ ᠤ ᠡᠪᠡᠳᠴᠢᠨ ᠦᠵᠡᠭᠦᠯᠬᠦ ᠳᠤ ᠲᠥᠬᠦᠮ᠂ ᠣᠨᠣᠰᠢᠯᠠᠯ ᠲᠣᠳᠣᠷᠬᠠᠶ ᠪᠣᠯᠭᠠᠬᠤ ᠶᠢᠨ ᠲᠥᠯᠥᠭᠡ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠪᠠᠰᠠ ᠨᠢᠭᠡ ᠪᠦᠯᠦᠭ ᠲᠣᠨᠤᠭ ᠲᠥᠬᠦᠭᠡᠷᠦᠮᠵᠢ ᠶᠢ ᠳᠡᠮᠵᠢᠵᠦ᠂ ᠣᠲᠣ ᠵᠢᠷᠦᠬᠡᠨ ᠤ ᠯᠤᠭᠰᠢᠯᠲᠠ ᠶᠢᠨ ᠴᠠᠬᠢᠯᠭᠠᠨ ᠢ ᠬᠢᠵᠦ ᠴᠢᠳᠠᠬᠤ ᠪᠣᠯᠤᠭᠰᠠᠨ ᠪᠥᠭᠡᠳ ᠪᠠᠰᠠ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠬᠦ‍ ᠨᠢᠭᠡ ᠴᠣᠭᠴᠠ ᠮᠠᠰᠢᠨ ᠲᠠᠢ ᠪᠣᠯᠵᠣ᠂ ᠴᠠᠭ ᠢᠮᠠᠭᠲᠠ ᠪᠡᠶ᠎ᠡ ᠶᠢᠨ ᠪᠠᠶᠢᠴᠠᠭᠠᠯᠲᠠ ᠬᠢᠵᠦ ᠴᠢᠳᠠᠬᠤ ᠪᠣᠯᠤᠭᠰᠠᠨ ᠪᠥᠭᠡᠳ ᠪᠠᠰᠠ ᠡᠮ ᠴᠢᠨᠠᠬᠤ ᠮᠠᠰᠢᠨ ᠪᠡᠯᠡᠭᠯᠡᠭᠰᠡᠨ ᠪᠠᠶᠢᠨ᠎ᠠ᠂ ᠠᠷᠠᠳ ᠣᠯᠠᠨ ᠬᠢᠲᠠᠳ ᠡᠮ ᠤᠤᠭᠤᠬᠤ ᠳᠤ ᠤᠳᠠᠭᠠᠨ ᠬᠦᠯᠢᠶᠡᠭᠰᠡᠨ ᠤ ᠬᠡᠷᠡᠭ ᠥᠬᠡᠶ᠂ ᠬᠡᠲᠦ ᠬᠡᠳᠦᠨ ᠡᠮ ᠴᠢᠨᠠᠬᠤ ᠮᠠᠰᠢᠨ ᠵᠡᠷᠭᠡ ᠪᠠᠷ ᠡᠮ ᠴᠢᠨᠠᠬᠤ‌‍ᠪᠤᠯᠵᠤ ᠲᠦᠷᠭᠡᠨ ᠰᠢᠭ ᠪᠠᠶᠢᠵᠤ ᠴᠢᠳᠠᠨ᠎ᠠ᠃︾ ᠭᠡᠵᠦ ᠲᠠᠢ ᠫᠢᠩ ᠰᠢᠶᠠᠩ ᠤᠨ ᠦ᠋ ᠰᠠᠨ ᠲᠣᠰᠬᠤᠨ ᠤ ᠡᠮᠴᠢ ᠢᠤᠢ ᠵᠠᠨ ᠳ᠋ᠦᠩ ᠬᠡᠯᠡᠪᠡ᠃
   ᠡᠳᠡᠭᠡᠷ ᠵᠢᠯ ᠤᠳ ᠲᠤ᠂ ᠦ᠋ ᠰᠠᠨ ᠲᠣᠰᠬᠤᠨ ᠤ ᠠᠷᠠᠳ ᠵᠣᠭᠤᠰ ᠮᠥᠩᠭᠦ ᠲᠠᠢ ᠪᠣᠯᠤᠭᠰᠠᠨ ᠢᠶᠠᠷ ᠪᠠᠷᠠᠬᠤ ᠦᠭᠡᠢ᠂ ᠨᠡᠩ ᠡᠯᠪᠡᠭ ᠪᠠᠶᠠᠯᠢᠭ ᠤᠶᠤᠨ ᠰᠠᠨᠠᠭᠠᠨ ᠤ ᠠᠮᠢᠳᠤᠷᠠᠯ ᠢ ᠬᠥᠭᠡᠭᠡᠴᠡᠯᠳᠦᠵᠦ ᠪᠠᠶᠢᠨ᠎ᠠ᠂ ᠲᠣᠰᠬᠤᠨ ᠤ ᠬᠥᠳᠡᠯᠭᠡᠭᠡᠨ ᠤ ᠲᠠᠰᠤᠭ ᠲᠤ᠂ ᠲᠣᠰᠬᠤᠨ ᠤ ᠠᠷᠠᠳ ᠪᠤᠤ ᠹᠧᠩ ᠶᠢᠩ ᠶᠠᠭ ᠪᠥᠵᠢᠭ ᠤᠨ ᠠᠩᠬᠢ ᠶᠢᠨ ᠭᠡᠰᠢᠭᠦᠳ  ᠢ ᠳᠠᠭᠠᠭᠤᠯᠤᠨ ᠲᠠᠯᠠᠪᠠᠢ ᠶᠢᠨ ᠪᠥᠵᠢᠭ ᠢᠶᠠᠨ ᠪᠣᠯᠪᠠᠰᠤᠷᠠᠵᠤ ᠪᠠᠶᠢᠨ᠎ᠠ᠂ ᠲᠡᠳᠡᠨ ᠤ ᠲᠠᠭᠠᠭᠤᠯᠭ᠎ᠠ ᠳᠣᠣᠷ᠎ᠠ᠂ ᠬᠥᠳᠡᠭᠡ ᠲᠣᠰᠬᠤᠨ ᠤ ᠰᠣᠶᠣᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠭᠰᠠᠨ ᠢᠶᠠᠷ ᠪᠠᠷᠠᠬᠤ ᠦᠭᠡᠢ ᠪᠠᠰᠠ ᠤᠯᠠᠨ ᠲᠦᠮᠡᠨ ᠤ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠲᠤ ᠦᠨᠳᠦᠰᠦᠲᠡᠨ ᠤ ᠪᠦᠯᠬᠦᠮᠳᠡᠯ ᠢ ᠠᠬᠢᠭᠤᠯᠪᠠ᠃    ︽ᠤᠳᠤ ᠮᠠᠨ ᠤ ᠡᠭᠡᠯ ᠠᠷᠠᠳ ᠤᠨ ᠠᠮᠢᠳᠤᠷᠠᠯ ᠴᠤ ᠰᠠᠶᠢᠵᠢᠷᠠᠵᠠᠢ᠂ ᠪᠢ ᠠᠵᠢᠯ ᠤᠨ ᠴᠢᠯᠥᠭᠡ ᠪᠠᠷ ᠢᠶᠠᠨ ᠤᠯᠠᠨ ᠢ ᠳᠠᠭᠠᠭᠤᠯᠤᠨ ᠪᠥᠵᠢᠭ ᠦᠰᠦᠷᠴᠦ᠂ ᠰᠦᠯᠵᠢᠶᠡᠨ ᠳᠡᠭᠡᠷ᠎ᠡ ᠰᠤᠷᠤᠯᠴᠠᠵᠤ ᠪᠠᠶᠢᠨ᠎ᠠ᠂ ᠮᠠᠨ ᠤ ᠲᠣᠰᠬᠤᠨ ᠤ ᠪᠦᠬᠦ ᠤᠳᠤᠷᠢᠳᠤᠯᠭ᠎ᠠ ᠴᠤ ᠪᠢᠳᠠᠨ ᠢ ᠶᠡᠭᠡ ᠳᠡᠮᠵᠢᠵᠦ ᠪᠠᠶᠢᠨ᠎ᠠ᠂ ᠪᠢᠳᠡᠨ ᠳᠤ ᠲᠠᠯᠠᠪᠤᠷ ᠬᠠᠩᠭᠠᠵᠤ ᠪᠠᠶᠢᠨ᠎ᠠ᠂ ᠡᠳᠦᠷ ᠪᠣᠯᠭᠠᠨ ᠬᠤᠭᠤᠯᠠ ᠢᠳᠡᠵᠦ ᠪᠠᠷᠠᠭᠠᠳ ᠤᠴᠢᠷ ᠦᠭᠡᠢ ᠤᠯᠠᠨ ᠢᠶᠠᠷ ᠢᠶᠠᠨ ᠴᠤᠭᠯᠠᠷᠠᠨ ᠪᠥᠵᠢᠭ ᠰᠤᠷᠴᠤ᠂ ᠤᠯᠠᠨ  ᠢᠶᠠᠷ ᠢᠶᠠᠨ ᠪᠠᠶᠠᠷ ᠬᠦᠷ ᠲᠠᠢ᠂ ᠡᠷᠡᠭᠦᠯ ᠰᠠᠷᠠᠭᠤᠯ ᠪᠠᠶᠢᠨ᠎ᠠ᠃︾ ᠭᠡᠵᠦ ᠲᠠᠢ ᠫᠢᠩ ᠰᠢᠶᠠᠩ ᠤᠨ ᠦ᠋ ᠰᠠᠨ ᠲᠣᠰᠬᠤᠨ  ᠤ ᠠᠷᠠᠳ  ᠪᠤᠤ ᠹᠧᠩ ᠶᠢᠩ ᠬᠡᠯᠡᠪᠡ᠃
