ᠲᠠᠯ᠎ᠠ ᠨᠤᠲᠤᠭ ᠤᠨ ᠨᠣᠮ ᠤᠨ ᠥᠷᠥᠭᠡ ᠨᠢ ᠬᠥᠳᠡᠭᠡ ᠲᠣᠰᠬᠤᠨ ᠤ ᠰᠣᠶᠣᠯ ᠤᠨ ᠠᠮᠢᠳᠤᠷᠠᠯ ᠢ ᠨᠠᠩ ᠪᠠᠶᠠᠯᠢᠭ ᠪᠣᠯᠭᠠᠪᠠ
ᠨᠡᠶᠢᠲᠡᠯᠡᠭᠰᠡᠨ ᠴᠠᠭ᠄
2024/12/26
   ᠬᠥᠬᠡᠭᠡ ᠰᠠᠷ᠎ᠠ ᠶᠢᠨ ᠬᠠᠬᠢᠷ ᠬᠦᠢᠲᠡᠨ ᠳᠤ᠂ ᠪᠤᠤ ᠱᠢ ᠪᠠᠯᠭᠠᠰᠤᠨ ᠤ ᠪᠤᠤ ᠹᠠᠨ ᠲᠣᠰᠬᠤᠨ ᠤ ᠲᠠᠯ᠎ᠠ ᠨᠤᠲᠤᠭ  ᠤᠨ ᠨᠣᠮ ᠤᠨ ᠥᠷᠥᠭᠡᠨ ᠳᠤ᠂ ᠡᠩᠨᠡᠷᠡᠨ ᠵᠢᠭᠰᠠᠭᠰᠠᠨ ᠡᠷᠲᠡᠨ ᠤ ᠣᠨᠴᠠᠯᠢᠭ ᠲᠠᠢ ᠨᠣᠮ ᠤᠨ ᠲᠠᠯᠪᠢᠭᠤᠷ ᠳᠡᠭᠡᠷ᠎ᠡ ᠮᠠᠰᠢ ᠣᠯᠠᠨ ᠨᠣᠮ ᠪᠢᠴᠢᠭ ᠡᠮᠬᠢ ᠵᠢᠷᠤᠮ ᠲᠠᠢ ᠵᠢᠭᠰᠠᠵᠤ ᠪᠠᠶᠢᠯ᠎ᠠ᠃ ᠬᠠᠷ᠎ᠠ ᠥᠷᠯᠥᠭᠡ ᠨᠣᠮ ᠤᠨ ᠥᠷᠥᠭᠡᠨ ᠳᠤ ᠨᠣᠮ ᠦᠵᠡᠬᠦ ᠪᠠᠷ ᠢᠷᠡᠭᠰᠡᠨ ᠴᠥᠭᠡᠨ ᠪᠤᠰᠤ ᠲᠣᠰᠬᠤᠨ ᠤ ᠠᠷᠠᠳ ᠢᠷᠡᠵᠦ᠂ ᠲᠡᠳᠡ ᠥᠪᠡᠷ ᠤᠨ ᠳᠤᠷᠠᠲᠠᠶ ᠨᠣᠮ ᠪᠢᠴᠢᠭ ᠢᠶᠠᠨ ᠨᠠᠷᠢᠨ ᠨᠢᠮᠪᠠᠶ ᠰᠣᠩᠭᠤᠵᠤ᠂ ᠥᠪᠡᠷ ᠤᠨ ᠳᠤᠷᠠᠲᠠᠶ ᠣᠷᠣᠨ ᠪᠠᠶᠢᠷᠢ ᠪᠠᠨ ᠰᠣᠩᠭᠤᠵᠤ᠂ ᠨᠠᠮ ᠵᠢᠮ ᠤᠩᠰᠢᠵᠤ᠂ ᠨᠣᠮ ᠤᠨ ᠬᠠᠭᠤᠳᠠᠰᠤ ᠰᠡᠬᠦᠶᠢᠬᠦ ᠳᠠᠭᠤᠨ ᠳᠤᠮᠳᠠ᠂ ᠵᠣᠯ ᠵᠢᠷᠭᠠᠯᠲᠤ ᠴᠡᠴᠡᠭᠯᠡᠨ ᠬᠥᠭᠵᠢᠭᠰᠡᠨ ᠬᠥᠳᠡᠭᠡ ᠲᠣᠰᠬᠤᠨ ᠤ ᠰᠣᠶᠣᠯ ᠤᠨ ᠠᠮᠢᠳᠤᠷᠠᠯ ᠴᠤ ᠠᠭᠠᠵᠢᠮ ᠢᠶᠠᠷ ᠥᠷᠨᠢᠪᠡ᠃
