ᠲᠥᠪ ᠪᠠᠩᠬᠢ ᠶᠢᠨ ᠬᠠᠮᠤᠭ ᠤᠨ ᠰᠢᠨ᠎ᠡ ᠨᠡᠶᠢᠲᠡᠯᠡᠯ︕ ᠬᠦᠦ ᠮᠥᠩᠭᠦ ᠶᠢᠨ ᠨᠣᠷᠮ᠎ᠠ ᠪᠠᠭᠤᠷᠠᠭᠤᠯᠬᠤ ᠲᠠᠢ ᠬᠤᠯᠪᠣᠭᠳᠠᠨ᠎ᠠ
ᠨᠡᠶᠢᠲᠡᠯᠡᠭᠰᠡᠨ ᠴᠠᠭ᠄
2024/12/18
   ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠠᠯᠪᠠᠨ ᠰᠦᠯᠵᠢᠶ᠎ᠡ ᠥᠨᠥᠳᠦᠷ ᠮᠡᠳᠡᠭᠡ ᠨᠡᠶᠢᠲᠡᠯᠡᠵᠦ᠂ 12 ᠰᠠᠷ᠎ᠠ ᠶᠢᠨ 16 ᠤ ᠡᠳᠦᠷ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠨᠠᠮ ᠤᠨ ᠬᠤᠷᠢᠶ᠎ᠠ ᠬᠤᠷᠠᠯ ᠬᠤᠷᠠᠯᠳᠤᠭᠤᠯᠪᠠ ᠬᠡᠵᠡᠢ᠃    ᠬᠤᠷᠠᠯ ᠠᠴᠠ᠂ ᠳᠣᠣᠷᠠᠬᠢ ᠠᠵᠢᠯ ᠤᠨ ᠡᠭᠦᠷᠭᠡ ᠶᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠄ ᠨᠢᠭᠡ ᠳᠤ᠂ ᠵᠣᠬᠢᠰᠲᠠᠢ ᠠᠭᠤᠵᠢᠭᠤ ᠲᠠᠯᠪᠢᠬᠤ ᠵᠣᠭᠤᠰᠣᠨ ᠤ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠵᠢᠭᠦᠯᠦᠨ᠎ᠡ᠃ ᠵᠣᠭᠤᠰᠣᠨ ᠤ ᠲᠥᠷᠥ ᠶᠢᠨ ᠪᠣᠳᠣᠯᠭ᠎ᠠ ᠶᠢᠨ ᠣᠯᠠᠨ ᠵᠤᠶᠢᠯ ᠤᠨ ᠪᠠᠭᠠᠵᠢ ᠶᠢ ᠶᠡᠷᠦᠩᠬᠡᠶᠢᠯᠡᠨ ᠬᠡᠷᠡᠭᠯᠡᠵᠦ᠂ ᠪᠡᠯᠡᠳᠬᠡᠯ ᠮᠥᠩᠭᠦ ᠶᠢᠨ ᠨᠣᠷᠮ᠎ᠠ ᠪᠠ ᠬᠦᠦ ᠮᠥᠩᠭᠦ ᠶᠢ ᠴᠠᠭ ᠲᠤᠨᠢ ᠲᠣᠬᠢᠷᠠᠭᠤᠯᠤᠨ ᠪᠠᠭᠤᠷᠠᠭᠤᠯᠵᠤ᠂ ᠪᠠᠩᠬᠢ ᠶᠢᠨ ᠪᠦᠲᠦᠮᠵᠢᠲᠡᠶ ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠭᠦᠶᠴᠡᠳ ᠬᠠᠩᠭᠠᠬᠤ ᠶᠢ ᠬᠥᠲᠥᠯᠥᠨ ᠵᠢᠯᠣᠭᠤᠳᠴᠤ᠂ ᠢᠲᠡᠭᠡᠮᠵᠢᠲᠦ ᠵᠢᠭᠡᠯᠡᠯᠭᠡ ᠶᠢᠨ ᠨᠡᠮᠡᠭᠳᠡᠯ ᠤᠨ ᠲᠣᠭᠲᠠᠪᠤᠷᠢᠲᠤ ᠴᠢᠨᠠᠷ ᠢ ᠴᠢᠩᠭᠠᠷᠠᠭᠤᠯᠤᠨ᠎ᠠ᠃ ᠬᠦᠦ ᠮᠥᠩᠭᠦ ᠶᠢᠨ ᠨᠣᠷᠮ᠎ᠠ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠪᠠ ᠳᠠᠮᠵᠢᠭᠤᠯᠭ᠎ᠠ ᠶᠢ ᠴᠢᠩᠭᠠᠷᠠᠭᠤᠯᠵᠤ᠂ ᠨᠡᠶᠢᠭᠡᠮ ᠤᠨ ᠶᠡᠷᠦᠩᠬᠡᠶᠢᠯᠡᠭᠰᠡᠨ ᠪᠠᠯᠠ ᠬᠤᠷᠠᠮᠳᠤᠯᠭ᠎ᠠ ᠶᠢᠨ ᠥᠪᠡᠷ ᠤᠨ ᠥᠷᠲᠡᠭ ᠤᠨ ᠲᠣᠭᠲᠠᠭᠤᠨ ᠤ ᠳᠤᠮᠳᠠ ᠪᠠᠭᠤᠷᠠᠬᠤ ᠶᠢ ᠠᠬᠢᠭᠤᠯᠤᠨ᠎ᠠ᠃ ᠬᠤᠶᠠᠷ ᠲᠤ ᠴᠢᠨᠠᠷ ᠰᠠᠶᠢᠲᠠᠶ ᠬᠥᠭᠵᠢᠯᠲᠡ ᠶᠢᠨ ᠭᠤᠤᠯᠳᠠᠯᠭ᠎ᠠ ᠲᠠᠢ ᠬᠦᠷᠢᠶ᠎ᠡ ᠪᠠ ᠪᠠᠭᠤᠷᠠᠶ ᠭᠤᠭᠴᠤᠭ᠎ᠠ ᠶᠢ ᠨᠠᠩ ᠰᠠᠶᠢᠲᠤᠷ ᠳᠡᠮᠵᠢᠨ᠎ᠡ᠃ ᠭᠤᠷᠪᠠ ᠳᠤ ᠭᠤᠣᠯᠳᠠᠯᠭ᠎ᠠ ᠲᠠᠢ ᠬᠦᠷᠢᠶᠡᠨ ᠳᠠᠬᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠯᠠᠪᠳᠠᠭᠤᠨ ᠪᠦᠲᠦᠮᠵᠢᠲᠡᠢ ᠰᠡᠷᠭᠡᠶᠢᠯᠡᠨ ᠠᠷᠢᠯᠭᠠᠨ᠎ᠠ᠃ ᠳᠥᠷᠪᠡ ᠳᠤ ᠮᠥᠩᠭᠦᠨ ᠭᠦ‍‌ᠵᠯᠭᠡᠭᠡᠨ ᠤ ᠥᠭᠡᠷᠡᠴᠢᠯᠡᠯᠲᠡ ᠪᠠ ᠥᠨᠳᠥᠷ ᠲᠦᠪᠰᠢᠨ ᠪᠥᠬᠦᠶ ᠨᠡᠭᠡᠭᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠲᠠᠪᠤ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠤᠨ᠎ᠠ ᠭᠡᠵᠦ ᠴᠢᠬᠤᠯᠠᠴᠢᠯᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号