ᠲᠠᠯ᠎ᠠ ᠨᠤᠲᠤᠭ ᠤᠨ ᠨᠣᠮ ᠤᠨ ᠥᠷᠥᠭᠡ ᠬᠥᠳᠡᠭᠡ ᠲᠣᠰᠬᠤᠨ ᠤ ︽ᠨᠣᠮ ᠤᠨ ᠵᠠᠮ︾ ᠢ ︽ᠭᠡᠷᠡᠯᠲᠦᠭᠦᠯᠦᠨ᠎ᠡ︾
ᠨᠡᠶᠢᠲᠡᠯᠡᠭᠰᠡᠨ ᠴᠠᠭ᠄
2024/12/25
   ᠬᠠᠷᠢᠶᠠᠲᠤ ᠣᠷᠣᠨ ᠤ ᠣᠯᠠᠨ ᠲᠦᠮᠡᠨ ᠤ ᠣᠶᠤᠨ ᠤ ᠪᠠ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠥᠷᠭᠡᠨ ᠣᠯᠠᠨ ᠲᠦᠮᠡᠨ ᠤ ᠨᠣᠮ ᠤᠩᠰᠢᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠬᠤ ᠶᠢᠨ ᠲᠥᠯᠥᠭᠡ᠂ ᠶᠦᠩ ᠠᠨ ᠪᠠᠯᠭᠠᠰᠤ ᠲᠠᠯ᠎ᠠ ᠨᠤᠲᠤᠭ ᠤᠨ ᠨᠣᠮ  ᠤᠨ ᠥᠷᠥᠭᠡ ᠭᠡᠬᠦ ᠡᠨᠡ ᠬᠦ ᠵᠢᠭᠰᠠᠭᠠᠯ ᠤᠨ ᠭᠠᠵᠠᠷ ᠢ ᠰᠠᠶᠢᠲᠤᠷ ᠬᠡᠷᠡᠭᠯᠡᠵᠦ᠂ ᠥᠪᠡᠷᠮᠢᠴᠡ ᠣᠨᠴᠠᠯᠢᠭ ᠲᠠᠢ ᠠᠵᠢᠯᠯᠠᠭ᠎ᠠ ᠥᠷᠨᠢᠭᠦᠯᠬᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠲᠠᠢ ᠤᠶᠠᠯᠳᠤᠭᠤᠯᠬᠤ᠂ ᠰᠠᠶᠢᠨ ᠳᠤᠷᠠᠴᠤᠳ ᠤᠨ ᠬᠦᠴᠦᠨ ᠢ ᠪᠠᠳᠠᠷᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠠᠯ᠎ᠠ ᠨᠤᠲᠤᠭ ᠤᠨ ᠨᠣᠮ  ᠤᠨ ᠥᠷᠥᠭᠡ ᠶᠢᠨ ᠡᠬᠢ ᠪᠠᠶᠠᠯᠢᠭ ᠢ ᠠᠮᠢᠳᠤᠯᠢᠭᠵᠢᠭᠤᠯᠤᠨ ᠠᠰᠢᠭᠯᠠᠬᠤ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ︽ᠨᠤᠮ ᠤᠨ ᠵᠠᠮ︾ ᠢ ᠭᠠᠷᠭᠠᠪᠠ᠃
