ᠲᠦᠴᠢᠦᠸᠠᠨ ᠰᠢᠶᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠰᠢᠨᠵᠢᠯᠡᠭᠡᠨ ᠤ ᠰᠠᠯᠠᠭ᠎ᠠ ᠶᠢᠨ ᠠᠵᠢᠯ ᠤᠨ ᠪᠠᠶᠢᠷᠢ ᠲᠠᠭᠠᠭᠰᠠᠨ ᠪᠠᠭᠰᠢ ᠶᠢᠨ ᠠᠵᠢᠯ ᠤᠨ ᠪᠠᠶᠢᠷᠢ ᠳᠤ ᠪᠠᠨ ᠪᠤᠴᠠᠭᠰᠠᠨ ᠳ᠋ᠦᠩᠨᠡᠯᠲᠡ ᠬᠢᠵᠦ ᠬᠠᠷᠢᠭᠤ ᠮᠡᠳᠡᠭᠦᠯᠬᠦ ᠢᠯᠡ ᠬᠢᠴᠢᠶᠡᠯ ᠤᠨ ᠠᠵᠢᠯᠯᠠᠭ᠎ᠠ
ᠨᠡᠶᠢᠲᠡᠯᠡᠭᠰᠡᠨ ᠴᠠᠭ᠄
2024/12/19
   ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ︾ ᠶᠢᠨ ᠲᠥᠰᠦᠯ ᠪᠠ ︽ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ︿ᠪᠤᠯᠪᠠᠰᠤᠷᠠᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠴᠢᠩᠭᠠᠳᠬᠠᠵᠤ  ᠪᠤᠯᠪᠠᠰᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠠᠭᠰᠢ ᠶᠢᠨ ᠲᠤᠰᠬᠠᠶ ᠮᠡᠷᠭᠡᠵᠢᠯ ᠤᠨ ᠪᠣᠶᠢᠵᠢᠯᠲᠠ ᠶᠢ ᠠᠬᠢᠭᠤᠯᠬᠤ ᠶᠢᠨ ᠲᠥᠯᠥᠭᠡ᠂ ᠲᠦᠴᠢᠦᠸᠠᠨ ᠰᠢᠶᠠᠨ 2024 ᠣᠨ ᠤ 12 ᠰᠠᠷ᠎ᠠ  ᠶᠢᠨ 17 ᠤ ᠡᠳᠦᠷ ᠰᠡᠳᠬᠢᠴᠡ ᠶᠢᠨ ᠡᠷᠡᠭᠦᠯ ᠮᠡᠨᠳᠦ ᠶᠢᠨ ᠰᠢᠨᠵᠢᠯᠡᠭᠡᠨ ᠤ ᠰᠠᠯᠠᠭ᠎ᠠ ᠶᠢᠨ ᠠᠵᠢᠯ ᠤᠨ ᠪᠠᠶᠢᠷᠢ ᠶᠢᠨ ᠪᠠᠭᠰᠢ ᠶᠢᠨ ᠠᠵᠢᠯ ᠤᠨ ᠪᠠᠶᠢᠷᠢ ᠳᠠᠭᠠᠨ ᠪᠤᠴᠠᠭᠰᠠᠨ ᠳ᠋ᠦᠩᠨᠡᠯᠲᠡ ᠬᠢᠵᠦ ᠬᠠᠷᠢᠭᠤ ᠮᠡᠳᠡᠭᠦᠯᠬᠦ ᠢᠯᠡ ᠬᠢᠴᠢᠶᠡᠯ ᠤᠨ ᠠᠵᠢᠯᠯᠠᠭ᠎ᠠ ᠶᠢ ᠥᠷᠨᠢᠭᠦᠯᠪᠡ᠃ ᠲᠦᠴᠢᠦᠸᠠᠨ ᠰᠢᠶᠠᠨ ᠤ ᠳᠡᠳ᠋ ᠳᠠᠷᠤᠭ᠎ᠠ ᠪᠤᠤ ᠬᠤᠩ ᠶᠢᠩ᠂ ᠰᠤᠷᠭᠠᠨ ᠬᠥᠮᠦᠵᠢᠯ  ᠤᠨ ᠲᠣᠪᠴᠢᠶᠠᠨ ᠤ ᠳᠠᠷᠤᠭ᠎ᠠ ᠯᠢᠦ ᠰᠢᠩ ᠲᠢᠶᠠᠨ᠂ ᠳᠡᠳ᠋ ᠲᠣᠪᠴᠢᠶᠠᠨ ᠳᠠᠷᠤᠭ᠎ᠠ ᠰᠢᠤᠢ ᠯᠸᠢ᠂ ᠰᠤᠳᠤᠯᠤᠨ ᠰᠤᠷᠤᠯᠴᠠᠬᠤ ᠲᠥᠪ ᠤᠨ ᠡᠷᠬᠢᠯᠡᠭᠴᠢ ᠼᠦᠢ ᠵᠢᠶᠠᠨ᠂ ᠳᠡᠳ᠋ ᠡᠷᠬᠢᠯᠡᠭᠴᠢ ᠵᠢᠶᠠᠩ ᠸᠧᠶ ᠪᠦ᠋ᠦ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠠᠬᠢᠷᠤᠯ ᠯᠢᠦ ᠬᠤᠩ ᠰᠥᠩ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠠᠬᠢᠷᠤᠯ ᠲᠢᠶᠠᠨ ᠸᠧᠶ ᠰᠢᠨ ᠵᠢᠴᠢ ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠡᠳᠬᠢᠴᠡ ᠶᠢᠨ ᠡᠷᠡᠭᠦᠯ ᠮᠡᠨᠳᠦ  ᠶᠢᠨ ᠬᠥᠮᠦᠵᠢᠯ ᠢ ᠭᠤᠤᠯᠯᠠᠨ ᠬᠠᠮᠢᠶᠠᠷᠬᠤ ᠳᠡᠳ᠋ ᠵᠠᠬᠢᠷᠤᠯ᠂ ᠰᠡᠳᠬᠢᠴᠡ ᠶᠢᠨ ᠡᠷᠡᠭᠦᠯ ᠮᠡᠨᠳᠦ ᠶᠢᠨ ᠪᠠᠭᠰᠢ᠂ ᠠᠩᠭᠢ  ᠶᠢᠨ ᠡᠷᠬᠢᠯᠡᠭᠴᠢ ᠶᠢᠨ ᠲᠥᠯᠥᠭᠡᠯᠡᠭᠴᠢ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃
   ᠣᠶᠤᠨ ᠰᠠᠨᠠᠭᠠᠨ ᠤ ᠬᠢᠴᠢᠶᠡᠯ ᠤᠨ ᠲᠠᠩᠬᠢᠮ ᠬᠡᠷᠡᠯ ᠭᠢᠯᠪᠠᠭ᠎ᠠ ᠰᠠᠴᠤᠷᠠᠭᠤᠯᠵᠤ᠂ ᠵᠢᠭᠠᠨ ᠰᠤᠷᠭᠠᠯᠲᠠ ᠬᠠᠷᠢᠯᠴᠠᠨ ᠳᠡᠪᠰᠢᠵᠦ ᠰᠢᠨ᠎ᠡ ᠠᠶᠠᠨ ᠢᠶᠠᠨ ᠡᠬᠢᠯᠡᠭᠦᠯᠦᠨ᠎ᠡ    ᠢᠯᠡ ᠬᠢᠴᠢᠶᠡᠯ ᠤᠨ ᠦᠵᠡᠭᠦᠯᠦᠯᠭᠡ ᠶᠢᠨ ᠭᠤᠭᠴᠤᠭ᠎ᠠ ᠪᠣᠯ ᠲᠣᠰ ᠤᠳᠠᠭᠠᠨ ᠤ ᠠᠵᠢᠯ ᠤᠨ ᠪᠠᠶᠢᠷᠢ ᠳᠠᠭᠠᠨ ᠪᠤᠴᠠᠬᠤ ᠬᠠᠷᠢᠭᠤ ᠮᠡᠳᠡᠭᠦᠯᠦᠯᠲᠡ ᠶᠢᠨ ᠠᠵᠢᠯᠯᠠᠭ᠎ᠠ ᠶᠢᠨ ᠴᠢᠬᠤᠯᠠ ᠬᠡᠰᠡᠭ ᠪᠣᠯᠤᠨ᠎ᠠ᠃ ᠠᠵᠢᠯ ᠤᠨ ᠪᠠᠶᠢᠷᠢ ᠳᠠᠭᠠᠨ ᠪᠤᠴᠠᠭᠰᠠᠨ ᠪᠠᠭᠰᠢ ᠨᠠᠷ ᠰᠡᠳᠬᠢᠯ ᠲᠠᠯᠪᠢᠨ ᠪᠡᠯᠡᠳᠬᠡᠵᠦ᠂ ᠠᠵᠢᠯ ᠤᠨ ᠪᠠᠶᠢᠷᠢ ᠲᠠᠭᠠᠭᠠᠵᠤ ᠰᠤᠷᠤᠯᠴᠠᠬᠤ ᠬᠤᠭᠤᠴᠠᠭᠠᠨ ᠳᠤ ᠣᠯᠤᠭᠰᠠᠨ ᠲᠡᠷᠢᠭᠦᠨ ᠤ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠪᠣᠯᠤᠨ ᠵᠢᠭᠠᠨ ᠰᠤᠷᠭᠠᠬᠤ ᠠᠷᠭ᠎ᠠ ᠶᠢ ᠬᠢᠴᠢᠶᠡᠯ ᠤᠨ ᠲᠠᠩᠬᠢᠮ ᠳᠤ ᠠᠭᠤᠰᠬᠠᠨ ᠣᠷᠣᠭᠤᠯᠤᠨ᠎ᠠ᠃ ᠬᠢᠴᠢᠶᠡᠯ ᠳᠡᠭᠡᠷ᠎ᠡ᠂ ᠪᠠᠭᠰᠢ ᠨᠠᠷ ᠠᠮᠢᠳᠤᠯᠢᠭ ᠬᠡᠷᠡᠭ ᠤᠨ ᠵᠢᠱᠢᠶ᠎ᠡ ᠣᠷᠣᠭᠤᠯᠤᠨ ᠠᠪᠴᠢᠷᠠᠬᠤ᠂ ᠡᠯᠪᠡᠭ ᠪᠠᠶᠠᠯᠢᠭ ᠦᠶᠯᠡᠳᠦᠯᠴᠡᠬᠦ ᠭᠤᠭᠴᠤᠭ᠎ᠠ ᠵᠢᠴᠢ ᠭᠦᠨᠵᠡᠭᠡᠶ ᠰᠡᠳᠬᠢᠴᠡ ᠶᠢᠨ ᠵᠢᠯᠣᠭᠤᠳᠣᠯᠭ᠎ᠠ ᠪᠠᠷ ᠳᠠᠮᠵᠢᠭᠤᠯᠤᠨ᠂ ᠰᠤᠷᠤᠭᠴᠢᠳ ᠢ ᠳᠠᠭᠠᠭᠤᠯᠤᠨ ᠳᠣᠲᠣᠭᠠᠳᠤ ᠰᠡᠳᠬᠢᠯ ᠤᠨ ᠶᠢᠷᠲᠢᠨᠴᠦ ᠶᠢ ᠬᠠᠶᠢᠨ ᠰᠦᠪᠡᠭᠴᠢᠯᠡᠵᠦ᠂ ᠦᠷᠭᠦᠯᠵᠢ ᠲᠣᠬᠢᠶᠠᠯᠳᠤᠳᠠᠭ ᠰᠡᠳᠬᠢᠴᠡ ᠶᠢᠨ ᠲᠥᠭᠡᠷᠢᠭᠳᠡᠯ ᠢ ᠰᠢᠶᠳᠪᠦᠷᠢᠯᠡᠨ᠎ᠡ᠂ ᠵᠢᠱᠢᠶᠡᠯᠡᠪᠡᠯ ᠥᠪᠡᠷ ᠢ ᠪᠠᠨ ᠲᠠᠨᠢᠬᠤ᠂ ᠬᠡᠷ ᠤᠨ ᠬᠥᠮᠦᠰ ᠤᠨ ᠬᠠᠶᠢᠷ᠎ᠠ ᠰᠡᠳᠬᠢᠯᠭᠡ᠂ ᠳᠠᠷᠤᠯᠲᠠ  ᠶᠢ ᠠᠷᠭᠠᠴᠠᠬᠤ ᠵᠡᠷᠭᠡ᠃ ᠰᠤᠷᠤᠭᠴᠢᠳ ᠢᠳᠡᠪᠬᠢᠲᠡᠶ ᠣᠷᠣᠯᠴᠠᠵᠤ᠂ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠬᠥᠭᠵᠢᠶᠡᠨᠲᠡᠶ ᠪᠠᠶᠢᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠬᠢᠴᠢᠶᠡᠯ ᠤᠨ ᠥᠪᠡᠷᠮᠢᠴᠡ ᠷᠢᠳᠢ ᠰᠢᠳᠢ ᠶᠢ ᠭᠦᠶᠴᠡᠳ ᠢᠯᠡᠷᠡᠭᠦᠯᠪᠡ᠃ ᠡᠲᠡᠭᠡᠷ ᠢᠯᠡ ᠬᠢᠴᠢᠶᠡᠯ ᠨᠢ ᠠᠵᠢᠯ ᠤᠨ ᠪᠠᠶᠢᠷᠢ ᠶᠢᠨ ᠪᠠᠭᠰᠢ ᠶᠢᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠪᠤᠰᠤᠳ ᠪᠠᠭᠰᠢ  ᠳᠤ ᠯᠠᠪᠯᠠᠯᠲᠠ ᠪᠣᠯᠭᠠᠵᠤ ᠪᠣᠯᠬᠤ ᠵᠢᠭᠠᠨ ᠰᠤᠷᠭᠠᠯᠲᠠ ᠶᠢᠨ ᠥᠯᠢᠭᠡᠷ ᠵᠢᠱᠢᠶ᠎ᠡ ᠶᠢ ᠬᠠᠩᠭᠠᠭᠰᠠᠨ ᠪᠠᠶᠢᠨ᠎ᠠ᠃
   ᠲᠤᠷᠰᠢᠯᠭ᠎ᠠ ᠶᠢᠨ ᠠᠭᠤᠰᠤᠯᠴᠠᠯ ᠢᠶᠠᠷ ᠦᠰᠦᠨ ᠪᠣᠶᠢᠵᠢᠯᠲᠠ ᠶᠢ ᠠᠬᠢᠭᠤᠯᠵᠤ᠂ ᠰᠤᠷᠭᠠᠨ ᠬᠥᠮᠦᠵᠢᠯ ᠤᠨ ᠣᠶᠤᠨ ᠤᠬᠠᠭᠠᠨ ᠢ ᠬᠠᠮᠲᠤ ᠪᠠᠷ ᠤᠯᠠᠮᠵᠢᠯᠠᠨ᠎ᠠ    ᠬᠢᠴᠢᠶᠡᠯ ᠶᠠᠷᠢᠬᠤ ᠵᠢᠴᠢ ᠠᠵᠢᠯ ᠤᠨ ᠪᠠᠶᠢᠷᠢ ᠲᠠᠭᠠᠭᠰᠠᠨ ᠲᠤᠷᠰᠢᠯᠭ᠎ᠠ ᠶᠢ ᠬᠤᠪᠢᠶᠠᠨ ᠡᠳ᠋ᠯᠡᠬᠦ ᠭᠤᠭᠴᠤᠭ᠎ᠠ ᠳᠤ ᠂ ᠠᠵᠢᠯ ᠤᠨ ᠪᠠᠶᠢᠷᠢ ᠳᠠᠭᠠᠨ ᠪᠤᠴᠠᠭᠰᠠᠨ ᠪᠠᠭᠰᠢ ᠨᠠᠷ ᠥᠪᠡᠷ ᠤᠨ ᠳᠡᠯᠭᠡᠨ ᠦᠵᠡᠭᠦᠯᠦᠭᠰᠡᠨ ᠢᠯᠡ ᠬᠢᠴᠢᠶᠡᠯ ᠤᠨ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠶᠢᠨ ᠰᠡᠳᠬᠢᠴᠡ ᠪᠠᠨ ᠭᠦᠨᠵᠡᠭᠡᠢ ᠵᠠᠳᠠᠯᠤᠨ ᠰᠢᠨᠵᠢᠯᠡᠪᠡ᠂ ᠡᠭᠦᠨ ᠳᠤ ᠵᠢᠭᠠᠨ ᠰᠤᠷᠭᠠᠯᠲᠠ ᠶᠢᠨ ᠬᠠᠷᠠᠯᠲᠠ ᠶᠢ ᠲᠣᠭᠲᠠᠭᠠᠬᠤ᠂ ᠵᠢᠭᠠᠨ ᠰᠤᠷᠭᠠᠯᠲᠠ ᠶᠢᠨ ᠭᠤᠣᠯᠳᠠᠯᠭ᠎ᠠ ᠬᠦᠴᠢᠷ ᠠᠰᠠᠭᠤᠳᠠᠯ  ᠢ ᠡᠵᠡᠮᠳᠡᠬᠦ᠂ ᠵᠢᠭᠠᠨ ᠰᠤᠷᠭᠠᠯᠲᠠ ᠶᠢᠨ ᠠᠷᠭ᠎ᠠ ᠶᠢ ᠰᠣᠩᠭᠤᠬᠤ ᠵᠢᠴᠢ ᠵᠢᠭᠠᠨ ᠰᠤᠷᠭᠠᠯᠲᠠ ᠶᠢᠨ ᠶᠠᠪᠤᠴᠠ ᠶᠢ ᠬᠡᠷᠡᠭᠵᠢᠭᠦᠯᠬᠦ ᠵᠡᠷᠭᠡ ᠲᠠᠯ᠎ᠠ ᠪᠠᠭᠲᠠᠨ᠎ᠠ᠃ ᠡᠭᠦᠨ ᠤ ᠬᠠᠮᠲᠤ᠂ ᠲᠠᠳᠠ ᠠᠵᠢᠯ ᠤᠨ ᠪᠠᠶᠢᠷᠢ ᠳᠠᠭᠠᠭᠰᠠᠨ ᠬᠤᠭᠤᠴᠠᠭᠠᠨ  ᠳᠠᠬᠢ ᠦᠵᠡᠵᠦ ᠰᠣᠨᠣᠰᠤᠭᠰᠠᠨ᠂ ᠪᠤᠳᠤᠵᠤ ᠰᠡᠳᠬᠢᠭᠰᠡᠨ ᠢᠶᠠᠨ ᠥᠴᠦᠬᠡᠨ ᠴᠦ ᠦᠯᠡᠳᠡᠭᠡᠯ ᠥᠬᠡᠶ ᠬᠤᠪᠢᠶᠠᠯᠴᠠᠵᠤ᠂ ᠲᠤᠰᠬᠠᠶ ᠮᠡᠷᠭᠡᠵᠢᠯ ᠤᠨ ᠮᠡᠳᠡᠯᠭᠡ ᠶᠢᠨ ᠰᠤᠷᠤᠯᠴᠠᠯᠭ᠎ᠠ ᠠᠴᠠ ᠵᠢᠭᠠᠨ ᠰᠤᠷᠭᠠᠯᠲᠠ ᠶᠢᠨ ᠤᠷ᠎ᠠ ᠴᠢᠳᠠᠪᠤᠷᠢ ᠶᠢᠨ ᠳᠠᠪᠲᠠᠯᠲᠠ ᠬᠦᠷᠲᠡᠯ᠎ᠡ᠂ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠤ ᠰᠢᠨᠡᠴᠢᠯᠡᠯᠲᠡ ᠠᠴᠠ ᠪᠦᠯᠬᠦᠮ ᠨᠡᠶᠢᠲᠡ  ᠶᠢᠨ ᠬᠠᠮᠵᠢᠯᠴᠠᠭ᠎ᠠ ᠶᠢᠨ ᠥᠩᠭᠡᠷᠡᠯᠲᠡ ᠬᠦᠷᠲᠡᠯ᠎ᠡ᠂ ᠠᠵᠢᠯ ᠤᠨ ᠪᠠᠶᠢᠷᠢ ᠪᠠᠨ ᠳᠠᠭᠠᠵᠤ ᠰᠤᠷᠤᠯᠴᠠᠭᠰᠠᠨ ᠡᠯᠪᠡᠭ ᠪᠠᠶᠠᠯᠢᠭ ᠣᠯᠤᠯᠲᠠ ᠪᠠᠨ ᠪᠥᠬᠦ ᠲᠠᠯ᠎ᠠ ᠪᠠᠷ ᠳᠡᠯᠭᠡᠨ ᠦᠵᠡᠭᠦᠯᠵᠡᠶ᠃ ᠡᠲᠡᠭᠡᠷ ᠲᠤᠷᠰᠢᠯᠭ᠎ᠠ ᠪᠠᠨ ᠬᠤᠪᠢᠶᠠᠯᠴᠠᠭᠰᠠᠨ ᠶᠠᠪᠤᠳᠠᠯ ᠨᠢ ᠲᠤᠬᠠᠶ ᠶᠢᠨ ᠲᠠᠯᠠᠪᠤᠷ ᠲᠤ ᠪᠠᠶᠢᠭᠰᠠᠨ ᠪᠠᠭᠰᠢ ᠨᠠᠷ ᠲᠤ ᠭᠦᠨ ᠰᠡᠩᠬᠡᠷᠡᠭᠦᠯᠦᠯ ᠣᠯᠭᠤᠵᠤ᠂ ᠰᠤᠷᠭᠠᠨ ᠬᠥᠮᠦᠵᠢᠯ ᠤᠨ ᠬᠠᠷᠠᠭ᠎ᠠ ᠶᠢ ᠥᠷᠭᠡᠳᠬᠡᠨ᠂ ᠣᠯᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠤᠬᠠᠶ ᠭᠦᠨᠵᠡᠭᠡᠶ ᠰᠡᠳᠬᠢᠨ ᠪᠣᠳᠣᠯᠬᠢᠯᠠᠬᠤ ᠪᠠ ᠬᠠᠶᠢᠨ ᠰᠦᠪᠡᠭᠴᠢᠯᠡᠬᠦ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃
   ᠲᠠᠶᠢᠰᠠᠨ ᠲᠡᠭᠡᠷ᠎ᠡ ᠣᠶᠤᠨ ᠰᠠᠨᠠᠭᠠᠨ ᠤ ᠬᠡᠷᠡᠭ ᠤᠴᠢᠷ ᠢ ᠳᠡᠯᠭᠡᠨ ᠦᠵᠡᠭᠦᠯᠵᠦ᠂ ᠰᠡᠳᠬᠢᠯᠭᠡ ᠶᠢᠨ ᠲᠥᠷᠥᠭᠳᠡᠯ  ᠢᠶᠠᠷ ᠦᠰᠦᠨ ᠪᠣᠶᠢᠵᠢᠯᠲᠠ ᠶᠢ ᠠᠬᠢᠭᠤᠯᠤᠨ᠎ᠠ    ᠰᠡᠳᠬᠢᠴᠡ ᠶᠢᠨ ᠦᠵᠡᠭᠳᠡᠯᠲᠦ ᠵᠦᠴᠦᠭᠡ ᠶᠢᠨ ᠲᠣᠭᠯᠠᠯᠲᠠ ᠪᠣᠯ ᠲᠣᠰ ᠤᠳᠠᠭᠠᠨ ᠤ ᠬᠥᠳᠡᠯᠭᠡᠭᠡᠨ ᠤ ᠨᠢᠭᠡᠨ ᠭᠢᠯᠠᠰ ᠴᠡᠭ ᠮᠥᠨ᠃ ᠰᠤᠷᠤᠭᠴᠢᠳ ᠥᠪᠡᠷ ᠢᠶᠠᠨ ᠨᠠᠶᠢᠷᠠᠭᠤᠯᠵᠤ ᠥᠪᠡᠷ ᠢᠶᠠᠨ  ᠲᠤᠭᠯᠠᠭᠰᠠᠨ ᠰᠡᠳᠬᠢᠴᠡ ᠶᠢᠨ ᠦᠵᠡᠭᠳᠡᠯᠲᠦ ᠵᠦᠴᠦᠭᠡ ᠪᠠᠷ ᠳᠠᠮᠵᠢᠭᠤᠯᠤᠨ᠂ ᠠᠮᠢᠳᠤᠷᠠᠯ ᠳᠤᠮᠳᠠᠬᠢ ᠰᠡᠳᠬᠢᠴᠡ ᠶᠢᠨ ᠠᠰᠠᠭᠤᠳᠠᠯ ᠪᠠ ᠵᠥᠷᠢᠴᠡᠯ ᠮᠥᠷᠭᠦᠯᠳᠦᠭᠡᠨ ᠢ ᠲᠠᠶᠢᠰᠠᠨ᠎ᠠ ᠲᠤᠭᠯᠠᠨ᠎ᠠ᠂ ᠵᠢᠱᠢᠶᠡᠯᠡᠪᠡᠯ ᠡᠴᠢᠭᠡ ᠡᠬᠡ ᠦᠷ᠎ᠡ ᠬᠡᠦᠬᠡᠳ ᠤᠨ ᠬᠠᠷᠢᠴᠠᠭ᠎ᠠ ᠪᠠᠴᠢᠮ᠂ ᠬᠠᠮᠲᠤ ᠰᠤᠷᠤᠭᠴᠢᠳ ᠤᠨ ᠬᠤᠭᠤᠷᠣᠨᠳᠣᠬᠢ ᠠᠳᠡᠭᠦᠷᠡᠯ ᠵᠡᠷᠭᠡ ᠪᠤᠯᠤᠨ᠎ᠠ᠃ ᠲᠣᠭᠯᠠᠯᠲᠠ ᠶᠢᠨ ᠶᠠᠪᠤᠴᠠ ᠳᠤ᠂ ᠰᠤᠷᠤᠭᠴᠢᠳ ᠴᠢᠩ ᠦᠨᠡᠨᠴᠢ ᠰᠡᠳᠬᠢᠯᠭᠡ᠂ ᠠᠮᠢᠳᠤᠯᠢᠭ ᠲᠣᠭᠯᠠᠯᠲᠠ ᠪᠠᠷ ᠢᠶᠠᠨ ᠳᠦᠷᠢ ᠶᠢᠨ ᠳᠣᠲᠣᠭᠠᠳᠤ ᠰᠡᠳᠬᠢᠯ  ᠤᠨ ᠲᠡᠯᠴᠢᠯᠡᠯᠲᠡ ᠪᠠ ᠦᠰᠦᠨ ᠪᠣᠶᠢᠵᠢᠯᠲᠠ ᠶᠢ ᠢᠯᠡᠷᠡᠭᠦᠯᠵᠦ᠂ ᠣᠯᠠᠨ ᠳᠤ ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠳᠠᠯ ᠤᠨ ᠰᠤᠷᠤᠭᠴᠢᠳ ᠲᠤ ᠦᠵᠡᠭᠦᠯᠬᠦ ᠨᠥᠯᠥᠭᠡ ᠵᠢᠴᠢ ᠢᠳᠡᠪᠬᠢᠲᠡᠶ ᠬᠠᠨᠳᠤᠬᠤ ᠪᠠ ᠠᠰᠠᠭᠤᠳᠠᠯ ᠢ ᠰᠢᠶᠳᠪᠦᠷᠢᠯᠡᠬᠦ ᠶᠢᠨ ᠴᠢᠬᠤᠯᠠ ᠴᠢᠨᠠᠷ ᠢ ᠭᠦᠨᠵᠡᠭᠡᠶ ᠮᠡᠳᠡᠷᠡᠭᠦᠯᠪᠡ᠃ ᠡᠲᠡᠭᠡᠷ ᠰᠡᠳᠬᠢᠴᠡ ᠶᠢᠨ ᠦᠵᠡᠭᠳᠡᠯᠲᠦ ᠵᠦᠴᠦᠭᠡ ᠨᠢ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠦᠶᠯᠡᠳᠦᠯᠭᠡ ᠶᠢᠨ ᠬᠡᠷᠡᠭᠯᠡᠯᠲᠡ ᠪᠣᠯᠬᠤ ᠪᠠᠷ ᠪᠠᠷᠠᠬᠤ ᠥᠬᠡᠶ᠂ ᠨᠠᠩ ᠴᠤ ᠨᠢᠭᠡ ᠵᠦᠶᠯ ᠤᠨ ᠲᠤᠶᠢᠯ ᠤᠨ ᠶᠡᠭᠡ ᠨᠥᠯᠥᠭᠡᠯᠡᠬᠦ ᠬᠦᠴᠦᠨ  ᠲᠠᠢ ᠰᠤᠷᠭᠠᠨ ᠬᠥᠮᠦᠵᠢᠯ ᠤᠨ ᠬᠡᠯᠪᠡᠷᠢ ᠪᠣᠯᠤᠨ᠎ᠠ᠂ ᠡᠨᠡ ᠨᠢ ᠲᠤᠬᠠᠶ ᠶᠢᠨ ᠲᠠᠯᠠᠪᠤᠷ ᠲᠤ ᠪᠠᠭᠰᠢ ᠰᠤᠷᠤᠭᠴᠢᠳ ᠤᠨ ᠴᠢᠩᠭ᠎ᠠ ᠴᠤᠤᠷᠢᠶ᠎ᠠ ᠶᠢ ᠡᠭᠦᠰᠭᠡᠵᠦ᠂ ᠣᠯᠠᠨ ᠢᠶᠠᠷ ᠢᠶᠠᠨ ᠲᠣᠭᠯᠠᠯᠲᠠ ᠶᠢ ᠰᠣᠨᠢᠷᠬᠠᠬᠤ ᠶᠢᠨ ᠬᠠᠮᠲᠤ ᠪᠠᠰᠠ ᠥᠪᠡᠷ  ᠤᠨ ᠰᠡᠳᠬᠢᠴᠡ ᠶᠢᠨ ᠡᠷᠡᠭᠦᠯ ᠮᠡᠨᠳᠦ ᠶᠢᠨ ᠲᠤᠬᠠᠶ ᠨᠠᠩ ᠭᠦᠨᠵᠡᠭᠡᠶ ᠡᠷᠭᠢᠴᠡᠭᠦᠯᠦᠨ ᠪᠤᠳᠤᠬᠤ ᠪᠠ ᠲᠠᠨᠢᠯᠲᠠ ᠲᠠᠢ ᠪᠣᠯᠭᠠᠵᠠᠶ᠃
   ᠤᠳᠤᠷᠢᠳᠤᠯᠭ᠎ᠠ ᠶᠢᠨ ᠬᠠᠯᠠᠮᠵᠢᠯᠠᠯ ᠨᠢ ᠴᠢᠭᠯᠡᠯ ᠢ ᠲᠣᠳᠣᠷᠬᠠᠶ ᠪᠣᠯᠭᠠᠵᠤ᠂ ᠰᠡᠳᠬᠢᠴᠡ ᠶᠢᠨ ᠡᠷᠡᠭᠦᠯ ᠮᠡᠨᠳᠦ ᠨᠢ ᠢᠷᠡᠭᠡᠳᠦᠶ ᠶᠢ ᠪᠣᠶᠢᠵᠢᠭᠤᠯᠤᠨ᠎ᠠ      ᠪᠤᠤ ᠰᠢᠶᠠᠨ ᠤ ᠳᠠᠷᠤᠭ᠎ᠠ ᠪᠣᠯᠤᠨ ᠯᠢᠦ ᠲᠣᠪᠴᠢᠶᠠᠨ ᠳᠠᠷᠤᠭ᠎ᠠ ᠶᠢᠨ ᠶᠠᠷᠢᠶ᠎ᠠ ᠨᠢ ᠲᠤᠰ ᠤᠳᠠᠭ᠎ᠠ ᠶᠢᠨ ᠠᠵᠢᠯᠯᠠᠭ᠎ᠠ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠪᠣᠯᠤᠨ ᠤᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠵᠡᠢ᠃ᠪᠤᠤ ᠰᠢᠶᠠᠨ ᠤ ᠳᠠᠷᠤᠭ᠎ᠠ ᠶᠠᠷᠢᠶᠠᠨ ᠳᠠᠭᠠᠨ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠳᠤ ᠦᠵᠡᠭᠦᠯᠬᠦ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠵᠠᠩᠭᠢᠯᠠᠭ᠎ᠠ ᠶᠢᠨ ᠦᠶᠯᠡᠳᠦᠯ ᠢ ᠴᠢᠬᠤᠯᠠᠴᠢᠯᠠᠵᠤ᠂ ᠪᠥᠬᠦ ᠰᠢᠶᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠳᠤ ︽ᠬᠠᠶᠢᠷ᠎ᠠ ᠲᠠᠢ᠂ ᠰᠤᠷᠤᠯᠭ᠎ᠠ  ᠲᠠᠢ᠂ ᠵᠢᠳᠬᠦᠯ ᠴᠢᠷᠮᠠᠶᠢᠯᠭ᠎ᠠ ᠲᠠᠢ᠂ ᠪᠦᠲᠦᠮᠵᠢᠲᠡᠶ︾ ᠪᠠᠶᠢᠬᠤ ᠬᠦᠰᠡᠯ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠪᠠᠭᠰᠢ ᠨᠠᠷ ᠤᠨ ᠲᠣᠰ ᠪᠡᠶ᠎ᠡ ᠶᠢᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠢᠭᠠᠨ ᠰᠤᠷᠭᠠᠯᠲᠠ ᠶᠢᠨ ᠵᠠᠭᠪᠤᠷ ᠢᠶᠠᠨ ᠰᠢᠨᠡᠴᠢᠯᠡᠵᠦ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢ ᠦᠨᠡᠨ ᠬᠦ ᠬᠠᠮᠠᠭᠠᠯᠠᠬᠤ ᠬᠡᠷᠡᠭᠲᠡᠶ᠃ ᠯᠢᠦ ᠲᠣᠪᠴᠢᠶᠠᠨ ᠳᠠᠷᠤᠭ᠎ᠠ ᠠᠵᠢᠯ ᠤᠨ ᠪᠠᠶᠢᠷᠢ ᠳᠠᠭᠠᠨ ᠪᠤᠴᠠᠭᠰᠠᠨ ᠪᠠᠭᠰᠢ ᠨᠠᠷ ᠤᠨ ᠥᠰᠥᠯᠲᠡ ᠪᠣᠶᠢᠵᠢᠯᠲᠠ ᠪᠠ ᠳᠠᠪᠰᠢᠯᠲᠠ ᠶᠢ ᠭᠦᠢᠴᠡᠳ ᠨᠤᠲᠠᠯᠠᠵᠤ᠂ ᠰᠤᠷᠭᠠᠨ ᠬᠥᠮᠦᠵᠢᠯ ᠪᠠ ᠨᠡᠶᠢᠭᠡᠮ ᠤᠨ ᠣᠳᠣᠬᠢ ᠪᠠᠶᠢᠳᠠᠯ᠂ ᠣᠳᠣᠬᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ  ᠤᠨ ᠣᠳᠣᠬᠢ ᠪᠠᠶᠢᠳᠠᠯ ᠪᠠ ᠬᠡᠷᠡᠭᠴᠡᠭᠡ ᠱᠠᠭᠠᠷᠳᠠᠯᠭ᠎ᠠ ᠶᠢ ᠬᠡᠷᠬᠢᠨ ᠤᠯᠠᠮ ᠨᠢᠭᠡ ᠠᠯᠬᠤᠮ ᠲᠠᠨᠢᠬᠤ᠂ ᠰᠡᠳᠬᠢᠴᠡ  ᠶᠢᠨ ᠡᠷᠡᠭᠦᠯ ᠮᠡᠨᠳᠦ ᠶᠢᠨ ᠬᠥᠮᠦᠵᠢᠯ ᠢ ᠬᠡᠷᠡᠭᠵᠢᠭᠦᠯᠬᠦ ᠠᠷᠭ᠎ᠠ ᠪᠣᠳᠣᠯᠭ᠎ᠠ ᠵᠡᠷᠭᠡ ᠲᠠᠯ᠎ᠠ ᠪᠠᠷ ᠭᠦᠨᠵᠡᠭᠡᠶ ᠲᠣᠳᠣᠷᠬᠠᠶᠢᠯᠠᠨ ᠥᠭᠦᠯᠡᠵᠦ᠂ ᠪᠦᠬᠦ ᠰᠢᠶᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠤᠨ ᠦᠷᠭᠦᠯᠵᠢᠯᠡᠨ ᠬᠥᠭᠵᠢᠬᠦ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ᠃ ᠤᠳᠤᠷᠢᠳᠤᠯᠭ᠎ᠠ ᠶᠢᠨ ᠶᠠᠷᠢᠶ᠎ᠠ ᠨᠢ ᠪᠠᠭᠰᠢ ᠨᠠᠷ ᠲᠤ ᠬᠠᠷᠢᠭᠤᠴᠠᠯᠭ᠎ᠠ ᠬᠦᠨᠳᠦ ᠭᠡᠳᠡᠭ ᠢ ᠮᠡᠳᠡᠭᠦᠯᠵᠦ᠂ ᠪᠠᠰᠠ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ  ᠤᠨ ᠠᠵᠢᠯ ᠢ ᠰᠠᠶᠢᠲᠤᠷ ᠬᠢᠬᠦ ᠡᠷᠡᠰ ᠵᠣᠷᠢᠭ ᠪᠠ ᠢᠲᠡᠭᠡᠯ ᠵᠣᠷᠢᠭ ᠢ ᠤᠯᠠᠮ ᠪᠠᠲᠤᠳᠬᠠᠪᠠ᠃
   ᠲᠣᠰ ᠤᠳᠠᠭᠠᠨ ᠤ ᠲᠦᠴᠢᠦᠸᠠᠨ ᠰᠢᠶᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠰᠢᠨᠵᠢᠯᠡᠭᠡᠨ ᠤ ᠰᠠᠯᠠᠭ᠎ᠠ ᠶᠢᠨ ᠠᠵᠢᠯ ᠤᠨ ᠪᠠᠶᠢᠷᠢ ᠲᠠᠭᠠᠭᠰᠠᠨ ᠪᠠᠭᠰᠢ ᠶᠢᠨ ᠠᠵᠢᠯ ᠤᠨ ᠪᠠᠶᠢᠷᠢ ᠳᠠᠭᠠᠨ ᠪᠤᠴᠠᠭᠰᠠᠨ ᠳ᠋ᠦᠩᠨᠡᠯᠲᠡ ᠬᠢᠵᠦ ᠬᠠᠷᠢᠭᠤ ᠮᠡᠳᠡᠭᠦᠯᠬᠦ ᠢᠯᠡ ᠬᠢᠴᠢᠶᠡᠯ ᠤᠨ ᠠᠵᠢᠯᠯᠠᠭ᠎ᠠ ᠨᠢ ᠬᠡᠳᠦᠶᠢᠪᠡᠷ ᠥᠨᠳᠥᠷᠯᠡᠭᠰᠡᠨ ᠪᠣᠯᠪᠠᠴᠤ ᠲᠡᠭᠦᠨ ᠤ ᠡᠭᠦᠰᠭᠡᠭᠰᠡᠨ ᠰᠤᠷᠭᠠᠨ ᠬᠥᠮᠦᠵᠢᠯ ᠤᠨ ᠪᠣᠳᠣᠯᠬᠢᠯᠠᠯ ᠤᠨ ᠥᠷᠨᠢᠯᠲᠡ ᠨᠢ ᠰᠠᠶ᠋ᠢ ᠰᠠᠶ᠋ᠢᠬᠠᠨ ᠥᠷᠨᠢᠵᠦ ᠪᠠᠶᠢᠨ᠎ᠠ᠃ ᠤᠳᠤᠷᠢᠳᠤᠯᠭ᠎ᠠ ᠶᠢᠨ ᠴᠢᠩ ᠰᠡᠳᠬᠢᠯ ᠤᠨ ᠬᠦᠰᠡᠯ ᠡᠷᠡᠮᠡᠯᠵᠡᠯ ᠪᠠ ᠲᠣᠳᠣᠷᠬᠠᠶ ᠵᠢᠯᠣᠭᠤᠳᠣᠯᠭ᠎ᠠ ᠳᠣᠤᠷ᠎ᠠ᠂ ᠪᠥᠬᠦ ᠰᠢᠶᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠠᠵᠢᠯᠲᠠᠳ ᠯᠠᠪᠲᠠᠶ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠰᠤᠷᠤᠭᠴᠢᠳ ᠲᠤ ᠪᠠᠲᠤ ᠴᠢᠩᠭ᠎ᠠ ᠪᠥᠭᠡᠳ ᠳᠤᠯᠠᠭᠠᠬᠠᠨ ᠰᠡᠳᠬᠢᠯ ᠤᠨ ᠰᠡᠷᠭᠡᠶᠢᠯᠡᠯᠲᠡ ᠶᠢᠨ ᠬᠠᠰᠢᠯᠭ᠎ᠠ ᠶᠢ ᠴᠢᠷᠮᠠᠶᠢᠨ ᠪᠠᠶᠢᠭᠤᠯᠵᠤ᠂ ᠲᠡᠳᠡᠨ ᠤ ᠢᠷᠡᠭᠡᠳᠦᠶ ᠶᠢᠨ ᠥᠷᠢᠰᠥᠯᠳᠦᠭᠡᠨ ᠢ ᠵᠣᠷᠢᠭᠲᠠᠶ ᠪᠠᠷ ᠤᠭᠲᠤᠬᠤ  ᠳᠤ ᠬᠦᠴᠦᠨ ᠨᠡᠮᠡᠷᠢᠯᠡᠵᠦ᠂ ᠥᠪᠡᠷ ᠤᠨ ᠭᠡᠰᠡᠨ ᠭᠤᠶᠢᠳᠠ ᠰᠠᠶᠢᠬᠠᠨ ᠠᠮᠢᠳᠤᠷᠠᠯ ᠤᠨ ᠬᠠᠭᠤᠳᠠᠰᠤ ᠶᠢ ᠪᠢᠴᠢᠭᠯᠡᠵᠦ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠦᠶᠯᠡᠰ ᠤᠨ ᠥᠷᠨᠢᠩᠭᠦᠶ ᠬᠥᠭᠵᠢᠯᠲᠡ ᠳᠤ ᠲᠠᠰᠤᠷᠠᠯᠲᠠ ᠥᠬᠡᠶ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠂ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠲᠦᠴᠢᠦᠸᠠᠨ ᠰᠢᠶᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠯᠠᠪᠲᠠᠶ ᠨᠠᠩ ᠬᠡᠷᠡᠯ ᠰᠠᠴᠤᠷᠠᠩᠭᠤᠶ ᠮᠠᠷᠭᠠᠰᠢ ᠶᠢ ᠤᠭᠲᠤᠨ ᠠᠪᠴᠢᠷᠠᠬᠤ ᠶᠢ ᠢᠲᠡᠭᠡᠵᠦ ᠪᠠᠶᠢᠨ᠎ᠠ︕
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号