ᠲᠦᠴᠢᠦᠸᠠᠨ ᠰᠢᠶᠠᠨ ᠤ ᠤᠯᠠᠭᠠᠨᠮᠥ᠋ᠴᠢᠷ ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠶᠢ ᠪᠠᠷᠢᠮᠲᠠᠯᠠᠵᠤ᠂ | ᠭᠤᠣᠯ ᠰᠡᠳᠦᠪᠲᠦ ᠵᠦᠴᠦᠭᠡ ᠶᠢᠨ ᠵᠣᠬᠢᠶᠠᠨ ᠪᠦᠲᠦᠭᠡᠯᠭᠡ ᠶᠢ ᠠᠬᠢᠭᠤᠯᠵᠤ᠂ ᠠᠬᠠᠮᠠᠳ ᠨᠢᠭᠡ ᠦᠶ᠎ᠡ ᠶᠢᠨ | ᠤᠯᠠᠭᠠᠨᠮᠥ᠋ᠴᠢᠷ ᠤᠨ ᠬᠥᠮᠦᠰ ᠤᠨ ᠰᠢᠯᠢᠳᠡᠭ ᠤᠯᠠᠮᠵᠢᠯᠠᠯ ᠢ ᠤᠯᠠᠮᠵᠢᠯᠠᠵᠤ᠂ ︽ᠬᠤᠪᠢᠰᠬᠠᠯᠲᠤ ᠤᠳᠬ᠎ᠠ ᠤᠷᠠᠯᠢᠭ | ᠤᠨ ᠬᠦᠩᠭᠡᠨ ᠮᠣᠷᠢᠲᠤ ᠴᠡᠷᠢᠭ︾ ᠤᠨ ᠲᠤᠭ ᠢ ᠰᠢᠨ᠎ᠡ ᠴᠠᠭ ᠦᠶ᠎ᠡ ᠳᠤ ᠥᠨᠳᠥᠷ ᠮᠠᠨᠳᠤᠭᠤᠯᠪᠠ᠃ | | ᠡᠨᠡ ᠵᠢᠯ 28 ᠨᠠᠰᠤᠲᠠᠢ ᠦ᠋ ᠵᠢᠶᠠᠨ ᠫᠢᠩ ᠬᠠᠷᠠᠬᠠᠨ ᠪᠠᠭ᠎ᠠ ᠠᠴᠠ ᠪᠠᠨ ᠪᠥᠵᠢᠭ ᠲᠤ ᠪᠠᠭ᠋ᠠᠲᠠᠢ ᠪᠠᠶᠢᠵᠤ᠂ ᠠᠯᠢ | ᠨᠢᠭᠡ ᠡᠳᠦᠷ ᠲᠠᠶᠢᠰᠠᠨ ᠳᠤ ᠭᠠᠷᠴᠤ ᠲᠣᠭᠯᠠᠯᠲᠠ ᠭᠠᠷᠭᠠᠬᠤ ᠬᠦᠰᠡᠯ ᠲᠠᠢ ᠪᠠᠶᠢᠯ᠎ᠠ᠂ ᠭᠡᠨᠡᠳᠲᠡ ᠶᠢᠨ ᠲᠣᠬᠢᠶᠠᠯ ᠢᠶᠠᠷ᠂ | ᠲᠡᠷᠡ ᠤᠯᠠᠭᠠᠨᠮᠥ᠋ᠴᠢᠷ ᠤᠨ ᠭᠡᠰᠢᠭᠦᠳ ᠰᠢᠶᠠᠩ ᠪᠠᠯᠭᠠᠰᠤᠨ ᠳᠤ ᠬᠦᠷᠴᠦ ᠲᠣᠭᠯᠠᠯᠲᠠ ᠭᠠᠷᠭᠠᠬᠤ ᠶᠢ ᠣᠯᠵᠤ | ᠬᠠᠷᠠᠪᠠ᠂ ᠡᠭᠦᠨ ᠠᠴᠠ ᠡᠬᠢᠯᠡᠨ ᠲᠡᠭᠦᠨ ᠤ ᠰᠡᠳᠬᠢᠯ ᠳᠤ ᠤᠯᠠᠭᠠᠨᠮᠥ᠋ᠴᠢᠷ ᠤᠨ ᠭᠡᠰᠢᠭᠦᠳ ᠪᠤᠯᠬᠤ ᠦᠷ᠎ᠡ ᠶᠢ | ᠲᠠᠷᠢᠬᠰᠠᠨ ᠪᠠᠶᠢᠨ᠎ᠠ᠃ 2020 ᠣᠨ ᠳᠤ ᠲᠦᠴᠢᠦᠸᠠᠨ ᠰᠢᠶᠠᠨ ᠤ ᠤᠯᠠᠭᠠᠨᠮᠥ᠋ᠴᠢᠷ ᠲᠤ ᠰᠢᠯᠭᠠᠨ ᠣᠷᠣᠵᠤ ︽ | ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠨᠢᠭᠡᠨ ᠭᠡᠰᠢᠭᠦᠨ ᠪᠣᠯᠪᠠ᠃ | | | ︽ᠬᠠᠷᠠᠬᠠᠨ ᠪᠠᠭ᠎ᠠ ᠠᠴᠠ ᠪᠠᠨ ᠪᠢ ᠪᠥᠵᠢᠭ ᠪᠥᠵᠢᠭᠯᠡᠬᠦ ᠮᠠᠰᠢ ᠳᠤᠷᠠᠲᠠᠢ᠂ ᠬᠠᠷᠠᠬᠠᠨ ᠪᠠᠭ᠎ᠠ ᠠᠴᠠ ᠪᠠᠨ | ᠤᠯᠠᠭᠠᠨᠮᠥ᠋ᠴᠢᠷ ᠤᠨ ᠠᠬ᠎ᠠ ᠡᠭᠡᠴᠢ ᠨᠡᠷ ᠢ ᠰᠣᠨᠢᠷᠬᠠᠵᠤ᠂ ᠥᠭᠡᠯᠡᠢ ᠪᠣᠯᠤᠭᠰᠠᠨ ᠤ ᠲᠠᠷᠠᠭ᠎ᠠ ᠤᠯᠠᠭᠠᠨᠮᠥ᠋ᠴᠢᠷ ᠤᠨ | ᠨᠢᠭᠡ ᠭᠡᠰᠢᠭᠦᠨ ᠪᠣᠯᠤᠨ᠎ᠠ ᠭᠡᠵᠦ ᠪᠤᠳᠤᠳᠠᠭ᠃ ᠤᠳᠤ ᠬᠦᠰᠡᠯ ᠡᠷᠡᠮᠡᠯᠵᠡᠯ ᠴᠦ ᠪᠡᠶᠡᠯᠡᠭᠳᠡᠪᠡ᠂ ᠤᠯᠠᠭᠠᠨᠮᠥ᠋ᠴᠢᠷ ᠤᠨ | ᠠᠬᠠᠮᠠᠳ ᠨᠢᠭᠡ ᠦᠶ᠎ᠡ ᠶᠢᠨ ᠬᠦᠴᠢᠷ ᠠᠴᠠ ᠠᠶᠤᠬᠤ ᠦᠭᠡᠢ ᠵᠣᠷᠢᠭ ᠰᠠᠨᠠᠭ᠎ᠠ ᠨᠢ ᠨᠠᠮᠠᠶᠢ ᠭᠦᠨ ᠨᠥᠯᠥᠭᠡᠯᠡᠵᠦ᠂ | ᠬᠤᠶᠢᠰᠢᠳᠠ ᠶᠢᠨ ᠠᠵᠢᠯ ᠳᠤᠮᠳᠠ ᠪᠠᠨ ᠴᠤ ᠴᠥᠬᠦᠷᠡᠰᠢ ᠦᠭᠡᠢ ᠵᠣᠷᠢᠭ ᠰᠠᠨᠠᠭ᠎ᠠ ᠶᠢ ᠡᠵᠡᠮᠰᠢᠭᠦᠯᠵᠡᠢ᠃︾ ᠭᠡᠵᠦ | ᠰᠢᠶᠠᠨ ᠤ ᠤᠯᠠᠭᠠᠨᠮᠥ᠋ᠴᠢᠷ ᠤᠨ ᠭᠡᠰᠢᠭᠦᠨ ᠦ᠋ ᠵᠢᠶᠠᠨ ᠫᠢᠩ ᠬᠡᠯᠡᠪᠡ᠃ | | ᠡᠨᠡ ᠬᠡᠳᠦᠨ ᠡᠳᠦᠷ᠂ ᠰᠢᠶᠠᠨ ᠤ ᠤᠯᠠᠭᠠᠨᠮᠥ᠋ᠴᠢᠷ ᠤᠨ ᠭᠡᠰᠢᠭᠦᠳ ᠡᠳᠦᠷ ᠲᠤᠲᠤᠮ ᠤᠨ ᠠᠵᠢᠯ ᠤᠨ ᠴᠢᠯᠥᠭᠡ | ᠵᠠᠪ ᠢᠶᠠᠷ ᠢᠶᠠᠨ ᠰᠢᠨ᠎ᠡ ᠭᠡᠰᠢᠭᠦᠳ ᠲᠤ ᠴᠠᠷᠭᠢᠯ ᠬᠤᠯᠪᠣᠭ᠎ᠠ᠂ ᠬᠥᠭᠵᠢᠮ᠂ ᠳᠠᠭᠤᠯᠠᠬᠤ ᠠᠶ᠎ᠠ ᠵᠡᠷᠭᠡ ᠲᠠᠯ᠎ᠠ ᠶᠢᠨ | ᠤᠷ᠎ᠠ ᠴᠢᠳᠠᠪᠤᠷᠢ ᠶᠢᠨ ᠪᠣᠯᠪᠠᠰᠤᠷᠠᠯ ᠬᠢᠵᠦ᠂ ᠡᠦ ᠵᠢᠶᠠᠨ ᠫᠢᠩ ᠡᠨᠡ ᠤᠳᠠᠭᠠᠨ ᠤ ᠠᠵᠠ ᠲᠣᠬᠢᠶᠠᠯ ᠢ ᠠᠮᠵᠢᠵᠤ᠂ | ᠪᠠᠭᠰᠢ ᠠᠴᠠ ᠪᠠᠨ ᠨᠠᠩ ᠣᠯᠠᠨ ᠤᠷ᠎ᠠ ᠴᠢᠳᠠᠪᠤᠷᠢ ᠶᠢ ᠨᠠᠷᠢᠨ ᠬᠢᠨᠠᠮᠠᠭᠠᠶ ᠰᠤᠷᠤᠯᠴᠠᠪᠠ᠃ | | ᠲᠦᠴᠢᠦᠸᠠᠨ ᠰᠢᠶᠠᠨ ᠤ ᠤᠯᠠᠭᠠᠨᠮᠥ᠋ᠴᠢᠷ ᠤᠨ ᠭᠡᠰᠢᠭᠦᠨ ᠰᠢᠶᠧ ᠰᠢᠶᠤᠤ ᠮᠢᠩ᠄ ︽ᠡᠨᠡ ᠤᠳᠠᠭ᠎ᠠ ᠶᠢᠨ ︿ | ᠤᠯᠠᠮᠵᠢᠯᠠᠬᠤ ᠬᠠᠪᠰᠤᠷᠬᠤ ᠳᠠᠭᠠᠭᠤᠯᠬᠤ﹀ ᠠᠵᠢᠯᠯᠠᠭ᠎ᠠ ᠨᠢ ᠵᠠᠯᠠᠭᠤ ᠰᠤᠷᠤᠯᠭᠠᠳᠠᠨ ᠤ ᠤᠷ᠎ᠠ ᠴᠢᠳᠠᠪᠤᠷᠢ ᠶᠢᠨ | ᠳᠡᠭᠡᠭᠰᠢᠯᠡᠯᠲᠡ ᠶᠢᠨ ᠲᠤᠬᠠᠢ ᠭᠡᠷᠡᠴᠢᠯᠡᠯ ᠪᠣᠯᠬᠤ ᠪᠠᠷ ᠪᠠᠷᠠᠬᠤ ᠦᠭᠡᠢ ᠪᠠᠰᠠ ᠤᠯᠠᠭᠠᠨᠮᠥ᠋ᠴᠢᠷ ᠤᠨ ᠤᠳᠬ᠎ᠠ ᠤᠷᠠᠯᠢᠭ | ᠤᠨ ᠦᠢᠯᠡᠰ ᠤᠨ ᠦᠶ᠎ᠡ ᠳᠠᠮᠵᠢᠨ ᠤᠯᠠᠮᠵᠢᠯᠠᠭᠳᠠᠵᠤ ᠪᠠᠶᠢᠭ᠎ᠠ ᠬᠦᠴᠦᠲᠡᠢ ᠭᠡᠷᠡᠴᠢᠯᠡᠯ ᠪᠣᠯᠤᠨ᠎ᠠ᠂ ᠪᠢ ᠴᠢᠳᠠᠯ ᠤᠨ | ᠬᠢᠷᠢ ᠪᠠᠷ ᠢᠶᠠᠨ ᠲᠡᠳᠡᠨ ᠢ ᠰᠠᠶᠢᠲᠤᠷ ᠵᠢᠯᠣᠭᠤᠳᠴᠤ᠂ ᠡᠳᠡᠭᠡᠷ ᠵᠠᠯᠠᠭᠤ ᠭᠡᠰᠢᠭᠦᠳ ᠲᠠᠢ ᠬᠠᠮᠲᠤ ᠪᠠᠷ ᠮᠠᠨ ᠤ | ᠤᠯᠠᠮᠵᠢᠯᠠᠯᠲᠤ ᠤᠳᠬ᠎ᠠ ᠤᠷᠠᠯᠢᠭ ᠤᠨ ᠦᠢᠯᠡᠰ ᠢ ᠤᠯᠠᠮᠵᠢᠯᠠᠨ ᠵᠠᠯᠭᠠᠮᠵᠢᠯᠠᠨ᠎ᠠ︾ ᠭᠡᠪᠡ᠃ | ᠲᠦᠴᠢᠦᠸᠠᠨ ᠤ ᠥᠷᠭᠡᠨ ᠠᠭᠤᠳᠠᠮ ᠬᠥᠳᠡᠭᠡ ᠲᠣᠰᠬᠤᠨ ᠳᠤ ᠵᠢᠯ ᠲᠤᠷᠰᠢ ᠠᠵᠢᠯᠯᠠᠵᠤ ᠪᠠᠶᠢᠭ᠎ᠠ ︽ | ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠤᠭᠰᠠᠨ ᠤ ᠬᠤᠪᠢ ᠳᠤ᠂ ᠵᠢᠯ ᠪᠦᠷᠢ | ᠳᠤᠮᠳᠠᠴᠢ ᠪᠠᠷ 2 ᠲᠦᠮᠡ ᠭᠠᠷᠤᠶ ᠺᠢᠯᠣᠮᠧᠲᠷ ᠠᠶᠠᠯᠠᠵᠤ᠂ ᠵᠢᠯ ᠪᠦᠷᠢ ᠰᠢᠶᠠᠩ ᠪᠠᠯᠭᠠᠰᠤ᠂ ᠠᠶᠢᠯ ᠲᠣᠰᠬᠤᠨ ᠳᠤ | ᠭᠦᠨᠵᠡᠭᠡᠶᠢᠷᠡᠨ 100 ᠲᠠᠯᠠᠪᠠᠶ ᠠᠴᠠ ᠳᠡᠭᠡᠭᠰᠢ ᠲᠣᠭᠯᠠᠯᠲᠠ ᠭᠠᠷᠭᠠᠵᠤ ᠪᠠᠶᠢᠨ᠎ᠠ᠃ ᠡᠭᠦᠨ ᠢᠶᠠᠷ ᠪᠠᠷᠠᠬᠤ ᠥᠬᠡᠶ᠂ | ᠡᠨᠡ ᠵᠢᠯ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠡᠬᠡ ᠣᠷᠣᠨᠴᠢ ᠦᠵᠡᠯ ᠢ | ᠶᠡᠭᠡ ᠪᠠᠷ ᠪᠠᠳᠠᠷᠠᠭᠤᠯᠬᠤ ᠵᠡᠷᠭᠡ ᠭᠤᠤᠯ ᠰᠡᠳᠦᠪ ᠤᠨ ᠲᠣᠭᠤᠷᠢᠨ ᠳᠤ᠂ ᠦᠪᠡᠷ ᠢᠶᠠᠨ ᠵᠣᠬᠢᠶᠠᠨ ᠪᠦᠲᠦᠭᠡᠭᠰᠡᠨ ᠱᠤᠭ | ᠵᠦᠴᠦᠭᠡ ︽ᠪᠤᠷᠤᠭᠤ ᠵᠠᠮ ᠢᠶᠠᠷ ᠵᠠᠮᠨᠠᠭᠰᠠᠨ︾᠂ ︽ᠰᠢᠨ᠎ᠡ ᠲᠣᠰᠬᠤᠨ ᠤ ᠣᠷᠣᠯᠠᠨ ᠥᠭᠦᠯᠡᠭᠴᠢ ᠪᠣᠯᠬᠤ ᠪᠠᠷ | ᠴᠢᠷᠮᠠᠶᠢᠶ᠎ᠠ︾᠂ ᠲᠠᠲᠠᠮᠠᠯ ᠵᠦᠴᠦᠭᠡ ︽ᠠᠮᠤᠷ ᠲᠠᠶᠢᠪᠤᠩ ᠢᠶᠠᠷ ᠰᠢᠨᠡᠯᠡᠶ᠎ᠡ︾᠂ ᠱᠤᠭ ᠵᠦᠴᠦᠭᠡ ︽ᠪᠢ ᠪᠣᠯ ᠭᠤᠤᠯ | ᠪᠠᠭᠠᠲᠤᠷ︾᠂ ᠲᠣᠮᠣ ᠬᠡᠯᠪᠡᠷᠢ ᠶᠢᠨ ᠬᠡᠦᠬᠡᠳ ᠤᠨ ᠵᠦᠴᠦᠭᠡ ︽ᠨᠠᠶᠢᠮᠠᠯᠵᠢ ᠶᠢᠨ ᠬᠠᠴᠢᠨ ᠤᠴᠠᠷᠠᠯ︾ ᠵᠡᠷᠭᠡ 9 | ᠰᠢᠯᠢᠳᠡᠭ ᠪᠦᠲᠦᠭᠡᠯ ᠢ ᠲᠤᠭᠯᠠᠵᠤ᠂ ᠠᠮᠢᠳᠤᠷᠠᠯ ᠤᠨ ᠰᠢᠮᠡᠯᠢᠭ ᠬᠥᠷᠥᠰᠥᠨ ᠳᠤ ᠦᠨᠳᠦᠰᠦᠯᠡᠵᠦ᠂ ᠲᠠᠷᠢᠶᠠᠴᠢᠨ | ᠲᠦᠮᠡᠨ ᠳᠤ ᠦᠶᠯᠡᠴᠢᠯᠡᠵᠦ᠂ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠵᠣᠷᠢᠭ | ᠰᠠᠨᠠᠭ᠎ᠠ ᠶᠢ ᠤᠯᠠᠮᠵᠢᠯᠠᠨ᠎ᠠ᠃ | | ︽︿ᠤᠯᠠᠮᠵᠢᠯᠠᠬᠤ ᠬᠠᠪᠰᠤᠷᠬᠤ ᠳᠠᠭᠠᠭᠤᠯᠬᠤ﹀ ᠬᠥᠮᠦᠵᠢᠭᠦᠯᠬᠦ ᠵᠠᠭᠪᠤᠷ ᠪᠣᠯ ᠮᠠᠨ ᠤ ᠲᠦᠴᠢᠦᠸᠠᠨ ᠰᠢᠶᠠᠨ ᠤ | ᠤᠯᠠᠭᠠᠨᠮᠥ᠋ᠴᠢᠷ ᠤᠨ ᠢᠳᠡᠪᠬᠢᠲᠡᠶ ᠰᠦᠪᠡᠭᠴᠢᠯᠡᠵᠦ ᠦᠶᠯᠡᠳᠦᠯᠭᠡᠵᠢᠭᠦᠯᠦᠭᠰᠡᠨ ᠭᠤᠤᠯ ᠴᠢᠳᠠᠪᠤᠷᠢᠲᠠᠨ ᠢ ᠬᠥᠮᠦᠵᠢᠭᠦᠯᠬᠦ | ᠵᠠᠭᠪᠤᠷ ᠪᠣᠯᠤᠭᠰᠠᠭᠠᠷ ᠢᠷᠡᠵᠡᠶ᠃ ᠮᠠᠨ ᠤ ᠲᠦᠴᠢᠦᠸᠠᠨ ᠰᠢᠶᠠᠨ ᠤ ᠤᠯᠠᠭᠠᠨᠮᠥ᠋ᠴᠢᠷ ᠬᠠᠭᠤᠴᠢᠨ ᠢᠶᠠᠷ ᠰᠢᠨ᠎ᠡ ᠶᠢ | ᠳᠠᠭᠠᠭᠤᠯᠬᠤ᠂ ᠤᠯᠠᠮᠵᠢᠯᠠᠬᠤ ᠬᠠᠪᠰᠤᠷᠬᠤ ᠳᠠᠭᠠᠭᠤᠯᠬᠤ ᠰᠠᠶᠢᠨ ᠰᠠᠶᠢᠬᠠᠨ ᠰᠤᠷᠲᠠᠯ ᠢᠶᠠᠨ ᠢᠮᠠᠭᠲᠠ ᠪᠠᠷᠢᠮᠲᠠᠯᠠᠵᠤ᠂ | ᠭᠡᠰᠢᠭᠦᠳ ᠴᠥᠮ ᠨᠢᠭᠡ ᠵᠦᠶᠯ ᠳᠤ ᠮᠡᠷᠭᠡᠵᠢᠬᠦ ᠣᠯᠠᠨ ᠵᠦᠶᠯ ᠤᠨ ᠴᠢᠳᠠᠪᠤᠷᠢ ᠪᠠᠷ ᠰᠠᠭᠤᠷᠢ ᠨᠥᠬᠦᠴᠡᠯ ᠪᠣᠯᠭᠠᠵᠤ᠂ | ᠬᠦᠭᠵᠢᠮᠳᠡᠬᠦᠷ ᠬᠥᠭᠵᠢᠮ᠂ ᠪᠥᠵᠢᠭ᠂ ᠰᠢ ᠵᠦᠴᠦᠭᠡ ᠵᠡᠷᠭᠡ ᠲᠤᠰᠬᠠᠶ ᠮᠡᠷᠭᠡᠵᠢᠯ ᠢ ᠪᠦᠷᠢᠳᠦᠭᠦᠯᠦᠭᠰᠡᠨ ᠪᠠᠶᠢᠨ᠎ᠠ᠃ | ᠵᠠᠯᠠᠭᠤ ᠭᠡᠰᠢᠭᠦᠳ ᠵᠢᠭᠰᠠᠭᠠᠯ ᠳᠤ ᠣᠷᠣᠭᠰᠠᠨ ᠲᠡᠷᠡ ᠡᠳᠦᠷ ᠠᠴᠠ ᠪᠠᠨ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ | ᠢ ᠪᠠᠲᠤ ᠴᠡᠭᠡᠵᠢᠯᠡᠵᠦ᠂ ᠨᠠᠮ ᠤᠨ ᠲᠠᠭᠤᠨ ᠪᠠ ᠬᠠᠶᠢᠷ᠎ᠠ ᠬᠠᠯᠠᠮᠵᠢ ᠶᠢ ᠢᠮᠠᠭᠲᠠ ᠳᠠᠮᠵᠢᠭᠤᠯᠵᠤ᠂ ᠠᠷᠠᠳ ᠲᠦᠮᠡᠨ | ᠳᠤ ᠦᠶᠯᠡᠴᠢᠯᠡᠬᠦ ᠶᠢ ᠪᠠᠷᠢᠮᠲᠠᠯᠠᠵᠤ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ᠂ ᠵᠣᠷᠢᠭᠲᠠᠶ ᠪᠠᠷ ᠰᠢᠨ᠎ᠡ ᠶᠢ ᠡᠭᠦᠳᠬᠦ | ᠵᠣᠷᠢᠭ ᠰᠠᠨᠠᠭ᠎ᠠ ᠶᠢ ᠪᠠᠳᠠᠷᠠᠭᠤᠯᠵᠠᠶ᠃︾ ᠭᠡᠵᠦ ᠰᠢᠶᠠᠨ ᠤ ᠤᠯᠠᠭᠠᠨᠮᠥ᠋ᠴᠢᠷ ᠤᠨ ᠳᠡᠳ᠋ ᠳᠠᠷᠤᠭ᠎ᠠ ᠵᠠᠩ ᠵᠢᠩ ᠬᠡᠯᠡᠪᠡ | ᠃ |