ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠢᠳᠡᠭᠡᠨ ᠤ ᠠᠮᠤᠷ ᠲᠦᠪᠰᠢᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/22
   ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠤᠯᠠᠮ ᠨᠢᠭᠡ ᠠᠯᠬᠤᠮ ᠤᠬᠠᠭᠤᠯᠵᠤ᠂ ᠪᠠᠭᠰᠢ ᠰᠤᠷᠤᠭᠴᠢᠳ  ᠤᠨ ᠢᠳᠡᠭᠡᠨ ᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠤᠰᠠᠳᠠ᠃ ᠣᠶᠢᠷ᠎ᠠ ᠳᠤ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠠᠵᠢᠯᠲᠠᠨ ᠲᠦᠴᠢᠦᠸᠠᠨ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠰᠤᠷᠤᠭᠴᠢᠳ ᠲᠤ ᠢᠳᠡᠭᠡᠨ ᠤ ᠠᠮᠤᠷ ᠲᠦᠪᠰᠢᠨ ᠤ ᠠᠮᠢᠳᠤᠯᠢᠭ ᠬᠢᠴᠢᠶᠡᠯ ᠣᠷᠣᠵᠤ ᠥᠭᠪᠡ᠃
   ᠠᠵᠢᠯᠯᠠᠭᠠᠨ ᠤ ᠲᠤᠬᠠᠶ ᠶᠢᠨ ᠲᠠᠯᠠᠪᠠᠶ ᠳᠤ᠂ ᠠᠵᠢᠯᠲᠠᠳ PPT ᠲᠠᠶᠢᠯᠤᠮᠵᠢ ᠬᠢᠬᠦ᠂ ᠠᠰᠠᠭᠤᠯᠲᠠ ᠬᠠᠷᠢᠭᠤᠯᠲᠠ ᠰᠣᠯᠢᠯᠴᠠᠬᠤ ᠵᠡᠷᠭᠡ ᠣᠯᠠᠨ ᠵᠦᠶᠯ ᠤᠨ ᠬᠡᠯᠪᠡᠷᠢ ᠪᠠᠷ ᠳᠠᠮᠵᠢᠭᠤᠯᠤᠨ᠂ ᠢᠳᠡᠭᠡᠨ ᠤ ᠠᠮᠤᠷ ᠲᠦᠪᠰᠢᠨ  ᠤ ᠨᠠᠷᠢᠨ ᠪᠤᠳᠤᠯᠢᠶᠠᠨᠲᠠᠶ ᠣᠭ ᠶᠣᠰᠣ ᠶᠢ ᠰᠤᠷᠤᠭᠴᠢᠳ ᠤᠨ ᠠᠮᠠᠷᠬᠠᠨ ᠣᠶᠢᠯᠠᠭᠠᠬᠤ᠂ ᠳᠤᠷᠠᠲᠠᠶ᠎ᠠ ᠭᠥᠯᠢᠶᠡᠨ ᠠᠪᠬᠤ ᠬᠡᠯᠪᠡᠷᠢ ᠪᠣᠯᠭᠠᠨ ᠬᠤᠪᠢᠷᠠᠭᠤᠯᠵᠤ᠂ ᠬᠤᠭ ᠢᠳᠡᠭᠡᠨ ᠤ ᠬᠤᠤᠷ ᠬᠥᠨᠥᠭᠡᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠵᠠᠳᠠᠯᠤᠨ ᠰᠢᠨᠵᠢᠯᠡᠭᠰᠡᠨ ᠪᠥᠭᠡᠳ ᠰᠤᠷᠤᠭᠴᠢᠳ ᠲᠤ ᠰᠠᠶᠢᠨ ᠰᠠᠶᠢᠬᠠᠨ ᠬᠤᠭᠤᠯᠠᠨ ᠤ ᠡᠮᠦᠨᠡᠬᠢ ᠳᠠᠳᠬᠠᠯ ᠲᠠᠢ ᠪᠣᠯᠬᠤ ᠶᠢ ᠰᠡᠷᠡᠮᠵᠢᠯᠡᠭᠦᠯᠵᠡᠶ᠃ ᠡᠭᠦᠨ ᠤ ᠬᠠᠮᠲᠤ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠢᠳᠡᠭᠡᠨ ᠤ ᠪᠣᠭᠤᠳᠠᠯ ᠳᠡᠭᠡᠷᠡᠬᠢ ᠲᠡᠮᠳᠡᠭ ᠤᠨ ᠮᠡᠳᠡᠭᠡ ᠵᠠᠩᠭᠢ ᠶᠢ ᠠᠩᠬᠠᠷᠴᠤ᠂ ᠵᠢᠩᠬᠢᠨᠢ ᠠᠷᠭ᠎ᠠ ᠵᠠᠮ ᠢ ᠰᠣᠩᠭᠤᠵᠤ ᠪᠠᠶᠢᠭᠠᠳ ᠢᠳᠡᠭᠡᠨ ᠬᠤᠳᠠᠯᠳᠤᠨ ᠠᠪᠬᠤ ᠶᠢ ᠰᠤᠷᠬᠤ ᠶᠢᠨ ᠬᠠᠮᠲᠤ ᠢᠳᠡᠭᠡᠨ ᠤ ᠥᠩᠭᠡ ᠪᠠ ᠦᠨᠦᠷ ᠢ ᠠᠩᠬᠠᠷᠴᠤ᠂ ︽ᠭᠤᠷᠪᠠ ᠦᠭᠡᠶ︾ ᠦᠢᠯᠡᠳᠬᠦᠨ ᠢ ᠬᠤᠳᠠᠯᠳᠤᠨ ᠠᠪᠬᠤ ᠠᠴᠠ ᠵᠠᠶᠢᠯᠠᠰᠬᠢᠬᠦ ᠬᠡᠷᠡᠭᠲᠡᠶ᠃ ᠨᠥᠬᠦᠳ  ᠤᠳ ᠰᠡᠳᠬᠢᠯ ᠲᠠᠯᠪᠢᠨ ᠰᠣᠨᠣᠰᠴᠤ᠂ ᠮᠠᠰᠢ ᠤᠯᠤᠯᠳᠠ ᠲᠠᠢ ᠭᠡᠵᠦ ᠢᠯᠡᠳᠬᠡᠵᠦ ᠪᠠᠶᠢᠨ᠎ᠠ᠃
   ︽ᠥᠨᠥᠳᠦᠷ ᠤᠨ ᠲᠠᠶᠢᠯᠪᠤᠷᠢᠯᠠᠯᠲᠠ ᠪᠠᠷ ᠳᠠᠮᠵᠢᠨ᠂ ᠪᠢ ᠮᠠᠰᠢ ᠤᠯᠠᠨ ᠣᠯᠤᠯᠲᠠ ᠲᠠᠢ ᠪᠣᠯᠵᠠᠢ᠂ ᠬᠤᠵᠢᠮ ᠯᠠᠪᠲᠠᠢ ᠰᠢᠨᠵᠢᠯᠡᠬᠦ ᠤᠬᠠᠭᠠᠨᠴᠢ ᠡᠷᠡᠭᠦᠯ ᠰᠠᠷᠠᠭᠤᠯ ᠢᠳᠡᠭᠡᠨ ᠤ ᠠᠮᠤᠷ ᠲᠦᠪᠰᠢᠨ ᠤ ᠦᠵᠡᠯᠲᠡ ᠶᠢ ᠰᠤᠷᠤᠯᠴᠠᠨ ᠪᠤᠢ ᠪᠣᠯᠭᠠᠵᠤ᠂ ᠡᠷᠡᠭᠦᠯ ᠰᠠᠷᠠᠭᠤᠯ ᠢᠳᠡᠭᠡᠨ ᠤᠮᠳᠠᠭᠠᠨ ᠤ ᠠᠮᠢᠳᠤᠷᠠᠯ ᠤᠨ ᠳᠠᠳᠬᠠᠯ ᠢ ᠪᠤᠢ ᠪᠣᠯᠭᠠᠵᠤ᠂ ᠬᠤᠭ ᠢᠳᠡᠭᠡᠨ ᠤ ᠥᠳᠥᠭᠡᠯᠭᠡ ᠶᠢ ᠬᠤᠷᠢᠭᠯᠠᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠬᠦ ᠶᠢᠨ ᠬᠠᠮᠲᠤ ᠤᠬᠠᠮᠰᠠᠷ ᠠᠴᠠ ᠪᠠᠨ ᠢᠳᠡᠭᠡᠨ ᠤ ᠠᠮᠤᠷ ᠲᠦᠪᠰᠢᠨ ᠤ ᠤᠬᠠᠭᠤᠯᠤᠭᠴᠢ ᠪᠠ ᠬᠢᠨᠠᠯᠲᠠ ᠲᠠᠯᠪᠢᠭᠴᠢ ᠪᠣᠯᠤᠨ᠎ᠠ ᠃︾ ᠭᠡᠵᠦ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠰᠤᠷᠤᠭᠴᠢ ᠵᠣᠣ ᠰᠢᠶᠤᠤ ᠵᠧᠦ ᠪᠠᠶᠠᠷᠲᠠᠶ ᠪᠠᠷ ᠬᠡᠯᠡᠨ᠎ᠡ᠃    ᠲᠣᠰ ᠤᠳᠠᠭᠠᠨ ᠤ ᠢᠳᠡᠭᠡᠨ ᠤ ᠵᠦᠶᠯ ᠤᠨ ᠠᠮᠤᠷ ᠲᠦᠪᠰᠢᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠤᠬᠠᠭᠤᠯᠭ᠎ᠠ ᠶᠢᠨ ᠠᠵᠢᠯᠯᠠᠭ᠎ᠠ ᠨᠢ ᠰᠤᠷᠤᠭᠴᠢᠳ ᠤᠨ ᠢᠳᠡᠭᠡᠨ ᠤ ᠵᠦᠶᠯ ᠤᠨ ᠠᠮᠤᠷ ᠲᠦᠪᠰᠢᠨ ᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠬᠦ ᠪᠠᠷ ᠪᠠᠷᠠᠬᠤ ᠥᠬᠡᠶ ᠪᠠᠰᠠ ︽ᠨᠢᠭᠡ ᠬᠡᠦᠬᠡᠳ ᠢ ᠰᠤᠷᠭᠠᠨ ᠬᠦᠮᠦᠵᠢᠭᠦᠯᠵᠦ᠂ ᠨᠢᠭᠡ ᠬᠡᠷ ᠪᠦᠯᠢ ᠶᠢ ᠳᠠᠶᠢᠴᠢᠯᠠᠬᠤ᠂ ᠪᠥᠬᠦ ᠨᠡᠶᠢᠭᠡᠮ ᠢ ᠨᠥᠯᠥᠭᠡᠯᠡᠬᠦ︾ ᠢᠳᠡᠭᠡᠨ ᠤ ᠵᠦᠶᠯ ᠤᠨ ᠠᠮᠤᠷ ᠲᠦᠪᠰᠢᠨ ᠤ ᠬᠡᠷᠡᠭᠯᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠪᠠᠷ ᠴᠢᠷᠮᠠᠶᠢᠵᠤ᠂ ᠨᠠᠰᠤᠨ ᠳᠤ ᠥᠯᠥ ᠭᠦᠷᠦᠭᠰᠡᠳ ᠲᠤ ᠡᠷᠡᠭᠦᠯ ᠮᠡᠨᠳᠦ᠂ ᠠᠮᠤᠷ ᠲᠦᠪᠰᠢᠨ ᠢᠳᠡᠭᠡᠨ ᠤᠮᠳᠠᠭᠠᠨ ᠤ ᠣᠷᠴᠢᠨ ᠨᠥᠬᠦᠴᠡᠯ ᠢ ᠠᠯᠢ ᠴᠢᠳᠠᠬᠤ ᠪᠠᠷ ᠪᠣᠶ ᠪᠣᠯᠭᠠᠵᠤ ᠥᠭᠭᠦᠨ᠎ᠡ᠃    ︽ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠬᠤᠭᠤᠯᠠᠨ ᠬᠡᠷ ᠤᠨ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠲᠠᠰ ᠳᠠᠷᠠᠭᠠᠯᠠᠯ ᠤᠨ ᠬᠢᠨᠠᠯᠲᠠ ᠶᠢ ᠴᠢᠩᠳᠠᠯᠠᠵᠤ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ  ᠤ ᠪᠠᠶᠢᠴᠠᠭᠠᠯᠲᠠ ᠶᠢ ᠪᠠᠶᠢᠩᠭᠤ ᠥᠷᠨᠢᠭᠦᠯᠵᠦ᠂ ︽ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠵᠡᠷᠭᠡ ᠡᠯ᠎ᠡ ᠵᠦᠶᠯ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠢᠳᠡᠭᠡᠨ ᠤ ᠠᠮᠤᠷ ᠲᠦᠪᠰᠢᠨ ᠤ ᠪᠣᠯᠪᠠᠰᠤᠷᠠᠭᠤᠯᠤᠯ ᠪᠠ ᠤᠬᠠᠭᠤᠯᠭ᠎ᠠ ᠬᠥᠮᠦᠵᠢᠯ ᠢ ᠣᠯᠠᠨ ᠤᠳᠠᠭ᠎ᠠ ᠥᠷᠨᠢᠭᠦᠯᠵᠦ᠂ ᠣᠲᠣ ᠪᠣᠯᠲᠠᠯ᠎ᠠ ᠨᠢᠭᠡᠨᠲᠡ 12500 ᠭᠠᠷᠤᠶ ᠰᠣᠷᠣᠭᠴᠢ ᠶᠢ ᠬᠠᠮᠤᠷᠤᠭᠰᠠᠨ ᠪᠠᠶᠢᠨ᠎ᠠ᠃ ᠡᠭᠦᠨ ᠤ ᠬᠠᠮᠲᠤ᠂ ︽ᠢᠨᠲ᠋ᠧᠷ ᠰᠦᠯᠵᠢᠶ᠎ᠡ + ᠺᠣᠳ᠋ ᠣᠯᠭᠤᠬᠤ︾ ᠲᠠᠪᠴᠠᠩ ᠢ ᠰᠢᠨ᠎ᠡ  ᠪᠠᠷ ᠡᠭᠦᠳᠦᠨ ᠬᠡᠷᠡᠭᠯᠡᠵᠦ᠂ 29 ᠰᠤᠷᠭᠠᠭᠤᠯᠢ ᠶᠢᠨ ᠬᠤᠭᠤᠯᠠᠨ ᠬᠡᠷ ᠤᠨ ᠬᠢᠨᠠᠨ ᠡᠵᠡᠮᠳᠡᠬᠦ ᠪᠠ ᠰᠤᠷᠭᠠᠨ ᠬᠥᠮᠦᠵᠢᠯ  ᠤᠨ ᠲᠣᠪᠴᠢᠶ᠎ᠠ ᠶᠢ ᠰᠦᠯᠵᠢᠶᠡᠵᠢᠬᠦᠯᠦᠨ ᠪᠥᠷᠬᠦᠭᠦᠯᠬᠦ ᠶᠢ ᠪᠡᠶᠡᠯᠡᠭᠦᠯᠵᠦ᠂ ᠰᠤᠷᠤᠭᠴᠢᠳ ᠤᠨ ︿ᠢᠳᠡᠭᠡᠨ ᠤᠮᠳᠠᠭᠠᠨ  ᠤ ᠠᠮᠤᠷ ᠲᠦᠪᠰᠢᠨ﹀ ᠢ ᠨᠠᠩ ᠰᠠᠶᠢᠲᠤᠷ ᠪᠠᠲᠤᠯᠠᠨ᠎ᠠ᠃︾ ᠭᠡᠵᠦ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ  ᠤ ᠠᠮᠤᠷ ᠲᠦᠪᠰᠢᠨ ᠤ ᠠᠯᠪᠠᠨ ᠭᠡᠷ ᠤᠨ ᠠᠵᠢᠯᠲᠠᠨ ᠵᠠᠩ ᠬᠤᠩ ᠶᠠᠨ ᠲᠠᠨᠢᠯᠴᠠᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号