ᠱᠦᠶ ᠴᠢᠤᠸᠠᠨ ᠪᠠᠯᠭᠠᠰᠤ ᠳᠤᠰᠤᠯᠭᠠᠨ ᠤᠰᠤᠯᠠᠬᠤ ᠪᠦᠰᠡ ᠶᠢ ᠡᠭᠡᠭᠦᠯᠦᠨ ᠬᠤᠷᠢᠶᠠᠨ ᠲᠠᠬᠢᠨ ᠠᠰᠢᠭᠯᠠᠵᠤ ᠣᠷᠴᠢᠨ ᠲᠣᠭᠤᠷᠢᠨ ᠢ ᠬᠠᠮᠠᠭᠠᠯᠠᠵᠤ ᠥᠪᠡᠷ ᠤᠨ ᠥᠷᠲᠡᠭ ᠢ ᠠᠷᠪᠢᠯᠠᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/12/22
   ᠲᠦᠴᠢᠦᠸᠠᠨ ᠰᠢᠶᠠᠨ ᠤ ᠱᠦᠶ ᠴᠢᠤᠸᠠᠨ ᠪᠠᠯᠭᠠᠰᠤᠨ ᠤ ᠰᠢᠨ ᠶᠢᠨ ᠴᠢᠤᠸᠠᠨ ᠲᠠᠷᠢᠵᠤ ᠲᠡᠵᠢᠭᠡᠨ ᠦᠷᠡᠵᠢᠭᠦᠯᠬᠦ ᠬᠤᠷᠰᠢᠶ᠎ᠠ ᠶᠢᠨ ᠲᠤᠰᠤᠯᠭᠠᠨ ᠤᠰᠤᠯᠠᠬᠤ ᠪᠦᠰᠡ ᠶᠢᠨ ᠦᠢᠯᠡᠳᠪᠦᠷᠢᠯᠡᠯ ᠤᠨ ᠲᠠᠰᠤᠭ ᠲᠤ ᠤᠷᠤᠬᠤ ᠳᠤ᠂ ᠮᠠᠰᠢᠨ ᠬᠦᠷᠴᠢᠭᠢᠨᠡᠨ ᠳᠤᠤᠭᠠᠷᠴᠤ᠂ ᠲᠠᠷᠢ ᠲᠡᠭᠰᠢ ᠲᠤᠰᠤᠯᠭᠠᠨ ᠤᠰᠤᠯᠠᠬᠤ ᠪᠦᠰᠡ ᠶᠢ ᠡᠮᠬᠢ ᠴᠡᠭᠴᠡ ᠲᠠᠢ ᠲᠠᠯᠪᠢᠵᠤ᠂ ᠠᠵᠢᠯᠴᠢᠳ ᠮᠠᠲ᠋ᠧᠷᠢᠶᠠᠯ ᠨᠡᠮᠡᠬᠦ᠂ ᠬᠠᠳᠠᠭᠠᠬᠤ᠂ ᠰᠢᠬᠠᠵᠤ ᠱᠤᠭᠤᠬᠤ᠂ ᠬᠡᠯᠪᠡᠷᠢᠵᠢᠭᠦᠯᠬᠦ᠂ ᠬᠦᠷᠦᠭᠡᠬᠦ᠂ ᠴᠢᠷᠦᠬᠦ᠂ ᠡᠪᠬᠡᠮᠡᠯ ᠬᠤᠷᠢᠶᠠᠬᠤ ᠵᠡᠷᠭᠡ ᠠᠯᠢ ᠤᠯᠠᠨ ᠠᠵᠢᠯ ᠤᠨ ᠳᠠᠷᠠᠭᠠᠯᠠᠯ ᠢ ᠪᠣᠯᠪᠠᠰᠤᠷᠠᠩᠭᠤᠢ ᠶᠠᠪᠤᠭᠳᠠᠭᠤᠯᠤᠨ᠎ᠠ᠃
   ᠤᠰᠤ ᠠᠷᠪᠢᠯᠠᠵᠤ ᠳᠤᠰᠤᠯᠭᠠᠨ ᠤᠰᠤᠯᠠᠬᠤ ᠮᠡᠷᠭᠡᠵᠢᠯ ᠢ ᠨᠢᠭᠡᠨᠲᠡ ᠲᠠᠷᠢᠶᠠᠯᠠᠩ ᠳᠤ ᠥᠷᠭᠡᠨ ᠢᠶᠠᠷ ᠬᠡᠷᠡᠭᠯᠡᠵᠦ᠂ ᠤᠨᠠᠯᠲᠠ ᠨᠡᠮᠡᠭᠳᠡᠭᠦᠯᠬᠦ ᠦᠷ᠎ᠡ ᠪᠦᠲᠦᠮᠵᠢ ᠨᠢ ᠨᠡᠯᠢᠶᠡᠳ ᠢᠯᠡᠷᠬᠡᠶ ᠪᠠᠶᠢᠨ᠎ᠠ᠃ ᠭᠡᠪᠡᠴᠦ ᠬᠥᠷᠥᠰᠥᠨ ᠳᠤ ᠦᠯᠡᠳᠡᠭᠳᠡᠵᠦ ᠪᠠᠶᠢᠭ᠎ᠠ ᠳᠤᠰᠤᠯᠭᠠᠨ ᠤᠰᠤᠯᠠᠬᠤ ᠪᠦᠰᠡ ᠠᠮᠠᠷᠬᠠᠨ ᠵᠠᠳᠠᠷᠠᠬᠤ ᠥᠬᠡᠶ᠂ ᠬᠥᠷᠥᠰᠥᠨ ᠳᠤ ᠬᠦᠨᠳᠦ ᠨᠣᠴᠢᠲᠠᠶ ᠪᠣᠬᠢᠷᠲᠤᠯ ᠢ ᠠᠪᠴᠢᠷᠠᠵᠤ᠂ ᠲᠠᠷᠢᠮᠠᠯ ᠤᠨ ᠤᠨᠠᠯᠲᠠ ᠶᠢ ᠴᠤ ᠨᠥᠯᠥᠭᠡᠯᠡᠳᠡᠭ᠃ ᠣᠶᠢᠷ᠎ᠠ ᠶᠢᠨ ᠵᠢᠯ ᠠᠴᠠ ᠨᠠᠭᠠᠰᠢ᠂ ᠱᠦᠶ ᠴᠢᠤᠸᠠᠨ ᠪᠠᠯᠭᠠᠰᠤ ᠬᠠᠶᠠᠭᠳᠠᠮᠠᠯ ᠬᠠᠭᠤᠴᠢᠨ ᠳᠤᠰᠤᠯᠭᠠᠨ ᠤᠰᠤᠯᠠᠬᠤ ᠪᠦᠰᠡ ᠶᠢ ᠬᠤᠷᠢᠶᠠᠨ ᠠᠪᠬᠤ ᠠᠵᠢᠯ ᠢ ᠢᠳᠡᠪᠬᠢᠲᠡᠶ ᠠᠬᠢᠭᠤᠯᠵᠤ᠂ ︽ᠠᠵᠤ ᠠᠬᠤᠶᠢᠯᠠᠯ + ᠲᠠᠷᠢᠶᠠᠴᠢᠨ ᠡᠷᠦᠬᠡ︾ ᠶᠢᠨ ᠬᠤᠷᠢᠶᠠᠨ ᠠᠪᠴᠤ ᠦᠶᠯᠡᠳᠪᠦᠷᠢᠯᠡᠬᠦ ᠵᠠᠭᠪᠤᠷ ᠶᠣᠰᠣᠭᠠᠷ᠂ ᠳᠤᠰᠤᠯᠭᠠᠨ ᠤᠰᠤᠯᠠᠬᠤ ᠪᠦᠰᠡ ᠶᠢ ᠬᠤᠷᠢᠶᠠᠨ ᠠᠪᠬᠤ ᠠᠵᠤ ᠠᠬᠤᠶᠢᠯᠠᠯ ᠵᠢᠯ ᠪᠦᠷᠢ ᠶᠢᠨ ᠨᠠᠮᠤᠷ ᠤᠨ ᠤᠯᠠᠷᠢᠯ ᠠᠴᠠ ᠡᠬᠢᠯᠡᠨ ᠡᠪᠳᠡᠷᠡᠵᠦ ᠰᠦᠶᠳᠦᠭᠰᠡᠨ ᠳᠤᠰᠤᠯᠭᠠᠨ ᠤᠰᠤᠯᠠᠬᠤ ᠪᠦᠰᠡ ᠶᠢ ᠬᠤᠷᠢᠶᠠᠨ ᠠᠪᠴᠤ᠂ ᠨᠢᠭᠡᠳᠦᠯᠲᠡᠶ ᠪᠠᠷ ᠤᠰᠤ ᠴᠢᠳᠬᠤᠬᠤ᠂ ᠤᠬᠢᠶᠠᠬᠤ᠂ ᠬᠡᠮᠬᠡᠯᠬᠦ ᠪᠠ ᠪᠣᠯᠪᠠᠰᠤᠷᠠᠭᠤᠯᠤᠨ ᠰᠢᠶᠳᠪᠦᠷᠢᠯᠡᠬᠦ ᠪᠠᠷ ᠳᠠᠮᠵᠢᠭᠤᠯᠤᠨ᠂ ᠬᠠᠶᠠᠭᠳᠠᠮᠠᠯ ᠪᠣᠳᠠᠰ ᠢ ᠡᠷᠳᠡᠨᠢ ᠪᠣᠯᠭᠠᠬᠤ ᠶᠢ ᠪᠡᠶᠡᠯᠡᠭᠦᠯᠪᠡ
   ᠱᠦᠢ ᠴᠢᠤᠸᠠᠨ ᠪᠠᠯᠭᠠᠰᠤᠨ ᠤ ᠰᠢᠩ ᠱᠧᠩ ᠲᠣᠰᠬᠤᠨ ᠤ ᠳ᠋ᠦᠩ ᠬᠠᠢ ᠫᠧᠩ ᠤᠨ ᠡᠷᠳᠡᠨᠢ ᠰᠢᠰᠢ ᠶᠢᠨ ᠲᠠᠷᠢᠶᠠᠨ ᠳᠤ᠂ ᠲᠷᠠᠺᠲ᠋ᠣᠷ ᠢᠶᠠᠷ ᠲᠤᠰᠤᠯᠠᠭᠠᠨ ᠤᠰᠤᠯᠠᠬᠤ ᠪᠦᠰᠡ ᠶᠢᠨ ᠬᠤᠷᠢᠶᠠᠨ ᠠᠪᠬᠤ ᠲᠥᠬᠦᠭᠡᠷᠦᠮᠵᠢ ᠶᠢ ᠴᠢᠷᠴᠦ ᠲᠠᠷᠢᠶᠠᠨ ᠳᠣᠲᠣᠷ᠎ᠠ ᠨᠠᠭᠠᠰᠢ ᠴᠠᠭᠠᠰᠢ ᠰᠦᠯᠵᠢᠯᠳᠦᠨ᠂ ᠲᠠᠷᠢᠶᠠᠨ ᠳᠠᠬᠢ ᠦᠯᠡᠳᠡᠭᠳᠡᠯ ᠲᠤᠰᠤᠯᠭᠠᠨ ᠤᠰᠤᠯᠠᠯᠲᠠ ᠶᠢᠨ ᠪᠦᠰᠡ ᠶᠢ ᠥᠨᠳᠥᠷ ᠪᠦᠲᠦᠮᠵᠢᠲᠡᠢ ᠪᠠᠷ ᠴᠡᠪᠡᠷᠯᠡᠵᠦ᠂ ᠤᠯᠠᠨ ᠢᠶᠠᠷ ᠢᠶᠠᠨ ᠬᠠᠷᠢᠯᠴᠠᠨ ᠬᠠᠮᠵᠢᠯᠴᠠᠵᠤ᠂ ᠲᠤᠰᠤᠯᠭᠠᠨ ᠤᠰᠤᠯᠠᠯᠲᠠ ᠶᠢᠨ ᠪᠦᠰᠡ ᠶᠢ ᠰᠤᠭᠤᠯᠤᠨ ᠠᠪᠬᠤ ᠪᠤᠶᠤ ᠪᠣᠭᠤᠳᠠᠯᠯᠠᠬᠤ ᠪᠠᠷ ᠶᠠᠭᠠᠷᠠᠵᠤ ᠂ ᠡᠷᠴᠢ ᠵᠣᠷᠢᠭ ᠲᠡᠭᠦᠯᠳᠡᠷ᠂ ᠴᠡᠪᠡᠷᠯᠡᠭᠰᠡᠨ ᠤ ᠳᠠᠷᠠᠭᠠᠬᠢ ᠲᠠᠷᠢᠶᠠᠨ ᠭᠠᠵᠠᠷ ᠴᠡᠪᠡᠷ ᠲᠡᠭᠰᠢ ᠪᠠᠶᠢᠯ᠎ᠠ᠃ ︽ᠪᠢᠳᠡ ᠵᠢᠯ ᠪᠦᠷᠢ ᠬᠠᠶᠠᠭᠳᠠᠮᠠᠯ ᠬᠠᠭᠤᠴᠢᠨ ᠳᠤᠰᠤᠭᠠᠨ ᠤᠰᠤᠯᠠᠬᠤ ᠪᠦᠰᠡ ᠶᠢ ᠲᠠᠷᠢᠶᠠᠨ ᠭᠠᠵᠠᠷ ᠠᠴᠠ ᠬᠤᠷᠢᠶᠠᠨ ᠠᠪᠴᠤ᠂ ᠲᠣᠰ ᠭᠠᠵᠠᠷ ᠤᠨ ᠳᠤᠰᠤᠭᠠᠨ ᠤᠰᠤᠯᠠᠬᠤ ᠦᠶᠯᠡᠳᠪᠦᠷᠢ ᠳᠤ ᠬᠤᠳᠠᠯᠳᠤᠨ ᠥᠭᠴᠦ᠂ ᠬᠠᠭᠤᠴᠢᠨ ᠢᠶᠠᠷ ᠰᠢᠨ᠎ᠡ ᠶᠢ ᠰᠣᠯᠢᠵᠤ ᠪᠠᠶᠢᠨ᠎ᠠ᠂ ᠢᠩᠭᠢᠪᠡᠯ ᠢᠷᠡᠬᠦ ᠵᠢᠯ ᠳᠤ ᠥᠪᠡᠷ ᠤᠨ ᠥᠷᠲᠡᠭ ᠢ ᠠᠷᠪᠢᠯᠠᠬᠤ ᠪᠠᠷ ᠪᠠᠷᠠᠬᠤ ᠥᠬᠡᠶ᠂ ᠬᠠᠶᠠᠭᠳᠠᠮᠠᠯ ᠬᠠᠭᠤᠴᠢᠨ ᠪᠣᠳᠠᠰ ᠤᠨ ᠲᠠᠷᠢᠶᠠᠨ ᠭᠠᠵᠠᠷ ᠢ ᠪᠣᠬᠢᠷᠲᠤᠭᠤᠯᠬᠤ ᠠᠴᠠ ᠵᠠᠶᠢᠯᠠᠰᠬᠢᠵᠦ ᠴᠢᠳᠠᠨ᠎ᠠ᠃︾ ᠭᠡᠵᠦ ᠳ᠋ᠦᠩ ᠬᠠᠢ ᠫᠧᠩ ᠬᠡᠯᠡᠪᠡ᠃    ᠵᠢᠯ ᠪᠦᠷᠢ ᠶᠢᠨ ᠨᠠᠮᠤᠷ ᠤᠨ ᠬᠤᠷᠢᠶᠠᠯᠲᠠ ᠶᠢᠨ ᠳᠠᠷᠠᠭ᠎ᠠ᠂ ᠲᠣᠰᠬᠤᠨ ᠤ ᠠᠷᠠᠳ ᠪᠦᠷ ᠬᠠᠶᠠᠭᠳᠠᠮᠠᠯ ᠬᠠᠭᠤᠴᠢᠨ ᠳᠤᠰᠤᠯᠭᠠᠨ ᠤᠰᠤᠯᠠᠬᠤ ᠪᠦᠰᠡ ᠶᠢ ᠦᠶᠯᠡᠳᠪᠦᠷᠢ ᠳᠤ ᠬᠦᠷᠭᠡᠵᠦ᠂ ᠪᠣᠯᠪᠠᠰᠤᠷᠠᠭᠤᠯᠬᠤ ᠦᠶᠯᠡᠳᠪᠦᠷᠢ ᠴᠦ ᠲᠠᠷᠢᠮᠠᠯ  ᠤᠨ ᠡᠷᠦᠬᠡ ᠶᠢᠨ ᠲᠠᠷᠢᠶᠠᠨ ᠠᠴᠠ ᠬᠤᠷᠢᠶᠠᠨ ᠠᠪᠴᠤ᠂ ᠰᠢᠨ᠎ᠡ ᠮᠠᠲ᠋ᠧᠷᠢᠶᠠᠯ ᠲᠠᠢ ᠬᠤᠯᠢᠵᠤ ᠳᠠᠬᠢᠨ ᠪᠣᠯᠪᠠᠰᠤᠷᠠᠭᠤᠯᠤᠭᠰᠠᠨ ᠤ ᠳᠠᠷᠠᠭ᠎ᠠ ᠰᠠᠶ᠋ᠢ ᠪᠣᠷᠣᠯᠠᠭᠤᠯᠳᠠᠭ᠃ ᠣᠶᠢᠯᠠᠭᠠᠭᠰᠠᠨ ᠢᠶᠠᠷ᠂ ᠲᠦᠴᠢᠦᠸᠠᠨ ᠰᠢᠶᠠᠨ ᠤ ᠱᠦᠶ ᠴᠢᠤᠸᠠᠨ ᠪᠠᠯᠭᠠᠰᠤᠨ ᠤ ᠰᠢᠨ ᠶᠢᠨ ᠴᠢᠤᠸᠠᠨ ᠲᠠᠷᠢᠮᠠᠯ ᠲᠡᠵᠢᠭᠡᠪᠦᠷᠢ ᠶᠢᠨ ᠬᠤᠷᠰᠢᠶ᠎ᠠ ᠶᠢᠨ ᠳᠤᠰᠤᠯᠭᠠᠨ ᠤᠰᠤᠯᠠᠬᠤ ᠪᠦᠰᠡ ᠡᠳ᠋ᠰᠢᠭᠦᠯᠬᠦ ᠦᠶᠯᠡᠳᠪᠦᠷᠢ ᠶᠢᠨ ᠲᠠᠰᠤᠭ ᠤᠨ ᠭᠤᠤᠯ ᠡᠵᠡᠩᠨᠡᠯᠲᠡ ᠶᠢᠨ ᠳᠤᠰᠤᠯᠭᠠᠨ ᠤᠰᠤᠯᠠᠬᠤ ᠪᠦᠰᠡ ᠶᠢ ᠦᠶᠯᠡᠳᠪᠦᠷᠢᠯᠡᠨ ᠪᠣᠷᠣᠯᠠᠭᠤᠯᠵᠤ᠂ ᠵᠢᠯ ᠳᠤ ᠪᠠᠷᠤᠭ 1000 ᠲᠣᠨ ᠬᠠᠶᠠᠭᠳᠠᠮᠠᠯ ᠬᠠᠭᠤᠴᠢᠨ ᠳᠤᠰᠤᠯᠭᠠᠨ ᠤᠰᠤᠯᠠᠬᠤ ᠪᠦᠰᠡ ᠶᠢ ᠬᠤᠷᠢᠶᠠᠨ ᠠᠪᠴᠤ᠂ ᠮᠥ ᠪᠦᠷᠢ ᠠᠴᠠ 7—8 ᠺᠢᠯᠣᠭ᠍ᠷᠠᠮ ᠬᠤᠷᠢᠶᠠᠨ ᠠᠪᠴᠤ᠂ ᠺᠢᠯᠣᠭ᠍ᠷᠠᠮ ᠪᠦᠷᠢ ᠶᠢ 2.4—2.8 ᠲᠥᠭᠦᠷᠢᠭ ᠤᠨ ᠦᠨ᠎ᠡ ᠪᠠᠷ ᠬᠤᠷᠢᠶᠠᠨ ᠠᠪᠴᠤ᠂ ᠲᠠᠷᠢᠶᠠᠴᠢᠨ ᠡᠷᠦᠬᠡ ᠶᠢᠨ ᠦᠶᠯᠡᠳᠪᠦᠷᠢᠯᠡᠯ ᠤᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠪᠠ᠃
   ︽ᠪᠢᠳᠡ 10 ᠰᠠᠷ᠎ᠠ ᠶᠢᠨ ᠳᠤᠮᠳᠠᠴᠢ ᠠᠴᠠ ᠡᠬᠢᠯᠡᠨ ᠬᠠᠶᠠᠭᠳᠠᠮᠠᠯ ᠬᠠᠭᠤᠴᠢᠨ ᠳᠤᠰᠤᠯᠭᠠᠨ ᠤᠰᠤᠯᠠᠬᠤ ᠪᠦᠰᠡ  ᠶᠢ ᠬᠤᠷᠢᠶᠠᠨ ᠠᠪᠴᠤ᠂ ᠤᠬᠢᠶᠠᠬᠤ᠂ ᠬᠡᠮᠬᠡᠯᠬᠦ᠂ ᠪᠣᠯᠪᠠᠰᠤᠷᠠᠭᠤᠯᠬᠤ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠬᠠᠶᠠᠭᠳᠠᠮᠠᠯ ᠬᠠᠭᠤᠴᠢᠨ ᠳᠤᠰᠤᠯᠭᠠᠨ ᠤᠰᠤᠯᠠᠬᠤ ᠪᠦᠰᠡ ᠶᠢ ᠰᠢᠨ᠎ᠡ ᠪᠠᠷ ᠪᠣᠯᠪᠠᠰᠤᠷᠠᠭᠤᠯᠪᠠ᠂ ᠡᠨᠡ ᠨᠢ ᠲᠠᠷᠢᠶᠠᠴᠢᠨ ᠡᠷᠦᠬᠡ ᠶᠢᠨ ᠲᠠᠷᠢᠮᠠᠯ ᠤᠨ ᠥᠪᠡᠷ ᠤᠨ ᠥᠷᠲᠡᠭ ᠢ ᠪᠠᠭᠠᠰᠬᠠᠭᠰᠠᠨ ᠢᠶᠠᠷ ᠪᠠᠷᠠᠬᠤ ᠥᠬᠡᠶ᠂ ᠪᠢᠳᠡᠨ ᠤ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠪᠠᠯᠠ ᠮᠥᠩᠭᠦ ᠬᠦᠷᠦᠯᠴᠡᠬᠦ ᠥᠬᠡᠶ ᠪᠠᠶᠢᠬᠤ ᠳᠠᠷᠤᠯᠲᠠ ᠶᠢ ᠴᠤ ᠬᠥᠩᠭᠡᠷᠡᠭᠦᠯᠵᠦ᠂ ᠵᠣᠭᠤᠰ ᠢ ᠠᠷᠪᠢᠯᠠᠬᠤ ᠮᠥᠷᠲᠡᠭᠡᠨ ᠣᠷᠴᠢᠨ ᠲᠣᠭᠤᠷᠢᠨ ᠢ ᠴᠤ ᠬᠠᠮᠠᠭᠠᠯᠠᠵᠠᠶ᠃︾ ᠭᠡᠵᠦ ᠬᠠᠷᠢᠭᠤᠴᠠᠯᠭᠠᠲᠠᠨ ᠵᠦ ᡂᠢ ᠭᠤᠸᠠᠩ ᠲᠠᠨᠢᠯᠴᠠᠭᠤᠯᠪᠠ᠃
   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠴᠢᠨᠠᠷ︾ ᠲᠠᠢ ᠮᠥᠷᠲᠡᠭᠡᠨ ︽ᠦᠩᠭᠡ︾ ᠲᠠᠢ ᠪᠠᠶᠢᠬᠤ ᠬᠡᠷᠡᠭᠲᠡᠢ᠃ ᠱᠦᠶ ᠴᠢᠤᠸᠠᠨ ᠪᠠᠯᠭᠠᠰᠤ ᠨᠢ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠤᠰᠤ ᠠᠷᠪᠢᠯᠠᠬᠤ ᠬᠥᠭᠵᠢᠯᠲᠡ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠬᠥᠬᠡ ᠣᠭᠲᠠᠷᠭᠤᠶ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶ ᠠᠬᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠳᠠᠬᠢᠯᠲᠠ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ ᠶᠢ ᠢᠳᠡᠪᠬᠢᠲᠡᠶ ᠰᠦᠪᠡᠭᠴᠢᠯᠡᠨ ᠬᠡᠷᠡᠭᠵᠢᠭᠦᠯᠵᠦ᠂ ᠲᠠᠷᠢᠶᠠᠯᠠᠩ ᠤᠨ ᠪᠣᠬᠢᠷᠲᠤᠯ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢ ᠴᠢᠩᠭᠠᠳᠬᠠᠵᠤ᠂ ᠲᠠᠷᠢᠮᠠᠯ ᠤᠨ ᠡᠷᠦᠬᠡ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠳᠤᠰᠤᠯᠭᠠᠨ ᠤᠰᠤᠯᠠᠬᠤ ᠪᠦᠰᠡ᠂ ᠲᠠᠷᠢᠶᠠᠯᠠᠩ ᠤᠨ ᠰᠦᠯᠢᠶᠣᠣ ᠪᠦᠷᠬᠦᠪᠴᠢ᠂ ᠲᠠᠷᠢᠶᠠᠯᠠᠩ ᠳᠤ ᠬᠡᠷᠡᠭᠯᠡᠬᠦ ᠦᠶᠯᠡᠳᠪᠦᠷᠢᠯᠡᠯ ᠤᠨ ᠬᠤᠭ ᠨᠣᠪᠰᠢ ᠵᠡᠷᠭᠡ ᠶᠢ ᠬᠤᠷᠢᠶᠠᠨ ᠠᠪᠬᠤ ᠡᠷᠴᠢᠮ ᠢ ᠴᠢᠩᠭᠠᠷᠠᠭᠤᠯᠵᠤ᠂ ᠴᠡᠪᠡᠷᠯᠡᠬᠦ ᠠᠵᠢᠯᠯᠠᠭ᠎ᠠ ᠶᠢᠨ ᠪᠠᠶᠢᠩᠭᠤᠵᠢᠬᠤ᠂ ᠣᠷᠳᠣ ᠬᠤᠭᠤᠴᠠᠭ᠎ᠠ ᠪᠦᠲᠦᠮᠵᠢᠲᠡᠶ ᠬᠡᠷᠡᠭᠵᠢᠭᠦᠯᠦᠭᠳᠡᠬᠦ ᠶᠢ ᠠᠬᠢᠭᠤᠯᠵᠤ᠂ ᠣᠷᠴᠢᠯ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠶᠢᠨ ᠬᠠᠮᠲᠤ᠂ ᠲᠠᠷᠢᠶᠠᠴᠢᠨ ᠡᠷᠦᠬᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠠᠷ ᠢ ᠴᠢᠩᠭᠠᠳᠬᠠᠵᠤ᠂ ᠠᠵᠤ ᠠᠬᠤᠶ ᠶᠢᠨ ᠦᠷ᠎ᠡ ᠠᠰᠢᠭ ᠬᠢᠭᠡᠳ ᠨᠡᠶᠢᠭᠡᠮ ᠤᠨ ᠦᠷ᠎ᠡ ᠠᠰᠢᠭ ᠤᠨ ︽ᠬᠤᠤᠰ ᠠᠮᠵᠢᠯᠲᠠ︾ ᠶᠢ ᠪᠡᠶᠡᠯᠡᠭᠦᠯᠦᠨ᠎ᠡ᠃ ᠣᠳᠣᠬᠠᠨ ᠪᠣᠯᠲᠠᠯ᠎ᠠ᠂ ᠪᠥᠬᠦ ᠪᠠᠯᠭᠠᠰᠤᠨ ᠳᠤ ᠳᠤᠰᠤᠯᠭᠠᠨ ᠤᠰᠤᠯᠠᠬᠤ ᠪᠦᠰᠡ ᠦᠶᠯᠡᠳᠪᠦᠷᠢᠯᠡᠬᠦ ᠠᠵᠤ ᠠᠬᠤᠶᠢᠯᠠᠯ 1 ᠪᠠᠶᠢᠵᠤ᠂ ᠨᠡᠶᠢᠲᠡ 6 ᠳᠤᠰᠤᠯᠭᠠᠨ ᠤᠰᠤᠯᠠᠬᠤ ᠪᠦᠰᠡ ᠶᠢᠨ ᠦᠶᠯᠡᠳᠪᠦᠷᠢᠯᠡᠯ ᠤᠨ ᠱᠤᠭᠤᠮ ᠲᠠᠢ᠂ ᠵᠢᠯ ᠳᠤ 10 ᠲᠦᠮᠡ ᠭᠠᠷᠤᠶ ᠳᠤᠰᠤᠯᠭᠠᠨ ᠤᠰᠤᠯᠠᠬᠤ ᠪᠦᠰᠡ ︵ᠪᠣᠭᠤᠳᠠᠯ ᠪᠦᠷᠢ 2000 ᠮᠧᠲᠷ︶ ᠦᠶᠯᠡᠳᠪᠦᠷᠢᠯᠡᠵᠦ᠂ ᠬᠠᠶᠠᠭᠳᠠᠮᠠᠯ ᠬᠠᠭᠤᠴᠢᠨ ᠳᠤᠰᠤᠯᠭᠠᠨ ᠤᠰᠤᠯᠠᠬᠤ ᠪᠦᠰᠡ ᠶᠢ ᠪᠦᠬᠦᠨ ᠢ ᠬᠤᠷᠢᠶᠠᠨ ᠠᠪᠴᠤ ᠳᠠᠬᠢᠨ ᠠᠰᠢᠭᠯᠠᠬᠤ ᠶᠢ ᠪᠡᠶᠡᠯᠡᠭᠦᠯᠪᠡ
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号