   ᠨᠣᠮ ᠤᠨ ᠥᠷᠥᠭᠡ ᠳᠤ ᠤᠮᠠᠷᠠᠲᠤ ᠬᠢᠯᠢ ᠶᠢᠨ ᠤᠩᠰᠢᠯᠭ᠎ᠠ ᠶᠢᠨ ᠠᠵᠢᠯᠯᠠᠭ᠎ᠠ ᠦᠷᠨᠢᠭᠦᠯᠵᠦ ᠬᠥᠳᠡᠭᠡ ᠲᠣᠰᠬᠤᠨ  ᠤ ᠵᠠᠩ ᠰᠤᠷᠲᠠᠯ ᠰᠣᠶᠣᠯ ᠤᠨ ᠲᠣᠰᠣ ᠨᠡᠮᠡᠬᠦ ᠥᠷᠲᠡᠭᠡ ᠶᠢ ᠪᠠᠶᠢᠭᠤᠯᠪᠠ    ︽12 ᠰᠠᠷ᠎ᠠ ᠪᠣᠯ ᠨᠢᠭᠡ ᠵᠢᠯ ᠤᠨ ᠬᠠᠮᠤᠭ ᠰᠡᠭᠦᠯᠴᠢ ᠶᠢᠨ ᠨᠢᠭᠡ ᠰᠠᠷ᠎ᠠ᠂ ᠣᠯᠠᠨ ᠢᠶᠠᠷ ᠢᠶᠠᠨ ᠲᠠᠷᠢᠶᠠᠨ ᠠᠵᠢᠯ ᠲᠠᠭᠤᠰᠤᠭᠠᠳ ᠪᠦᠷ ᠰᠤᠯᠠ ᠰᠡᠯᠡᠭᠦᠦ ᠪᠣᠯᠵᠠᠢ᠂ ᠪᠠᠰᠠ ᠡᠬᠢᠯᠡᠨ ᠵᠠᠯᠭᠠᠭ᠎ᠠ ᠪᠠᠷ ᠭᠠᠭ᠋ᠠᠢ ᠠᠯᠠᠵᠤ ᠲᠠᠶᠢᠯᠯᠠᠭ᠎ᠠ ᠬᠢᠵᠦ ᠡᠬᠢᠯᠡᠪᠡ᠂ ᠡᠨᠡ ᠣᠶᠢᠶ᠎ᠠ ᠳᠤ ᠠᠷᠢᠬᠢ ᠤᠤᠭᠤᠬᠤ ᠠᠰᠠᠭᠤᠳᠠᠯ ᠢ ᠢᠯᠡᠭᠦᠴᠡ ᠠᠩᠬᠠᠷᠴᠤ᠂ ᠪᠠᠭ᠎ᠠ ᠠᠷᠢᠬᠢ ᠤᠤᠭᠤᠵᠤ᠂ ᠴᠢᠳᠠᠬᠤ ᠶᠢᠨ ᠬᠢᠷᠢ ᠪᠠᠷ ᠠᠷᠢᠬᠢ ᠤᠤᠭᠤᠬᠤ ᠦᠭᠡᠢ᠂ ᠠᠷᠢᠬᠢ ᠤᠤᠭᠤᠭᠰᠠᠨ ᠠᠴᠠ ᠪᠣᠯᠵᠤ ᠬᠡᠷᠡᠭ ᠦᠭᠡᠢ ᠵᠥᠷᠢᠴᠡᠯ ᠮᠥᠷᠭᠦᠯᠳᠦᠭᠡᠨ ᠡᠭᠦᠰᠬᠦ ᠠᠴᠠ ᠵᠠᠶᠢᠯᠠᠰᠬᠢᠨ᠎ᠡ᠃︾ ᠭᠡᠵᠦ ᠶᠦᠩ ᠳ᠋ᠧ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠥᠷᠲᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠠᠩ ᠬᠠᠶ ᠪᠥᠸᠧ ︽ᠤᠮᠠᠷᠠᠲᠤ ᠬᠢᠯᠢ ᠶᠢᠨ ᠤᠩᠰᠢᠯᠭ᠎ᠠ ᠰᠫᠢᠷᠲ ᠤᠨ ᠬᠤᠤᠷ ᠬᠥᠨᠥᠭᠡᠯ︾ ᠭᠡᠬᠦ ᠭᠤᠤᠯ ᠰᠡᠳᠦᠪᠲᠦ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠢᠩᠭᠢᠵᠦ ᠬᠡᠯᠡᠪᠡ᠃ ᠲᠠᠯ᠎ᠠ ᠨᠤᠲᠤᠭ ᠤᠨ ᠨᠣᠮ ᠤᠨ ᠥᠷᠥᠭᠡ ᠶᠢᠨ ᠵᠢᠭᠰᠠᠭᠠᠯ ᠤᠨ ᠭᠠᠵᠠᠷ ᠤᠨ ᠦᠶᠯᠡᠳᠦᠯ ᠢ ᠨᠠᠩ ᠰᠠᠶᠢᠲᠤᠷ ᠪᠠᠳᠠᠷᠠᠭᠤᠯᠬᠤ ᠶᠢᠨ ᠲᠥᠯᠥᠭᠡ᠂ ᠶᠦᠩ ᠠᠨ ᠪᠠᠯᠭᠠᠰᠤ ᠣᠯᠠᠨ ᠲᠦᠮᠡᠨ  ᠤ ᠬᠡᠷᠡᠭᠴᠡᠭᠡ ᠱᠠᠭᠠᠷᠳᠠᠯᠭ᠎ᠠ ᠶᠣᠰᠣᠭᠠᠷ ᠲᠣᠰ ᠰᠠᠷ᠎ᠠ ᠶᠢᠨ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠤᠨ᠂ ᠡᠯ᠎ᠡ ᠲᠣᠰᠬᠤᠨ ᠢ ᠵᠣᠬᠢᠶᠠᠨ ᠪᠠᠶᠢᠭᠤᠯᠵᠤ ᠰᠠᠷ᠎ᠠ ᠪᠦᠷᠢ ᠨᠢᠭᠡ ᠤᠳᠠᠭᠠᠨ ᠤ ︽ᠤᠮᠠᠷᠠᠲᠤ ᠬᠢᠯᠢ ᠶᠢᠨ ᠤᠩᠰᠢᠯᠭ᠎ᠠ︾ ᠭᠤᠤᠯ ᠰᠡᠳᠦᠪᠲᠦ ᠤᠩᠰᠢᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠣᠮ ᠤᠩᠰᠢᠬᠤ ᠪᠠᠭ᠋ᠠᠲᠠᠳ ᠠᠵᠢᠯᠯᠠᠭ᠎ᠠ ᠶᠢᠨ ᠭᠤᠤᠯ ᠰᠡᠳᠦᠪ ᠢ ᠦᠨᠳᠦᠰᠦᠯᠡᠨ ᠬᠠᠮᠢᠶ᠎ᠠ ᠪᠥᠬᠦᠶ ᠨᠣᠮ ᠪᠢᠴᠢᠭ ᠢ ᠤᠩᠰᠢᠵᠤ᠂ ᠥᠪᠡᠷ ᠤᠨ ᠦᠵᠡᠯᠲᠡ ᠲᠠᠨᠢᠯᠳᠠ  ᠪᠠᠨ ᠬᠤᠪᠢᠶᠠᠯᠴᠠᠨ ᠶᠠᠷᠢᠯᠴᠠᠵᠤ᠂ ︽ᠢᠯᠡᠭᠦᠦ ᠨᠣᠮ ᠤᠩᠰᠢᠬᠤ᠂ ᠰᠠᠶᠢᠨ ᠨᠣᠮ ᠤᠩᠰᠢᠬᠤ᠂ ᠨᠣᠮ ᠤᠩᠰᠢᠬᠤ   ᠲᠤᠷᠠᠳᠠᠢ︾ ᠠᠭᠤᠷ ᠠᠮᠢᠰᠬᠤᠯ ᠤᠨ ᠳᠤᠮᠳᠠ ᠥᠪᠡᠷ ᠤᠨ ᠰᠣᠶᠣᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ ᠪᠣᠯᠤᠨ᠎ᠠ᠃ ᠣᠳᠣᠬᠠᠨ ᠪᠣᠯᠲᠠᠯ᠎ᠠ᠂ ᠶᠦᠩ ᠠᠨ ᠪᠠᠯᠭᠠᠰᠤ ︽ᠤᠮᠠᠷᠠᠲᠤ ᠬᠢᠯᠢ ᠶᠢ ᠦᠵᠡᠬᠦ︾ ᠭᠤᠤᠯ ᠰᠡᠳᠦᠪᠲᠦ ᠤᠩᠰᠢᠯᠭ᠎ᠠ ᠶᠢᠨ ᠠᠵᠢᠯᠯᠠᠭ᠎ᠠ ᠶᠢ ᠨᠡᠶᠢᠲᠡ 165 ᠤᠳᠠᠭ᠎ᠠ ᠥᠷᠨᠢᠭᠦᠯᠵᠦ᠂ ᠲᠠᠷᠢᠶᠠᠯᠠᠩ ᠤᠨ ᠮᠡᠷᠭᠡᠵᠢᠯ᠂ ᠵᠠᠩ ᠳᠠᠳᠬᠠᠯ ᠢ ᠥᠭᠡᠷᠡᠴᠢᠯᠡᠬᠦ᠂ ᠬᠤᠪᠢᠰᠬᠠᠯ ᠤᠨ ᠰᠣᠶᠣᠯ ᠵᠡᠷᠭᠡ ᠣᠯᠠᠨ ᠲᠠᠯ᠎ᠠ ᠶᠢ ᠪᠠᠭᠲᠠᠭᠠᠵᠤ᠂ ᠪᠠᠯᠭᠠᠰᠤᠨ ᠤ ᠣᠯᠠᠨ ᠲᠦᠮᠡᠨ ᠳᠤ ᠨᠠᠩ ᠡᠯᠪᠡᠭ ᠪᠠᠶᠠᠯᠢᠭ ᠣᠶᠤᠨ ᠤ ᠲᠡᠵᠢᠭᠡᠯ ᠬᠠᠩᠭᠠᠵᠤ᠂ ᠬᠥᠳᠡᠭᠡ ᠲᠣᠰᠬᠤᠨ ᠤ ᠰᠣᠶᠣᠯ ᠤᠨ ᠬᠥᠭᠵᠢᠯ ᠴᠡᠴᠡᠭᠯᠡᠯ ᠳᠤ ᠬᠦᠴᠦᠨ ᠨᠡᠮᠡᠷᠢᠯᠡᠪᠡ᠃
   ᠨᠣᠮ ᠤᠨ ᠥᠷᠥᠭᠡ ᠳᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠳᠥᠯᠭᠢᠨ ᠠᠬᠢᠭᠤᠯᠵᠤ ᠨᠠᠮ  ᠤᠨ ᠭᠡᠰᠢᠭᠦᠨ ᠤ ᠰᠤᠷᠤᠯᠴᠠᠯᠭ᠎ᠠ ᠶᠢᠨ ᠬᠦᠴᠦᠷᠬᠡᠭ ᠰᠠᠭᠤᠷᠢᠨ ᠭᠠᠵᠠᠷ ᠢ ᠪᠠᠶᠢᠭᠤᠯᠤᠨ᠎ᠠ      ︽ᠮᠠᠨ ᠤ ᠡᠲᠡᠭᠡᠷ ᠠᠬᠠᠮᠠᠳ ᠨᠠᠮ ᠤᠨ ᠭᠡᠰᠢᠭᠦᠨ ᠨᠠᠰᠤ ᠠᠭᠢᠵᠤ᠂ᠤᠶᠤᠨᠴᠢ ᠭᠠᠷ ᠤᠲᠠᠰᠤ ᠬᠡᠷᠡᠭᠯᠡᠵᠦ ᠳᠡᠶᠢᠯᠬᠦ ᠥᠬᠡᠶ ᠪᠣᠯᠵᠣ᠂ ᠬᠥᠳᠡᠭᠡ ᠲᠣᠰᠬᠤᠨ ᠨᠣᠮ ᠬᠤᠳᠠᠯᠳᠤᠨ ᠠᠪᠬᠤ ᠳᠤ ᠴᠤ ᠮᠠᠰᠢ ᠳᠥᠭᠦᠮ ᠦᠭᠡᠢ᠂ ᠠᠵᠠ ᠪᠠᠷ ᠲᠣᠰᠬᠤᠨ ᠳᠤ ᠲᠠᠯ᠎ᠠ ᠨᠤᠲᠤᠭ ᠤᠨ ᠨᠣᠮ ᠤᠨ ᠥᠷᠥᠭᠡ ᠲᠠᠢ ᠪᠣᠯᠵᠣ᠂ ᠨᠣᠮ ᠦᠵᠡᠬᠦ ᠰᠠᠨᠠᠭ᠎ᠠ ᠲᠠᠢ ᠪᠣᠯ ᠰᠢᠭᠤᠳ ᠠᠳᠡ ᠢᠷᠡᠵᠦ ᠵᠢᠭᠡᠯᠡᠵᠦ ᠪᠣᠯᠤᠨ᠎ᠠ᠂ ᠨᠣᠮ ᠦᠵᠡᠵᠦ  ᠲᠡᠶᠢᠯᠡᠬᠦ ᠮᠦᠷᠳᠡᠭᠡᠨ ᠪᠠᠰᠠ ᠵᠣᠭᠤᠰ ᠠᠷᠪᠢᠯᠠᠵᠤ ᠪᠣᠯᠤᠨ᠎ᠠ᠃ ︾ ᠭᠡᠵᠦ ᠶᠦᠩ ᠵᠢᠤ ᠲᠣᠰᠬᠤᠨ ᠤ ᠠᠬᠠᠮᠠᠳ ᠨᠠᠮ ᠤᠨ ᠭᠡᠰᠢᠭᠦᠨ ᠢᠨᠢᠶᠡᠮᠰᠦᠭᠯᠡᠨ ᠬᠡᠯᠡᠨ᠎ᠡ᠃ ᠲᠠᠯ᠎ᠠ ᠨᠤᠲᠤᠭ ᠤᠨ ᠨᠣᠮ ᠤᠨ ᠥᠷᠥᠭᠡ ᠪᠣᠯᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠨᠢᠭᠲᠠ ᠤᠶᠠᠯᠳᠤᠭᠤᠯᠬᠤ ᠪᠣᠯ ᠨᠠᠮ ᠤᠨ ᠭᠡᠰᠢᠭᠦᠨ ᠤ ᠳᠡᠷᠭᠡᠳᠡ᠂ ᠢᠯᠠᠩᠭᠤᠶ᠎ᠠ ᠠᠬᠠᠮᠠᠳ ᠨᠠᠮ ᠤᠨ ᠭᠡᠰᠢᠭᠦᠨ ᠤ ᠰᠤᠷᠤᠯᠴᠠᠬᠤ ᠵᠢᠭᠰᠠᠭᠠᠯ ᠤᠨ ᠭᠠᠵᠠᠷ ᠢ ᠪᠠᠶᠢᠭᠤᠯᠬᠤ ᠪᠦᠲᠦᠮᠵᠢᠲᠡᠶ ᠠᠷᠭ᠎ᠠ ᠵᠠᠮ ᠮᠥᠨ᠃ ᠨᠣᠮ ᠤᠨ ᠥᠷᠥᠭᠡ ᠳᠤ᠂ ᠡᠯ᠎ᠡ ᠲᠥᠷᠥᠯ ᠤᠨ ᠨᠣᠮ ᠪᠢᠴᠢᠭ ᠬᠠᠷᠠᠭ᠎ᠠ ᠳᠦᠭᠦᠷᠡᠩ ᠪᠠᠶᠢᠵᠤ᠂ ᠢᠯᠠᠩᠭᠤᠶ᠎ᠠ ᠨᠠᠮ ᠤᠨ ᠣᠨᠣᠯ᠂ ᠴᠢᠭᠯᠡᠯᠲᠡ᠂ ᠲᠥᠷᠥ ᠶᠢᠨ ᠪᠣᠳᠣᠯᠭ᠎ᠠ ᠵᠡᠷᠭᠡ ᠲᠠᠯ᠎ᠠ ᠶᠢᠨ ᠨᠣᠮ ᠪᠢᠴᠢᠭ ᠨᠢ ᠨᠠᠮ ᠤᠨ ᠭᠡᠰᠢᠭᠦᠳ ᠲᠤ ᠡᠯᠪᠡᠭ ᠪᠠᠶᠠᠯᠢᠭ ᠮᠡᠳᠡᠯᠭᠡ ᠶᠢᠨ ᠡᠬᠢ ᠪᠠᠶᠠᠯᠢᠭ ᠢ ᠬᠠᠩᠭᠠᠭᠰᠠᠨ ᠪᠠᠶᠢᠨ᠎ᠠ᠃ ᠠᠳᠡ᠂ ᠨᠠᠮ ᠤᠨ ᠭᠡᠰᠢᠭᠦᠨ ᠺᠠᠳ᠋ᠷᠴᠤᠳ ᠴᠠᠭ ᠢᠮᠠᠭᠲᠠ ᠤᠷᠪᠠᠭᠤᠯᠤᠨ ᠦᠵᠡᠵᠦ᠂ ᠰᠤᠷᠤᠯᠴᠠᠵᠦ᠂ ᠥᠪᠡᠷ ᠤᠨ ᠤᠯᠤᠰ ᠲᠦᠷᠦ ᠶᠢᠨ ᠬᠡᠪ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠴᠢᠳᠠᠪᠤᠷᠢ  ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠬᠠᠮᠲᠤ ᠨᠣᠮ ᠤᠨ ᠦᠷᠦᠭᠡ ᠨᠢ ᠪᠠᠰᠠ ᠨᠣᠮ ᠤᠩᠰᠢᠵᠤ ᠰᠣᠯᠢᠯᠴᠠᠬᠤ ᠬᠤᠷᠠᠯ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠵᠡᠷᠭᠡ ᠡᠯ᠎ᠡ ᠲᠦᠷᠦᠯ ᠤᠨ ᠰᠤᠷᠤᠯᠴᠠᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠡᠷᠬᠢᠯᠡᠵᠦ᠂ ᠨᠠᠮ ᠤᠨ ᠭᠡᠰᠢᠭᠦᠳ ᠲᠤ ᠨᠠᠮ ᠤᠨ ᠤᠨᠤᠯ ᠢ ᠨᠡᠩ ᠰᠠᠶᠢᠨ ᠤᠢᠢᠯᠠᠭᠠᠭᠤᠯᠤᠨ ᠬᠡᠷᠡᠭᠯᠡᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠭᠦᠨᠵᠡᠭᠡᠢ ᠥᠷᠨᠢᠭᠦᠯᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ ᠪᠣᠯᠤᠨ᠎ᠠ᠃    ᠨᠣᠮ ᠤᠨ ᠥᠷᠥᠭᠡᠨ ᠳᠤ ᠰᠠᠶᠢᠨ ᠳᠤᠷ᠎ᠠ ᠶᠢᠨ ᠦᠶᠯᠡᠴᠢᠯᠡᠭᠡ ᠬᠢᠵᠦ ᠣᠯᠠᠨ ᠲᠦᠮᠡᠨ ᠳᠤ ᠦᠶᠯᠡᠴᠢᠯᠡᠬᠦ ᠰᠢᠨ᠎ᠡ ᠲᠠᠪᠴᠠᠩ ᠢ ᠪᠣᠶ ᠪᠣᠯᠭᠠᠨ᠎ᠠ
   ︽ᠠᠪᠤ ᠠ᠂ ᠲᠠ ᠶᠠᠮᠠᠷ ᠲᠥᠷᠥᠯ ᠤᠨ ᠨᠣᠮ ᠪᠢᠴᠢᠭ ᠬᠡᠷᠡᠭᠰᠡᠬᠦ ᠪᠤᠢ︖ ᠪᠢ ᠲᠠᠨ ᠳᠤ ᠡᠷᠢᠵᠦ ᠥᠭᠬᠦᠶ᠎ᠡ᠃ ︾ ᠭᠡᠵᠦ ᠰᠢᠨ ᠯᠢ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡᠨ ᠤ ᠰᠠᠶᠢᠨ ᠲᠤᠷᠠᠴᠢᠨ ᠵᠠᠩ ᠯᠢ ᠫᠢᠩ ᠲᠠᠯ᠎ᠠ ᠨᠤᠲᠤᠭ ᠤᠨ ᠨᠣᠮ ᠤᠨ ᠥᠷᠥᠭᠡᠨ ᠳᠤ ᠬᠠᠯᠠᠭᠤᠮᠰᠤᠭ ᠢᠶᠠᠷ ᠠᠰᠠᠭᠤᠨ᠎ᠠ᠃ ᠣᠯᠠᠨ ᠲᠦᠮᠡᠨ ᠳᠤ ᠨᠠᠩ ᠰᠠᠶᠢᠨ ᠦᠶᠯᠡᠴᠢᠯᠡᠬᠦ ᠶᠢᠨ ᠲᠥᠯᠥᠭᠡ᠂ ᠶᠦᠩ ᠠᠨ ᠪᠠᠯᠭᠠᠰᠤᠨ ᠤ ᠡᠯ᠎ᠡ ᠲᠣᠰᠬᠤᠨ ᠲᠠᠯ᠎ᠠ ᠨᠤᠲᠤᠭ ᠤᠨ ᠨᠣᠮ ᠤᠨ ᠥᠷᠥᠭᠡ ᠳᠤ ᠰᠠᠶᠢᠨ ᠳᠤᠷ᠎ᠠ ᠶᠢᠨ ᠠᠵᠢᠯᠯᠠᠭᠴᠢ ᠲᠣᠬᠢᠷᠠᠭᠤᠯᠵᠤ᠂ ᠲᠣᠰᠬᠤᠨ ᠤ ᠳᠣᠲᠣᠷᠠᠬᠢ ᠠᠳᠠᠯᠢ ᠪᠤᠰᠤ  ᠬᠦᠮᠦᠰ ᠤᠨ ᠬᠡᠷᠡᠭᠴᠡᠭᠡ ᠳᠤ ᠴᠢᠭᠯᠡᠭᠦᠯᠦᠨ᠂ ᠠᠳᠠᠯᠢ ᠪᠤᠰᠤ ᠲᠥᠷᠥᠯ ᠬᠡᠯᠪᠡᠷᠢ ᠶᠢᠨ ᠨᠣᠮ ᠪᠢᠴᠢᠭ ᠢ ᠲᠠᠨᠢᠯᠴᠠᠭᠤᠯᠵᠤ᠂ ᠲᠤᠰᠬᠠᠶ ᠮᠡᠷᠭᠡᠵᠢᠯ᠂ ᠬᠠᠯᠠᠭᠤᠮᠰᠤᠭ ᠣᠪᠣᠷ ᠢᠶᠠᠷ ᠤᠩᠰᠢᠭᠴᠢᠳ ᠨᠢᠭᠡᠪᠦᠷᠢ ᠳᠤ ᠬᠠᠪᠰᠤᠷᠤᠯᠭ᠎ᠠ ᠦᠵᠡᠭᠦᠯᠪᠡ᠃ ᠡᠭᠦᠨ ᠤ ᠬᠠᠮᠲᠤ᠂ ᠰᠠᠶᠢᠨ ᠳᠤᠷᠠᠴᠤᠳ ᠪᠠᠰᠠ ᠡᠯ᠎ᠡ ᠲᠥᠷᠥᠯ ᠤᠨ ᠤᠩᠰᠢᠵᠤ ᠬᠤᠪᠢᠶᠠᠯᠴᠠᠬᠤ ᠬᠤᠷᠠᠯ ᠢ ᠡᠷᠭᠢᠯᠡᠵᠦ᠂ ᠲᠣᠰᠬᠤᠨ ᠤ ᠠᠷᠠᠳ ᠲᠤ ᠡᠯᠪᠡᠭ ᠪᠠᠶᠠᠯᠢᠭ ᠣᠯᠠᠨ ᠶᠠᠩᠵᠤ ᠶᠢᠨ ᠣᠶᠤᠨ ᠤ ᠲᠡᠵᠢᠭᠡᠯ ᠬᠠᠩᠭᠠᠵᠤ᠂ ᠲᠡᠳᠡᠨ ᠤ ᠮᠡᠳᠡᠯᠭᠡ ᠶᠢᠨ ᠲᠤᠬᠠᠶ ᠬᠦᠰᠡᠯ ᠱᠠᠭᠠᠷᠳᠠᠯᠭ᠎ᠠ ᠶᠢ ᠬᠠᠩᠭᠠᠵᠤ᠂ ᠡᠭᠦᠨ ᠳᠤ ᠳᠠᠷᠢᠵᠤ ᠲᠡᠵᠢᠭᠡᠬᠦ ᠡᠷᠦᠬᠡ ᠶᠢᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠪᠠ ᠮᠡᠳᠡᠯᠭᠡ ᠶᠢᠨ ᠬᠡᠷᠡᠭᠴᠡᠭᠡ ᠶᠢ ᠣᠨᠴᠠᠭᠠᠶᠢᠯᠠᠨ ᠠᠩᠬᠠᠷᠴᠤ᠂ ᠬᠤᠷᠰᠢᠶ᠎ᠠ ᠶᠢᠨ ᠬᠠᠷᠢᠭᠤᠴᠠᠯᠭᠠᠲᠠᠨ ᠪᠠ ᠲᠠᠷᠢᠮᠠᠯ ᠤᠨ ᠲᠣᠮᠣ ᠡᠷᠦᠬᠡ ᠶᠢ ᠤᠷᠢᠵᠤ ᠲᠡᠳᠡᠨ ᠳᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠪᠠ ᠡᠵᠡᠩᠨᠡᠯᠲᠡ ᠬᠠᠮᠢᠶᠠᠷᠤᠯᠲᠠ ᠶᠢᠨ ᠵᠢᠯᠣᠭᠤᠳᠣᠯᠭ᠎ᠠ ᠬᠠᠩᠭᠠᠵᠤ᠂ ᠲᠡᠳᠡᠨ ᠤ ᠳᠠᠷᠢᠵᠤ ᠲᠡᠵᠢᠭᠡᠬᠦ ᠠᠵᠢᠯ ᠤᠨ ᠨᠠᠩ ᠰᠠᠶᠢᠨ ᠦᠷ᠎ᠡ ᠪᠦᠲᠦᠮᠵᠢ ᠤᠯᠬᠤ ᠳᠤ ᠬᠦᠴᠦᠨ ᠨᠡᠮᠡᠷᠢᠯᠡᠬᠦ ᠪᠣᠯᠤᠨ᠎ᠠ᠃ ︽ᠪᠢᠳᠡ ᠠᠯᠢ ᠣᠯᠠᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠲᠠᠯ᠎ᠠ ᠨᠤᠲᠤᠭ ᠤᠨ ᠨᠣᠮ ᠤᠨ ᠥᠷᠥᠭᠡ ᠶᠢ ᠲᠣᠰᠬᠤᠨ ᠤ ᠠᠷᠠᠳ ᠤᠨ ᠣᠨᠣᠯ ᠪᠠ ᠰᠣᠶᠣᠯ ᠤᠨ ᠮᠡᠳᠡᠯᠭᠡ ᠰᠤᠷᠤᠯᠴᠠᠬᠤ ᠰᠢᠨ᠎ᠡ ᠲᠠᠪᠴᠠᠩ ᠪᠣᠯᠭᠠᠵᠤ᠂ ᠲᠡᠳᠡᠨ ᠢ ᠨᠣᠮ ᠤᠩᠰᠢᠬᠤ ᠳᠤᠷᠠᠲᠠᠶ ᠪᠣᠯᠭᠠᠵᠤ᠂ ᠨᠣᠮ ᠤᠩᠰᠢᠬᠤ ᠪᠠ ᠰᠤᠷᠤᠯᠴᠠᠬᠤ  ᠶᠢ ᠬᠥᠳᠡᠭᠡ ᠲᠣᠰᠬᠤᠨ ᠤ ᠰᠣᠶᠣᠯ ᠤᠨ ᠠᠮᠢᠳᠤᠷᠠᠯ ᠤᠨ ᠨᠢᠭᠡ ᠬᠡᠰᠡᠭ ᠪᠣᠯᠭᠠᠬᠤ ᠶᠢ ᠬᠦᠰᠡᠵᠦ ᠪᠠᠶᠢᠨ᠎ᠠ᠃︾ ᠭᠡᠵᠦ ᠵᠠᠩ ᠯᠢ ᠫᠢᠩ ᠬᠡᠯᠡᠪᠡ᠃    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠣᠶᠣᠯ ᠢ ᠤᠷᠢᠳ ᠢᠶᠠᠷ ᠬᠥᠭᠵᠢᠭᠦᠯᠬᠦ ᠬᠡᠷᠡᠭᠲᠡᠶ᠃ ᠣᠳᠣᠬᠠᠨ ᠳᠤ᠂ ᠶᠦᠩ ᠠᠨ ᠪᠠᠯᠭᠠᠰᠤᠨ ᠤ 15 ᠲᠣᠰᠬᠤᠨ ᠲᠠᠯ᠎ᠠ ᠨᠤᠲᠤᠭ ᠤᠨ ᠨᠣᠮ ᠤᠨ ᠦᠷᠦᠬᠡ ᠶᠢ ᠪᠦᠬᠦᠨ  ᠢ ᠪᠦᠷᠬᠦᠬᠦᠯᠬᠦ ᠶᠢ ᠪᠡᠶᠡᠯᠡᠭᠦᠯᠵᠦ᠂ ᠵᠢᠵᠢᠭᠬᠡᠨ ᠨᠣᠮ ᠤᠨ ᠦᠷᠦᠬᠡ ᠨᠢ ᠠᠭᠠᠵᠢᠮ ᠢᠶᠠᠷ ᠲᠣᠰᠬᠤᠨ ᠤ ᠠᠷᠠᠳ ᠤᠨ ᠮᠡᠳᠡᠯᠭᠡ ᠪᠠᠨ ᠨᠡᠮᠡᠭᠳᠡᠭᠦᠯᠬᠦ᠂ ᠴᠢᠳᠠᠪᠤᠷᠢ ᠪᠠᠨ ᠨᠡᠮᠡᠭᠳᠡᠭᠦᠯᠬᠦ᠂ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ ︽ᠡᠷᠳᠡᠨᠢᠰ  ᠤᠨ ᠰᠠᠩ︾ ᠪᠤᠯᠵᠥ᠂ ᠲᠣᠰᠬᠤᠨ ᠤ ᠠᠷᠠᠳ ᠤᠨ ᠠᠮᠢᠳᠤᠷᠠᠯ ᠢ ᠲᠡᠭᠦᠯᠳᠡᠷᠵᠢᠭᠦᠯᠬᠦ ᠤᠶᠤᠨ ᠰᠠᠨᠠᠭᠠᠨ ᠤ ᠠᠮᠤ ᠶᠢᠨ ᠰᠠᠩ ᠪᠣᠯᠤᠭᠰᠠᠨ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号