   ᠤᠢᠢᠷ᠎ᠠ ᠶᠢᠨ ᠵᠢᠯ ᠳᠤ᠂ ᠪᠤᠤ ᠱᠢ ᠪᠠᠯᠭᠠᠰᠤᠨ ᠤ ᠬᠢᠨ ᠦᠨᠳᠦᠰᠦᠨ ᠱᠠᠲᠤᠨ ᠤ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠢᠳᠡᠪᠬᠢᠲᠡᠢ ᠴᠢᠬᠤᠯᠠᠴᠢᠯᠠᠵᠤ᠂ ᠲᠡᠰ ᠳᠡᠪᠰᠢᠭᠦᠯᠬᠦ᠂ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠠᠵᠢᠯᠳᠠᠨ ᠢ ᠪᠦᠷᠢᠨ ᠲᠤᠬᠢᠷᠠᠭᠤᠯᠬᠤ᠂ ᠲᠦᠷᠢᠮ ᠲᠣᠭᠲᠠᠭᠠᠯ ᠲᠣᠭᠲᠠᠭᠠᠬᠤ᠂ ᠨᠣᠮ ᠪᠢᠴᠢᠭ ᠢ ᠲᠡᠭᠦᠯᠳᠡᠷᠵᠢᠭᠦᠯᠬᠦ ᠵᠡᠷᠭᠡ ᠠᠷᠭ᠎ᠠ ᠬᠡᠯᠪᠡᠷᠢ ᠪᠠᠷ ᠦᠨᠳᠦᠰᠦᠨ ᠱᠠᠲᠤᠨ ᠤ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠲᠠᠰᠤᠷᠠᠯᠳᠡ ᠦᠭᠡᠢ ᠪᠦᠷᠢᠨᠰᠢᠬᠦᠯᠤᠨ ᠲᠡᠭᠦᠯᠳᠡᠷᠵᠢᠭᠦᠯᠵᠦ᠂ ᠨᠠᠷᠢᠯᠢᠭ ᠦᠢᠯᠡᠴᠢᠯᠡᠭᠡ ᠪᠠᠷ ᠲᠣᠰᠬᠤᠨ ᠤ ᠠᠷᠠᠳ ᠤᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠬᠠᠷᠢᠶᠠᠯᠠᠭᠳᠠᠬᠤ ᠲᠦᠷᠦᠭᠳᠡᠯ ᠢ ᠳᠡᠭᠡᠭᠰᠢᠯᠡᠭᠦᠯᠬᠦ ᠪᠠᠷ ᠵᠣᠷᠢᠯᠲᠠ ᠪᠠᠨ ᠪᠣᠯᠭᠠᠪᠠ᠃    ︽ᠪᠢ ᠡᠩ ᠤᠨ ᠦᠶ᠎ᠡ ᠳᠤ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠪᠠ ᠬᠦᠯᠡᠮᠵᠢ ᠶᠢᠨ ᠢᠳᠡᠰᠢᠨ ᠨᠣᠭᠤᠭ᠎ᠠ ᠲᠠᠷᠢᠬᠤ ᠲᠠᠯ᠎ᠠ ᠪᠠᠷ ᠬᠢ ᠨᠣᠮ ᠪᠢᠴᠢᠭ ᠢ ᠦᠵᠡᠬᠦ ᠳᠤᠷᠠᠲᠠᠶ᠂ ᠲᠡᠵᠢᠭᠡᠨ ᠦᠷᠡᠵᠢᠭᠦᠯᠬᠦ ᠪᠠ ᠲᠠᠷᠢᠬᠤ ᠦᠶ᠎ᠡ ᠳᠤ ᠵᠠᠷᠢᠮ ᠠᠰᠠᠭᠤᠳᠠᠯ ᠪᠠ ᠬᠦᠴᠢᠷ ᠠᠰᠠᠭᠤᠳᠠᠯ ᠢ ᠪᠢ ︿ᠨᠤᠲᠤᠭ ᠤᠨ ᠲᠤᠰᠬᠠᠶ ᠮᠡᠷᠭᠡᠵᠢᠯᠲᠡᠨ﹀ ᠢᠶᠠᠷ ᠵᠢᠭᠠᠯᠭᠠᠬᠤ  ᠶᠢᠨ ᠬᠠᠮᠲᠤ ᠪᠠᠰᠠ ᠨᠣᠮ ᠪᠢᠴᠢᠭ ᠠᠴᠠ ᠰᠢᠶᠳᠪᠦᠷᠢᠯᠡᠬᠦ ᠠᠷᠭ᠎ᠠ ᠡᠷᠢᠯᠬᠢᠯᠡᠳᠡᠭ᠂ ᠦᠨᠡᠬᠡᠷ ᠴᠥᠭᠡᠨ ᠪᠤᠰᠤ ᠠᠰᠠᠭᠤᠳᠠᠯ ᠢ ᠰᠢᠢᠳᠪᠦᠷᠢᠯᠡᠵᠦ ᠴᠢᠳᠠᠨ᠎ᠠ᠃︾ ᠭᠡᠵᠦ ᠪᠤᠤ ᠹᠠᠨ ᠲᠣᠰᠬᠤᠨ ᠤ ᠠᠷᠠᠳ ᠸᠠᠩ ᠶᠦᠨ ᠹᠧᠩ ᠢᠨᠢᠶᠡᠮᠰᠦᠭᠯᠡᠨ ᠬᠡᠯᠡᠨ᠎ᠡ᠃  ᠪᠤᠤ ᠱᠢ ᠪᠠᠯᠭᠠᠰᠤ ᠠᠷᠠᠳ ᠢᠷᠭᠡᠳ ᠤᠨ ᠨᠣᠮ ᠤᠩᠰᠢᠬᠤ ᠬᠡᠷᠡᠭᠯᠡᠭᠡᠨ ᠤ ᠴᠢᠨᠠᠷ ᠪᠠ ᠬᠠᠨᠳᠤᠯᠭᠠᠲᠤ ᠴᠢᠨᠠᠷ ᠢ ᠨᠠᠩ ᠰᠠᠶᠢᠲᠤᠷ ᠳᠡᠭᠡᠭᠰᠢᠯᠡᠭᠦᠯᠬᠦ ᠶᠢᠨ ᠲᠥᠯᠥᠭᠡ᠂ ᠨᠣᠮ ᠪᠢᠴᠢᠭ ᠤᠨ ᠲᠥᠷᠥᠯ ᠵᠦᠶᠯ ᠢ ᠢᠯᠭᠠᠨ ᠵᠢᠭᠰᠠᠭᠠᠬᠤ᠂ ᠨᠣᠮ ᠪᠢᠴᠢᠭ ᠢ ᠣᠨᠣᠪᠴᠢᠲᠠᠶ ᠡᠷᠢᠬᠦ᠂ ᠡᠯᠧᠺᠲᠷᠣᠨ ᠨᠣᠮ ᠪᠢᠴᠢᠭ ᠦᠶᠯᠡᠳᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠣᠰᠬᠤᠨ ᠤ ᠠᠷᠠᠳ ᠤᠨ ᠣᠯᠠᠨ ᠶᠠᠩᠵᠤ ᠶᠢᠨ ᠨᠣᠮ ᠤᠩᠰᠢᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃
   ︽ᠲᠣᠰᠬᠤᠨ ᠤ ᠠᠷᠠᠳ ᠠ᠂ ᠣᠶᠢᠷ᠎ᠠ ᠳᠤ ᠡᠮ ᠡᠮᠨᠡᠯᠭᠡ ᠶᠢᠨ ᠳᠠᠭᠠᠳᠬᠠᠯ ᠤᠨ ᠰᠦᠶᠳᠬᠡᠯ ᠲᠤᠰᠢᠶᠠᠬᠤ ᠶᠠᠪᠤᠳᠠᠯ ᠳᠠᠭᠤᠰᠬᠤ ᠭᠡᠵᠦ ᠪᠠᠶᠢᠨ᠎ᠠ᠂ ᠡᠷᠬᠡᠪᠰᠢ ᠲᠦᠷᠭᠡᠬᠡᠨ ᠰᠦᠶᠳᠬᠡᠯ ᠲᠤᠰᠢᠶᠠᠬᠤ ᠬᠡᠷᠡᠭᠲᠡᠶ᠂ ᠪᠢ ᠲᠤᠬᠠᠶ ᠶᠢᠨ ᠲᠠᠯᠠᠪᠤᠷ ᠲᠤ ᠣᠯᠠᠨ ᠳᠤ ᠰᠦᠶᠳᠬᠡᠯ ᠲᠤᠰᠢᠶᠠᠬᠤ ᠠᠯᠬᠤᠮ ᠳᠠᠷᠠᠭ᠎ᠠ ᠶᠢ ᠳᠡᠯᠭᠡᠨ ᠦᠵᠡᠭᠦᠯᠦᠶ᠎ᠡ᠂ ᠡᠪᠡᠳᠴᠢᠨ ᠦᠵᠡᠭᠦᠯᠬᠦ ᠳᠤ ᠪᠠᠰᠠ ᠲᠠᠩᠰᠠ ᠳᠡᠶᠢᠯᠵᠦ ᠥᠭᠭᠦᠨ᠎ᠡ᠂ ᠡᠷᠬᠡᠪᠰᠢ ᠴᠢᠬᠤᠯᠠᠴᠢᠯᠠᠬᠤ ᠬᠡᠷᠡᠭᠲᠡᠶ᠃︾ ᠭᠡᠵᠦ ᠰᠠᠶᠢᠨ ᠳᠤᠷ᠎ᠠ ᠶᠢᠨ ᠡᠩᠨᠡᠭᠡᠨ ᠤ ᠮᠠ ᠯᠢᠩ ᠰᠠᠨᠠᠭᠤᠯᠤᠨ᠎ᠠ᠃    ᠤᠢᠢᠷ᠎ᠠ ᠶᠢᠨ ᠵᠢᠯ ᠠᠴᠠ᠂ ᠪᠤᠤ ᠱᠢ ᠪᠠᠯᠭᠠᠰᠤᠨ ᠤ ᠬᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ  ᠶᠢᠨ ᠡᠩᠨᠡᠭᠡ᠂ ᠡᠪᠯᠡᠯ ᠤᠨ ᠬᠤᠷᠢᠶᠠᠨ ᠤ ︽ᠴᠢᠤᠸᠠᠨ ᠰᠢᠶᠤᠤ ᠴᠢᠩ 》 ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠳᠤ ᠲᠦᠰᠢᠭᠯᠡᠨ᠂ ᠲᠠᠯ᠎ᠠ ᠨᠤᠲᠤᠭ ᠤᠨ ᠨᠣᠮ ᠤᠨ ᠦᠷᠦᠭᠡ ᠪᠠᠷ ᠵᠢᠭᠰᠠᠭᠠᠯ ᠤᠨ ᠭᠠᠵᠠᠷ ᠪᠣᠯᠭᠠᠵᠤ᠂ ᠤᠨᠤᠯ  ᠤᠨ ᠤᠬᠠᠭᠤᠯᠭ᠎ᠠ ᠤᠬᠠᠭᠤᠯᠤᠨ ᠲᠠᠶᠢᠯᠪᠤᠷᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠪᠠᠶᠢᠭᠤᠯᠵᠤ᠂ ︽ᠲᠠᠯ᠎ᠠ ᠨᠤᠲᠤᠭ ᠤᠨ ᠨᠣᠮ ᠤᠨ ᠦᠷᠦᠭᠡ + N ᠵᠡᠷᠭᠡ ᠦᠢᠯᠡᠴᠢᠯᠡᠭᠡ︾ ᠶᠢ ᠢᠳᠡᠪᠬᠢᠲᠡᠢ ᠰᠦᠪᠡᠭᠴᠢᠯᠡᠵᠦ᠂ ᠨᠠᠷᠢᠨ ᠨᠢᠮᠪᠠᠢ ᠦᠢᠯᠡᠴᠢᠯᠡᠭᠡ ᠳᠤᠮᠳᠠ ᠬᠥᠳᠡᠭᠡ ᠲᠣᠰᠬᠤᠨ ᠤ ᠰᠣᠶᠣᠯ ᠤᠨ ᠠᠮᠢᠳᠤᠷᠠᠯ ᠤᠨ ︽ᠤᠩᠰᠢᠯᠭ᠎ᠠ︾ ᠶᠢᠨ ᠲᠦᠷᠦᠭᠳᠡᠯ ᠢ ᠳᠡᠭᠡᠭᠰᠢᠯᠡᠭᠦᠯᠪᠡ᠃    ᠬᠤᠶᠢᠰᠢᠳᠠ᠂ ᠪᠤᠤ ᠱᠢ ᠪᠠᠯᠭᠠᠰᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠡᠯ᠎ᠡ ᠵᠦᠶᠯ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠩᠬᠠᠷᠤᠨ ᠳᠡᠭᠡᠭᠰᠢᠯᠡᠭᠦᠯᠵᠦ᠂ ᠦᠶᠯᠡᠴᠢᠯᠡᠭᠡᠨ ᠤ ᠲᠥᠷᠥᠯ ᠵᠦᠶᠯ᠂ ᠦᠶᠯᠡᠴᠢᠯᠡᠭᠡᠨ ᠤ ᠶᠠᠰᠤ ᠴᠢᠨᠠᠷ᠂ ᠦᠶᠯᠡᠴᠢᠯᠡᠭᠡᠨ ᠤ ᠣᠪᠣᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠠᠯ᠎ᠠ ᠨᠤᠲᠤᠭ ᠤᠨ ᠨᠣᠮ ᠤᠨ ᠥᠷᠥᠭᠡ ᠪᠠᠨ ᠦᠨᠡᠨ ᠬᠦ ᠠᠷᠠᠳ ᠣᠯᠠᠨ ᠤ ᠠᠮᠢᠳᠤᠷᠠᠯ ᠳᠤ ᠠᠭᠤᠰᠬᠠᠨ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠢ ᠬᠥᠭᠵᠢᠭᠦᠯᠦᠨ ᠮᠠᠨᠳᠤᠭᠤᠯᠬᠤ ︽ᠲᠣᠰᠣ ᠨᠡᠮᠡᠬᠦ ᠥᠷᠲᠡᠭᠡ︾᠂ ︽ᠴᠠᠬᠢᠯᠭᠠᠨ ᠴᠡᠨᠡᠭᠯᠡᠬᠦ ᠥᠷᠲᠡᠭᠡ︾ ᠪᠣᠯᠭᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号