ᠡᠪᠦᠯ ᠤᠨ ᠡᠬᠢᠨ ᠤ ᠦᠶ᠎ᠡ ᠪᠠᠷ᠂ ᠲᠦᠴᠢᠦᠸᠠᠨ ᠪᠠᠯᠭᠠᠰᠤᠨ ᠤ ᠯᠢᠦ ᠾᠧ ᠲᠣᠰᠬᠤᠨ ᠤ ᠲᠠᠯ᠎ᠠ ᠨᠤᠲᠤᠭ ᠤᠨ | ᠨᠣᠮ ᠤᠨ ᠥᠷᠥᠭᠡᠨ ᠳᠤ ᠤᠷᠤᠬᠤ ᠳᠤ᠂ ᠨᠣᠮ ᠳᠡᠪᠲᠡᠷ ᠢ ᠨᠣᠮ ᠤᠨ ᠲᠠᠯᠪᠢᠭᠤᠷ ᠳᠡᠭᠡᠷ᠎ᠡ ᠡᠮᠬᠢ ᠵᠢᠷᠤᠮ ᠲᠠᠢ ᠪᠠᠷ | ᠲᠠᠯᠪᠢᠵᠤ᠂ ᠨᠣᠮ ᠤᠩᠰᠢᠬᠤ ᠪᠠᠷ ᠢᠷᠡᠭᠰᠡᠨ ᠲᠣᠰᠬᠤᠨ ᠤ ᠠᠷᠠᠳ ᠥᠪᠡᠷ ᠤᠨ ᠳᠤᠷᠠᠲᠠᠢ ᠨᠣᠮ ᠢᠶᠠᠨ ᠰᠣᠩᠭᠤᠵᠤ᠂ | ᠰᠡᠳᠬᠢᠯ ᠲᠠᠯᠪᠢᠨ ᠤᠩᠰᠢᠨ᠎ᠠ᠃ ᠲᠦᠴᠢᠦᠸᠠᠨ ᠪᠠᠯᠭᠠᠰᠤ ᠡᠯ᠎ᠡ ᠲᠣᠰᠬᠤᠨ ᠤ ᠲᠠᠯ᠎ᠠ ᠨᠤᠲᠤᠭ ᠤᠨ ᠨᠣᠮ ᠤᠨ | ᠥᠷᠥᠭᠡ ᠶᠢᠨ ᠡᠭᠦᠷᠭᠡ ᠴᠢᠳᠠᠪᠬᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠨᠣᠮ ᠤᠨ ᠥᠷᠥᠭᠡ ᠶᠢᠨ ᠴᠢᠳᠠᠮᠵᠢ | ᠶᠢᠨ ᠠᠭᠤᠯᠤᠭᠳᠠᠬᠤᠨ ᠪᠠ ᠠᠭᠤᠯᠬᠤᠨ ᠢ ᠥᠷᠭᠡᠳᠬᠡᠵᠦ᠂ ᠣᠯᠠᠨ ᠲᠦᠮᠡᠨ ᠤ ᠣᠶᠤᠨ ᠤ ᠰᠣᠶᠣᠯ ᠤᠨ ᠬᠡᠷᠡᠭᠴᠡᠭᠡ | ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠲᠠᠯ᠎ᠠ ᠨᠤᠲᠤᠭ ᠤᠨ ᠨᠣᠮ ᠤᠨ ᠥᠷᠥᠭᠡ ᠪᠠᠨ ᠦᠨᠡᠨ ᠬᠦ | ᠠᠮᠢᠯᠠᠭᠤᠯᠵᠤ᠂ ᠦᠨᠡᠨ ᠬᠦ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠰᠢᠯᠦᠭ ᠪᠠ | ᠠᠯᠤᠰ ᠢᠷᠡᠭᠡᠳᠦᠶ︾ ᠲᠠᠢ ᠪᠣᠯᠭᠠᠵᠠᠶ᠃ | | ᠵᠢᠭᠰᠠᠭᠠᠯ ᠤᠨ ᠭᠠᠵᠠᠷ ᠤᠨ ᠰᠠᠭᠤᠷᠢ ᠶᠢ ᠪᠠᠬᠢᠵᠢᠭᠦᠯᠵᠦ᠂ ᠣᠯᠠᠨ ᠲᠦᠮᠡᠨ ᠤ ᠳᠡᠷᠭᠡᠳᠡᠬᠢ ︽ᠰᠣᠶᠣᠯ ᠤᠨ | ᠡᠭᠦᠷ︾ ᠢ ᠪᠠᠶᠢᠭᠤᠯᠤᠨ᠎ᠠ | ︽ᠪᠢᠳᠡᠨ ᠪᠦᠷ ᠲᠠᠷᠢᠶ᠎ᠠ ᠲᠠᠷᠢᠬᠤ ᠳᠤ ᠲᠦᠰᠢᠭᠯᠡᠨ ᠠᠮᠢᠳᠤᠷᠠᠳᠠᠭ᠂ ᠥᠩᠭᠡᠷᠡᠭᠰᠡᠨ ᠳᠤ ᠲᠠᠷᠢᠶᠠᠨ ᠳᠤ | ᠡᠪᠡᠳᠴᠢᠨ ᠤ ᠬᠤᠣᠷ ᠬᠥᠨᠥᠭᠡᠯ ᠲᠠᠢ ᠪᠤᠯᠤᠭᠰᠠᠭᠠᠷ᠂ ᠶᠡᠷᠦ ᠨᠢ ᠪᠤᠰᠤᠳ ᠢᠶᠠᠷ ᠦᠵᠡᠭᠦᠯᠳᠡᠭ᠂ ᠲᠣᠰᠬᠤᠨ ᠳᠤ ︿ | ᠲᠠᠯ᠎ᠠ ᠨᠤᠲᠤᠭ ᠤᠨ ᠨᠣᠮ ᠤᠨ ᠦᠷᠦᠭᠡ﹀ ᠲᠠᠢ ᠪᠣᠯᠤᠭᠰᠠᠨ ᠠᠴᠠ ᠨᠠᠭᠠᠰᠢ᠂ ᠪᠢ ᠦᠷᠭᠦᠯᠵᠢ ᠬᠤᠯᠪᠣᠭᠳᠠᠯ ᠪᠦᠬᠦᠢ | ᠨᠣᠮ ᠪᠢᠴᠢᠭ ᠵᠢᠭᠡᠯᠡᠵᠦ ᠤᠩᠰᠢᠵᠤ ᠰᠤᠷᠤᠯᠴᠠᠳᠠᠭ᠂ ᠤᠳᠠᠭᠠᠨ ᠳᠠᠭᠠᠨ ᠪᠠᠭ᠎ᠠ ᠡᠪᠡᠳᠴᠢᠨ ᠪᠠᠭ᠎ᠠ ᠭᠠᠮᠰᠢᠭ ᠢ ᠥᠪᠡᠷ | ᠢᠶᠠᠨ ᠰᠢᠢᠳᠪᠦᠷᠢᠯᠡᠴᠢᠬᠡᠨ᠎ᠡ᠃︾ ᠭᠡᠵᠦ ᠯᠢᠦ ᠾᠧ ᠲᠣᠰᠬᠤᠨ ᠤ ᠠᠷᠠᠳ ᠶᠠᠩ ᠵᠢᠶᠦ᠋ᠨ ᠬᠡᠯᠡᠪᠡ᠃ ᠲᠦᠴᠢᠦᠸᠠᠨ | ᠪᠠᠯᠭᠠᠰᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠦᠶᠯᠡᠴᠢᠯᠡᠭᠡᠨ ᠤ ᠬᠢᠷᠢ ᠲᠦᠪᠰᠢᠨ ᠪᠠ ᠶᠠᠰᠤ ᠴᠢᠨᠠᠷ ᠢᠶᠠᠨ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠯ᠎ᠡ ᠲᠣᠰᠬᠤᠨ ᠤ ᠲᠠᠯ᠎ᠠ ᠨᠤᠲᠤᠭ ᠤᠨ ᠨᠣᠮ ᠤᠨ ᠥᠷᠥᠭᠡ ᠳᠤ ᠨᠣᠮ ᠤᠨ | ᠬᠤᠷᠭᠤ᠂ ᠨᠣᠮ ᠤᠨ ᠲᠠᠯᠪᠢᠭᠤᠷ᠂ ᠰᠢᠷᠡᠭᠡ ᠰᠠᠨᠳᠠᠯᠢ ᠵᠡᠷᠭᠡ ᠬᠠᠲᠠᠭᠤ ᠲᠣᠨᠤᠭ ᠲᠥᠬᠦᠭᠡᠷᠦᠮᠵᠢ ᠶᠢ ᠪᠦᠷᠢᠨ | ᠭᠦᠶᠴᠡᠳ ᠲᠣᠬᠢᠷᠠᠭᠤᠯᠵᠤ᠂ ᠲᠠᠯ᠎ᠠ ᠨᠤᠲᠤᠭ ᠤᠨ ᠨᠣᠮ ᠤᠨ ᠥᠷᠥᠭᠡ 41 ᠨᠡᠷᠡᠰ ᠬᠠᠮᠢᠶᠠᠷᠤᠭᠴᠢ ᠲᠣᠬᠢᠷᠠᠭᠤᠯᠵᠤ᠂ | ᠣᠯᠠᠨ ᠲᠦᠮᠡᠨ ᠤ ᠳᠤᠷᠠᠲᠠᠶ ᠨᠣᠮ ᠪᠢᠴᠢᠭ ᠤᠨ ᠲᠥᠷᠥᠯ ᠵᠦᠶᠯ ᠢ ᠡᠮᠬᠢᠯᠡᠨ ᠬᠤᠷᠢᠶᠠᠩᠭᠤᠶᠢᠯᠠᠵᠤ᠂ ᠨᠠᠩ ᠣᠯᠠᠨ | ᠡᠷᠡᠭᠦᠯ ᠠᠭᠤᠯᠭ᠎ᠠ ᠲᠠᠢ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠨᠣᠮ ᠪᠢᠴᠢᠭ ᠢ ᠲᠠᠯ᠎ᠠ ᠨᠤᠲᠤᠭ ᠤᠨ ᠨᠣᠮ ᠤᠨ | ᠥᠷᠥᠭᠡ ᠳᠤ ᠣᠷᠣᠭᠤᠯᠪᠠ᠃ ᠲᠠᠯ᠎ᠠ ᠨᠤᠲᠤᠭ ᠤᠨ ᠨᠣᠮ ᠤᠨ ᠥᠷᠥᠭᠡ ᠨᠢ ᠲᠣᠰᠬᠤᠨ ᠤ ᠠᠷᠠᠳ ᠤᠨ ᠠᠵᠢᠯ ᠤᠨ | ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠶ᠂ ᠪᠠᠰᠠ ᠴᠢᠳᠠᠪᠤᠷᠢ ᠪᠠᠨ | ᠳᠡᠭᠡᠭᠰᠢᠯᠡᠭᠦᠯᠵᠦ᠂ ᠰᠢᠨ᠎ᠡ ᠮᠡᠳᠡᠯᠭᠡ᠂ ᠰᠢᠨ᠎ᠡ ᠤᠷ᠎ᠠ ᠴᠢᠳᠠᠪᠤᠷᠢ ᠶᠢ ᠡᠵᠡᠮᠰᠢᠵᠦ᠂ ᠲᠣᠰᠬᠤᠨ ᠤ ᠠᠷᠠᠳ ᠢ | ᠬᠠᠪᠰᠤᠷᠤᠨ ︽ᠨᠤᠲᠤᠭ ᠤᠨ ᠲᠤᠰᠬᠠᠶ ᠮᠡᠷᠭᠡᠵᠢᠯᠲᠡᠨ︾ ᠪᠣᠯᠭᠠᠵᠤ ᠴᠢᠳᠠᠨ᠎ᠠ᠃ | | ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠨᠤᠲᠤᠭ ᠤᠨ ᠰᠤᠷᠲᠠᠯ ᠤᠨ ᠪᠣᠯᠪᠠᠰᠤᠨ ᠤ ︽ᠲᠣᠰᠣ | ᠨᠡᠮᠡᠬᠦ ᠥᠷᠲᠡᠭᠡ︾ ᠶᠢ ᠪᠣᠶ ᠪᠣᠯᠭᠠᠨ᠎ᠠ | 12 ᠰᠠᠷ᠎ᠠ ᠶᠢᠨ 20 ᠤ ᠡᠳᠦᠷ᠂ ᠲᠦᠴᠢᠦᠸᠠᠨ ᠪᠠᠯᠭᠠᠰᠤᠨ ᠤ ᠪᠸᠢ ᠰᠢᠶᠠᠩ ᠲᠣᠰᠬᠤᠨ ︽ᠤᠮᠠᠷᠠᠲᠤ | ᠬᠢᠯᠢ ᠶᠢᠨ ᠤᠩᠰᠢᠯᠭ᠎ᠠ︾ ᠶᠢᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠲᠣᠰᠬᠤᠨ ᠤ ᠠᠷᠠᠳ ᠬᠤᠶᠢᠨ᠎ᠠ | ᠬᠤᠶᠢᠨ᠎ᠠ ᠠᠴᠠ ᠪᠠᠨ ᠨᠣᠮ ᠤᠨ ᠥᠷᠥᠭᠡ ᠳᠤ ᠢᠷᠡᠵᠦ ᠤᠩᠰᠢᠵᠤ ᠬᠤᠪᠢᠶᠠᠯᠴᠠᠬᠤ ᠠᠵᠢᠯᠯᠠᠭ᠎ᠠ ᠳᠤ ᠣᠷᠣᠯᠴᠠᠪᠠ᠃ | ︽︿ᠲᠠᠯ᠎ᠠ ᠨᠤᠲᠤᠭ ᠤᠨ ᠨᠣᠮ ᠤᠨ ᠥᠷᠥᠭᠡ﹀ ᠮᠠᠰᠢ ᠳᠣᠲᠣᠨᠣ᠂ ᠥᠨᠥᠳᠦᠷ ᠤᠨ ᠤᠬᠠᠭᠤᠯᠤᠨ ᠲᠠᠶᠢᠯᠪᠤᠷᠢᠯᠠᠭᠴᠢ | ᠶᠢᠨ ᠬᠤᠪᠢᠶᠠᠯᠴᠠᠭᠰᠠᠨ ᠦᠨᠡᠨᠴᠢ ᠢᠲᠡᠭᠡᠮᠵᠢ ᠶᠢᠨ ᠦᠯᠢᠭᠡᠷ ᠨᠢ ᠨᠠᠮᠠᠶᠢ ᠮᠠᠰᠢ ᠳᠣᠭᠳᠣᠯᠤᠭᠤᠯᠪᠠ᠂ ᠬᠠᠷᠢᠪᠠᠯ ᠪᠢ | ᠵᠡᠷᠭᠡᠯᠡᠳᠡᠭᠡ ᠠᠶᠢᠯ ᠳᠠᠭᠠᠨ ᠶᠠᠷᠢᠵᠤ ᠥᠭᠭᠦᠨ᠎ᠡ᠃︾ ᠭᠡᠵᠦ ᠪᠸᠢ ᠰᠢᠶᠠᠩ ᠲᠣᠰᠬᠤᠨ ᠤ ᠠᠷᠠᠳ ᠳ᠋ᠦ᠋ ᠫᠧᠩ | ᠪᠠᠶᠠᠷᠲᠠᠢ ᠬᠡᠯᠡᠨ᠎ᠡ᠃ ᠲᠦᠴᠢᠦᠸᠠᠨ ᠪᠠᠯᠭᠠᠰᠤ ᠰᠣᠶᠣᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ | ︽ᠦᠨᠳᠦᠰᠦ︾ ᠪᠠ ︽ᠰᠦᠨᠡᠰᠦ︾ ᠪᠣᠯᠭᠠᠵᠤ᠂ 41 ᠲᠣᠰᠬᠤᠨ ᠢ ᠵᠣᠬᠢᠶᠠᠨ ᠪᠠᠶᠢᠭᠤᠯᠵᠤ ᠲᠠᠯ᠎ᠠ ᠨᠤᠲᠤᠭ ᠤᠨ | ᠨᠣᠮ ᠤᠨ ᠥᠷᠥᠭᠡ ᠪᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠶᠯᠡᠴᠢᠯᠡᠭᠡ᠂ | ᠣᠨᠴᠠᠯᠢᠭᠲᠤ ᠠᠵᠢᠯᠯᠠᠭ᠎ᠠ ᠶᠢ ᠤᠶᠠᠯᠳᠤᠭᠤᠯᠵᠤ᠂ ︽ᠲᠠᠯ᠎ᠠ ᠨᠤᠲᠤᠭ ᠤᠨ ᠨᠣᠮ ᠤᠨ ᠥᠷᠥᠭᠡ +︾ ᠬᠥᠭᠵᠢᠯᠲᠡ | ᠶᠢᠨ ᠠᠵᠢᠯ ᠤᠨ ᠠᠷᠭ᠎ᠠ ᠵᠠᠮ ᠢ ᠢᠳᠡᠪᠬᠢᠲᠡᠶ ᠰᠦᠪᠡᠭᠴᠢᠯᠡᠪᠡ᠃ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠶᠯᠡᠳᠦᠯᠭᠡ ᠶᠢᠨ ᠠᠵᠢᠯ ᠲᠠᠢ ᠤᠶᠠᠯᠳᠤᠭᠤᠯᠵᠤ᠂ ᠨᠣᠮ ᠤᠨ ᠥᠷᠥᠭᠡ ᠳᠤ ᠡᠯ᠎ᠡ ᠲᠥᠷᠥᠯ ᠤᠨ ᠣᠨᠣᠯ ᠤᠨ | ᠤᠬᠠᠭᠤᠯᠭ᠎ᠠ᠂ ᠮᠡᠳᠡᠯᠭᠡ ᠶᠢᠨ ᠲᠠᠶᠢᠯᠤᠮᠵᠢ ᠵᠡᠷᠭᠡ ᠪᠣᠯᠪᠠᠰᠤᠨ ᠤ ᠦᠶᠯᠡᠳᠦᠯᠭᠡ ᠶᠢᠨ ᠠᠵᠢᠯᠯᠠᠭ᠎ᠠ ᠶᠢ 237 ᠲᠠᠯᠠᠪᠤᠷ | ᠥᠷᠨᠢᠭᠦᠯᠵᠦ᠂ ᠬᠥᠳᠡᠭᠡ ᠲᠣᠰᠬᠤᠨ ᠤ ᠤᠩᠰᠢᠯᠭ᠎ᠠ ᠶᠢᠨ ᠬᠡᠷᠡᠭᠴᠡᠭᠡ ᠱᠠᠭᠠᠷᠳᠠᠯᠭ᠎ᠠ ᠲᠠᠢ ᠪᠦᠲᠦᠮᠵᠢᠲᠡᠶ | ᠵᠣᠯᠭᠠᠭᠤᠯᠵᠤ᠂ ᠠᠭᠤᠯᠭ᠎ᠠ ᠶᠢᠨ ᠬᠠᠩᠭᠠᠯᠭ᠎ᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠲᠠᠯ᠎ᠠ ᠨᠤᠲᠤᠭ ᠤᠨ | ᠨᠣᠮ ᠤᠨ ᠥᠷᠥᠭᠡ ᠳᠤ ︽ᠬᠤᠭᠤᠯᠠ ᠨᠡᠮᠡᠵᠦ︾᠂ ᠲᠠᠯ᠎ᠠ ᠨᠤᠲᠤᠭ ᠤᠨ ᠨᠣᠮ ᠤᠨ ᠥᠷᠥᠭᠡ ᠨᠢ ᠬᠤᠪᠢᠰᠬᠠᠯ ᠤᠨ | ᠬᠥᠮᠦᠵᠢᠯ ᠤᠨ ︽ᠰᠢᠨ᠎ᠡ ᠵᠢᠭᠰᠠᠭᠠᠯ ᠤᠨ ᠭᠠᠵᠠᠷ︾ ᠪᠣᠯᠬᠤ ᠶᠢ ᠠᠬᠢᠭᠤᠯᠪᠠ᠃ |