   ᠤᠢᠢᠷ᠎ᠠ ᠶᠢᠨ ᠵᠢᠯ ᠳᠤ᠂ ᠲᠠᠢ ᠫᠢᠩ ᠰᠢᠶᠠᠩ ᠤᠨ ᠦ᠋ ᠰᠠᠨ ᠲᠣᠰᠬᠤᠨ ᠤ ᠬᠢᠨ ᠦ᠋ ᠰᠠᠨ ᠪᠣᠷᠣ ᠰᠠᠷᠢᠮᠰᠠᠭ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠬᠥᠭᠵᠢᠯᠲᠡ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠲᠣᠰᠬᠤᠨ ᠤ ᠠᠷᠠᠳ ᠢ ︽ᠴᠢᠨᠠᠷ ᠰᠠᠶᠢᠲᠠᠢ᠂ ᠥᠨᠳᠥᠷ ᠤᠨᠠᠯᠲᠠ ᠲᠠᠢ᠂ ᠥᠨᠳᠥᠷ ᠦᠷ᠎ᠡ ᠪᠦᠲᠦᠮᠵᠢᠲᠡᠢ︾ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠢᠳᠡᠪᠬᠢᠲᠡᠢ ᠬᠦᠳᠦᠯᠥᠨ ᠳᠠᠭᠠᠭᠤᠯᠵᠤ᠂ ︽ᠬᠡᠪᠴᠢᠶᠡᠵᠢᠭᠰᠡᠨ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠲᠠᠢ᠂ ᠲᠦᠷᠦᠯ ᠲᠡᠮᠳᠡᠭᠵᠢᠭᠰᠡᠨ︾ ᠬᠥᠭᠵᠢᠯᠲᠡ ᠶᠢᠨ ᠬᠠᠷᠠᠯᠲᠠ ᠶᠢ ᠲᠣᠭᠲᠠᠭᠠᠵᠤ᠂ ᠡᠷᠦᠬᠡ ᠪᠣᠯᠭᠠᠨ ︽ᠪᠣᠷᠣ ᠰᠠᠷᠢᠮᠰᠠᠭ + ᠴᠠᠭᠠᠨ ᠨᠣᠭᠤᠭ᠎ᠠ︾ ᠲᠠᠷᠢᠬᠤ ᠵᠠᠭᠪᠤᠷ ᠢᠶᠠᠷ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠵᠦ᠂ ᠣᠳᠣᠬᠠᠨ ᠳᠤ ᠪᠦᠬᠦ ᠲᠣᠰᠬᠤᠨ ᠳᠤ ᠨᠡᠶᠢᠳᠡ 150 ᠲᠠᠷᠢᠮᠠᠯ ᠤᠨ ᠡᠷᠦᠬᠡ ᠲᠠᠢ᠂ ᠶᠡᠷᠦᠩᠬᠡᠢ ᠲᠠᠯᠠᠪᠠᠢ ᠨᠢ 210 ᠭᠠᠷᠤᠢ ᠮᠦ ᠳᠤ ᠬᠦᠷᠴᠦ᠂ ᠵᠢᠯ ᠳᠤ 400 ᠲᠦᠮᠡᠨ ᠰᠠᠷᠢᠮᠰᠠᠭ ᠦᠢᠯᠡᠳᠪᠦᠷᠢᠯᠡᠵᠦ᠂ ᠮᠦ ᠪᠦᠷᠢ ᠶᠢᠨ ᠣᠷᠣᠯᠭ᠎ᠠ ᠨᠢ 1 ᠲᠦᠮᠡ ᠭᠠᠷᠤᠢ ᠲᠥᠭᠦᠷᠢᠭ ᠲᠤ ᠬᠦᠷᠴᠡᠢ᠃
