ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ᠸᠠᠩ ᠵᠢᠶᠠ ᠵᠢᠶᠦ᠋ᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/12/26
   12 ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠸᠠᠩ ᠵᠢᠶᠠ ᠵᠢᠶᠦ᠋ᠨ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ  ᠤᠨ ᠣᠷᠳᠣᠨ ᠤ ᠭᠤᠴᠢᠨ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ᠂ ᠲᠥᠪᠯᠡᠷᠡᠩᠭᠦᠶ ᠭᠡᠷᠡᠯ ᠴᠡᠨᠡᠭ ᠤᠨ ᠤᠯᠤᠰ ᠤᠨ ᠨᠥᠬᠦᠪᠥᠷᠢ ᠪᠡᠯᠡ ᠮᠥᠩᠭᠦ ᠶᠢᠨ ᠬᠡᠷᠡᠭᠯᠡᠯᠲᠡ᠂ 2025 ᠣᠨ ᠤ ᠠᠩᠬᠠᠳᠠᠭᠴᠢ ᠪᠦᠯᠦᠭ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠠᠯᠠ ᠮᠥᠩᠭᠦ ᠶᠢᠨ ᠲᠥᠷᠥᠯ ᠵᠦᠶᠯ᠂ ︽ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ  ᠤ ᠣᠨ ᠤ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠤ ᠭᠤᠤᠯᠳᠠᠯᠭ᠎ᠠ ᠲᠠᠢ ᠠᠵᠢᠯ ᠤᠨ ᠲᠤᠰᠢᠶᠠᠯ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ︾ ᠵᠡᠷᠭᠡ ᠵᠦᠶᠯᠡᠰ ᠢ ᠰᠤᠳᠤᠯᠵᠤ᠂ ︽2025 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ︵ᠰᠠᠨᠠᠯ ᠬᠤᠷᠢᠶᠠᠬᠤ ᠨᠣᠤᠷᠠᠭ︶᠂ ︽ᠲᠦᠴᠢᠦᠸᠠᠨ ᠰᠢᠶᠠᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠪᠡᠶᠡᠯᠡᠭᠦᠯᠦᠭᠰᠡᠨ ᠪᠠᠶᠢᠳᠠᠯ ᠪᠠ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠨ ᠲᠥᠷᠥᠯ ᠵᠦᠶᠯ ᠤᠨ ᠪᠠᠶᠢᠳᠠᠯ ᠤᠨ ᠮᠡᠳᠡᠭᠦᠯᠦᠯᠲᠡ︾ ︵ᠰᠠᠨᠠᠯ ᠬᠤᠷᠢᠶᠠᠬᠤ ᠨᠣᠤᠷᠠᠭ︶᠂ ︽ᠲᠦᠴᠢᠦᠸᠠᠨ ᠰᠢᠶᠠᠨ  ᠤ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠦᠯ︶ ᠶᠢᠨ ᠮᠡᠳᠡᠭᠦᠯᠦᠯᠲᠡ︾ ︵ᠰᠠᠨᠠᠯ ᠬᠤᠷᠢᠶᠠᠬᠤ ᠨᠣᠤᠷᠠᠭ︶᠂ ︽2024 ᠣᠨ ᠤ ᠡᠳ᠋ ᠤᠨ ᠵᠠᠰᠠᠭ ᠤᠨ ᠲᠥᠰᠦᠪ ᠢ ᠭᠦᠶᠴᠡᠳᠬᠡᠭᠰᠡᠨ ᠪᠠᠶᠢᠳᠠᠯ ᠪᠠ 2025 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠮᠡᠳᠡᠭᠦᠯᠦᠯᠲᠡ︾ ︵ᠰᠠᠨᠠᠯ ᠬᠤᠷᠢᠶᠠᠬᠤ ᠨᠣᠤᠷᠠᠭ︶ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠦᠪᠯᠡᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠬᠤᠷᠠᠯ ᠠᠴᠠ᠂ ︽2025 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠵᠡᠷᠭᠡ ᠮᠡᠳᠡᠭᠦᠯᠦᠯᠲᠡ  ᠶᠢᠨ ᠠᠭᠤᠯᠭ᠎ᠠ ᠳᠤ ᠤᠯᠠᠮ ᠴᠢᠨᠠᠭᠰᠢᠳᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠳᠡᠭᠡᠳᠦ ᠱᠠᠲᠤᠨ ᠤ ᠭᠤᠣᠯ ᠦᠵᠡᠯ ᠰᠠᠨᠠᠭ᠎ᠠ᠂ ᠠᠵᠢᠯ ᠤᠨ ᠠᠭᠤᠯᠭ᠎ᠠ ᠶᠢ ᠢᠯᠡᠳᠬᠡᠯ ᠳᠤ ᠠᠭᠤᠰᠬᠠᠵᠤ᠂ ᠴᠢᠭᠯᠡᠯ ᠤᠨ ᠲᠠᠯ᠎ᠠ ᠪᠠᠷ᠂ ᠬᠡᠯᠪᠡᠷᠢ  ᠶᠢᠨ ᠲᠠᠯ᠎ᠠ ᠪᠠᠷ᠂ ᠠᠭᠤᠯᠭ᠎ᠠ ᠶᠢᠨ ᠲᠠᠯ᠎ᠠ ᠪᠠᠷ ᠬᠡᠯᠪᠡᠶᠢᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠲᠥᠷᠥᠯ ᠵᠦᠶᠯ ᠤᠨ ᠪᠠᠯᠠ ᠮᠥᠩᠭᠦ ᠶᠢ ᠰᠠᠯᠭᠠᠨ ᠥᠭᠬᠦ ᠴᠤᠪᠤᠷᠠᠯ ᠢ ᠴᠢᠩᠳᠠᠯᠠᠵᠤ᠂ ᠪᠠᠯᠠ ᠮᠥᠩᠭᠦ ᠶᠢᠨ ᠠᠮᠵᠢᠯᠲᠠ ᠪᠦᠲᠦᠮᠵᠢ ᠶᠢ ᠬᠢᠨᠠᠨ ᠬᠠᠮᠢᠶᠠᠷᠬᠤ ᠶᠢ ᠰᠠᠶᠢᠲᠤᠷ ᠬᠢᠬᠦ ᠬᠡᠷᠡᠭᠲᠡᠶ᠃    ᠪᠠᠶᠢᠩᠭᠤ ᠶᠢᠨ ᠬᠤᠷᠠᠯ ᠲᠡᠭᠦᠰᠦᠭᠰᠡᠨ ᠤ ᠳᠠᠷᠠᠭ᠎ᠠ᠂ 2024 ᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠠᠷᠪᠠᠨ ᠳᠥᠷᠪᠡᠳᠦᠭᠡᠷ ᠤᠳᠠᠭ᠎ᠠ  ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠦᠷᠭᠦᠯᠵᠢᠯᠡᠨ ᠬᠤᠷᠠᠯᠳᠤᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号