10 ᠡᠳᠦᠷ ᠪᠣᠯᠭᠠᠨ ᠤᠷᠲᠤᠳᠬᠠᠵᠤ᠂ 24 ᠮᠤᠵᠢ ᠣᠷᠣᠨ ᠢ ᠬᠠᠮᠤᠷᠪᠠ︕
ᠨᠡᠶᠢᠲᠡᠯᠡᠭᠰᠡᠨ ᠴᠠᠭ᠄
2024/12/18
   ᠤᠯᠤᠰ ᠤᠨ ᠨᠡᠭᠦᠳᠡᠯᠴᠢᠨ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠥᠨᠥᠳᠦᠷ ᠠᠯᠪᠠᠨ ᠵᠠᠷ ᠨᠡᠶᠢᠲᠡᠯᠡᠵᠦ᠂ 12 ᠰᠠᠷ᠎ᠠ ᠶᠢᠨ 17 ᠤ ᠡᠳᠦᠷ ᠠᠴᠠ ᠡᠬᠢᠯᠡᠨ ᠬᠢᠯᠢ ᠪᠠᠷ ᠥᠩᠭᠡᠷᠡᠬᠦ ᠸᠢᠰᠠ ᠲᠠᠮᠠᠭᠠᠯᠠᠬᠤ ᠶᠢ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠠᠭᠤᠵᠢᠭᠤ ᠲᠠᠯᠪᠢᠵᠤ ᠰᠢᠯᠢᠳᠡᠭᠵᠢᠭᠦᠯᠦᠨ᠂ ᠬᠢᠯᠢ ᠪᠠᠷ ᠥᠩᠭᠡᠷᠡᠬᠦ ᠸᠢᠰᠠ ᠲᠠᠮᠠᠭᠠᠯᠠᠬᠤ ᠶᠢ ᠭᠡᠯᠳᠦᠷᠢᠭᠦᠯᠦᠭᠰᠡᠨ ᠭᠠᠳᠠᠭᠠᠳᠤ ᠶᠢᠨ ᠬᠥᠮᠦᠨ ᠤ ᠬᠢᠯᠢ ᠶᠢᠨ ᠳᠣᠲᠣᠷ᠎ᠠ ᠰᠠᠭᠠᠲᠠᠬᠤ ᠴᠠᠭ ᠢ ᠤᠤᠯ ᠤᠨ 72 ᠴᠠᠭ ᠪᠠ 144 ᠴᠠᠭ ᠪᠠᠶᠢᠭᠰᠠᠨ ᠢ ᠴᠥᠮ 240 ᠴᠠᠭ ︵10 ᠡᠳᠦᠷ︶ ᠪᠣᠯᠭᠠᠨ ᠤᠷᠲᠤᠳᠬᠠᠬᠤ ᠶᠢᠨ ᠬᠠᠮᠲᠤ 21 ᠪᠣᠭᠤᠮᠲᠠ ᠶᠢ ᠬᠢᠯᠢ ᠪᠠᠷ ᠥᠩᠭᠡᠷᠡᠬᠦ ᠸᠢᠰᠠ ᠲᠠᠮᠠᠭᠠᠯᠠᠬᠤ ᠶᠢ ᠭᠡᠯᠳᠦᠷᠢᠭᠦᠯᠦᠭᠰᠡᠨ ᠬᠥᠮᠦᠰ ᠤᠨ ᠬᠢᠯᠢ ᠪᠠᠷ ᠣᠷᠣᠵᠤ ᠭᠠᠷᠬᠤ ᠪᠣᠭᠤᠮᠲᠠ ᠪᠣᠯᠭᠠᠭᠰᠠᠨ ᠪᠥᠭᠡᠳ ᠰᠠᠭᠠᠲᠠᠬᠤ ᠠᠵᠢᠯᠯᠠᠭ᠎ᠠ ᠶᠢᠨ ᠣᠷᠣᠨ ᠪᠦᠰᠡ ᠶᠢ ᠤᠯᠠᠮ ᠴᠢᠨᠠᠬᠰᠢᠳᠠ ᠥᠷᠭᠡᠳᠬᠡᠪᠡ᠃    ᠨᠥᠬᠦᠴᠡᠯ ᠳᠤ ᠨᠡᠶᠢᠴᠡᠬᠦ ᠣᠷᠣᠰ᠂ ᠪᠷᠠᠽᠢᠯ᠂ ᠠᠩᠭ᠍ᠯᠢ᠂ ᠠᠮᠧᠷᠢᠺᠠ᠂ ᠺᠠᠨᠠᠳᠠ ᠵᠡᠷᠭᠡ 54 ᠤᠯᠤᠰ ᠤᠨ ᠬᠥᠮᠦᠰ ᠳᠤᠮᠳᠠᠳᠤ ᠤᠯᠤᠰ ᠤᠨ ᠬᠢᠯᠢ ᠪᠠᠷ ᠥᠩᠭᠡᠷᠡᠨ ᠭᠤᠷᠪᠠᠳᠠᠬᠢ ᠤᠯᠤᠰ ︵ᠭᠠᠵᠠᠷ ᠣᠷᠣᠨ︶ ᠲᠤ ᠤᠴᠢᠬᠤ  ᠳᠤ᠂ 24 ᠮᠤᠵᠢ ︵ᠣᠷᠣᠨ᠂ ᠬᠤᠲᠠ︶ ᠶᠢᠨ 60 ᠭᠠᠳᠠᠭᠠᠳᠤ ᠨᠡᠭᠡᠭᠡᠯᠲᠡ ᠶᠢᠨ ᠪᠣᠭᠤᠮᠲᠠ ᠶᠢᠨ ᠳᠣᠲᠣᠷᠠᠬᠢ ᠠᠯᠢ ᠨᠢᠭᠡ ᠪᠣᠭᠤᠮᠲᠠ ᠨᠢ ᠴᠤ ᠸᠢᠰᠠ ᠲᠠᠮᠠᠭᠠᠯᠠᠬᠤ ᠥᠬᠡᠶ ᠪᠠᠷ ᠳᠤᠮᠳᠠᠳᠤ ᠤᠯᠤᠰ ᠲᠤ ᠢᠷᠡᠵᠦ ᠪᠣᠯᠬᠤ ᠪᠥᠭᠡᠳ ᠲᠣᠭᠲᠠᠭᠰᠠᠨ ᠣᠷᠣᠨ ᠪᠦᠰᠡ ᠳᠤ 240 ᠴᠠᠭ ᠠᠴᠠ ᠬᠡᠲᠦᠷᠡᠬᠦ ᠥᠬᠡᠶ ᠰᠠᠭᠠᠳᠠᠵᠤ ᠪᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号