    ᠲᠠᠢ ᠫᠢᠩ ᠰᠢᠶᠠᠩ ᠤᠨ ᠦ᠋ ᠰᠠᠨ ᠲᠣᠰᠬᠤᠨ ᠤ ᠨᠠᠮ ᠤᠨ ᠡᠭᠦᠷ ᠤᠨ ᠱᠦᠵᠢ ᠴᠧᠨ ᠳ᠋ᠧ ᠴᠢᠤᠸᠠᠨ᠄ ︽ᠮᠠᠨ  ᠤ ᠦ᠋ ᠰᠠᠨ ᠲᠣᠰᠬᠤᠨ ᠤ ᠪᠦᠬᠦ ᠣᠷᠣᠨ ᠪᠦᠰᠡ ᠶᠢᠨ ᠲᠠᠯᠠᠪᠠᠢ 19.8 ᠲᠡᠭᠰᠢ ᠳᠥᠷᠪᠡᠯᠵᠢᠨ ᠺᠢᠯᠤᠮᠧᠲᠷ᠂ ᠮᠠᠨ ᠤ ᠭᠠᠵᠠᠷ ᠰᠢᠷᠣᠢ 8444 ᠮᠦ᠂ ᠬᠥᠮᠦᠨ ᠪᠦᠷᠢ ᠳᠤᠮᠳᠠᠴᠢ ᠪᠠᠷ 8 ᠮᠦ ᠣᠷᠴᠢᠮ ᠪᠠᠶᠢᠨ᠎ᠠ᠂ ᠮᠠᠨ ᠤ ᠦ᠋ ᠰᠠᠨ ᠲᠣᠰᠬᠤᠨ ᠤ ᠠᠵᠤ ᠦᠢᠯᠡᠰ ᠪᠣᠯ ᠬᠤᠶᠠᠷ ᠲᠦᠷᠦᠯ ᠢᠶᠠᠷ ᠭᠤᠣᠯᠯᠠᠭᠤᠯᠵᠤ ᠪᠠᠶᠢᠨ᠎ᠠ᠂ ᠨᠢᠭᠡ ᠨᠢ ᠬᠦᠷᠢᠶ᠎ᠡ ᠬᠠᠰᠢᠶᠠᠨ  ᠤ ᠠᠵᠤ ᠠᠬᠤᠢ᠂ ᠨᠦᠭᠦᠭᠡ ᠨᠢ ᠦᠬᠡᠷ ᠪᠣᠯᠤᠨ ᠬᠤᠨᠢ ᠲᠡᠵᠢᠭᠡᠨ ᠦᠷᠡᠵᠢᠭᠦᠯᠵᠦ ᠪᠠᠶᠢᠨ᠎ᠠ᠂ ᠤᠢᠢᠷ᠎ᠠ ᠶᠢᠨ ᠬᠡᠳᠦᠨ ᠵᠢᠯ ᠳᠤ᠂ ᠪᠢᠳᠡ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠬᠠᠪᠰᠤᠷᠤᠯᠭ᠎ᠠ ᠳᠡᠮᠵᠢᠯᠭᠡ ᠳᠤ ᠲᠦᠰᠢᠭᠯᠡᠵᠦ᠂ ᠮᠠᠨ ᠤ ᠦ᠋ ᠰᠠᠨ ᠲᠣᠰᠬᠤᠨ ᠤ ᠬᠦᠷᠢᠶ᠎ᠡ ᠬᠠᠰᠢᠶᠠᠨ ᠤ ᠠᠵᠤ ᠠᠬᠤᠢ ᠶᠢ ᠮᠠᠰᠢ ᠰᠠᠶᠢᠲᠤᠷ ᠬᠥᠭᠵᠢᠭᠦᠯᠵᠦ᠂ ᠳᠠᠷᠠᠭ᠎ᠠ ᠵᠢᠯ ᠶᠡᠭᠡ ᠡᠷᠴᠢᠮ ᠢᠶᠠᠷ ᠲᠠᠷᠢᠮᠠᠯ ᠤᠨ ᠡᠷᠦᠭᠡ ᠶᠢ ᠨᠡᠮᠡᠭᠳᠡᠭᠦᠯᠵᠦ᠂ ᠡᠷᠦᠬᠡ ᠪᠦᠷᠢ ᠶᠢ ᠳᠤᠮᠳᠠᠴᠢ ᠪᠠᠷ 1 ᠲᠦᠮᠡᠨ ᠲᠥᠭᠦᠷᠢᠭ ᠲᠤ ᠬᠦᠷᠭᠡᠨ᠎ᠡ︾ ᠭᠡᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号