ᠲᠠᠯ᠎ᠠ ᠨᠤᠲᠤᠭ ᠤᠨ ᠨᠣᠮ ᠤᠨ ᠥᠷᠥᠭᠡ ᠨᠢ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ | ᠴᠢᠬᠤᠯᠠ ᠠᠴᠢᠶᠠᠯᠠᠪᠤᠷᠢ ᠪᠣᠯᠤᠭᠰᠠᠨ ᠤ ᠬᠤᠪᠢ ᠳᠤ᠂ ᠨᠤᠲᠤᠭ ᠤᠨ ᠰᠤᠷᠲᠠᠯ ᠤᠨ ᠪᠣᠯᠪᠠᠰᠤᠨ ᠢ ᠬᠠᠳᠠᠭᠠᠯᠠᠬᠤ᠂ | ᠣᠯᠠᠨ ᠲᠦᠮᠡᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ | ᠴᠢᠬᠤᠯᠠ ᠴᠢᠳᠠᠮᠵᠢ ᠶᠢ ᠡᠭᠦᠷᠭᠡᠯᠡᠵᠦ᠂ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠤ ᠮᠡᠳᠡᠯᠭᠡ ᠰᠤᠷᠬᠤ᠂ | ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ᠂ ᠰᠢᠨ᠎ᠡ ᠰᠤᠷᠲᠠᠯ ᠢ ᠪᠣᠶ ᠪᠣᠯᠭᠠᠬᠤ ᠭᠤᠤᠯ ᠵᠢᠭᠰᠠᠭᠠᠯ ᠤᠨ ᠭᠠᠵᠠᠷ ᠪᠣᠯᠤᠨ᠎ᠠ | ᠃ ᠵᠡᠭᠦᠨ ᠳᠥᠷᠥᠯᠵᠢ ᠪᠠᠯᠭᠠᠰᠤ ︽ᠲᠠᠯ᠎ᠠ ᠨᠤᠲᠤᠭ ᠤᠨ ᠨᠣᠮ ᠤᠨ ᠥᠷᠥᠭᠡ +︾ ᠵᠠᠭᠪᠤᠷ ᠢ ᠬᠠᠶᠢᠨ | ᠰᠦᠪᠡᠭᠴᠢᠯᠡᠵᠦ᠂ ᠨᠠᠩ ᠣᠯᠠᠨ ᠣᠯᠠᠨ ᠲᠦᠮᠡᠨ ᠢ ᠨᠣᠮ ᠤᠨ ᠥᠷᠥᠭᠡᠨ ᠳᠡᠭᠡᠨ ᠲᠡᠳᠡᠨ ᠣᠷᠣᠭᠤᠯᠵᠤ᠂ ᠨᠣᠮ | ᠤᠩᠰᠢᠬᠤ ᠳᠤᠷᠠᠲᠠᠶ ᠪᠣᠯᠭᠠᠵᠤ᠂ ᠪᠢᠴᠢᠭ ᠤᠨ ᠦᠨᠦᠷ ᠠᠮᠲᠠ ᠶᠢ ᠲᠦᠮᠡᠨ ᠡᠷᠦᠬᠡ ᠳᠤ ᠣᠷᠣᠭᠤᠯᠤᠨ᠎ᠠ᠃ | ︽ᠲᠠᠯ᠎ᠠ ᠨᠤᠲᠤᠭ ᠤᠨ ᠨᠣᠮ ᠤᠨ ᠥᠷᠥᠭᠡ + ᠬᠤᠪᠢᠰᠬᠠᠯ ᠤᠨ ᠬᠢᠴᠢᠶᠡᠯ ᠤᠨ ᠲᠠᠩᠬᠢᠮ︾ ᠨᠢ ᠪᠥᠬᠦ ᠠᠷᠠᠳ | ᠢᠶᠠᠷ ᠢᠶᠠᠨ ᠤᠩᠰᠢᠨ ᠰᠤᠷᠤᠯᠴᠠᠨ᠎ᠠ | ᠵᠡᠭᠦᠨ ᠲᠦᠷᠦᠯᠵᠢ ᠪᠠᠯᠭᠠᠰᠤ ᠦᠶᠯᠡᠴᠢᠯᠡᠭᠡᠨ ᠤ ᠠᠭᠤᠯᠭ᠎ᠠ ᠪᠠᠨ ᠢᠳᠡᠪᠬᠢᠲᠡᠶ ᠥᠷᠭᠡᠳᠬᠡᠵᠦ᠂ ᠣᠯᠠᠨ ᠲᠦᠮᠡᠨ | ᠤ ︽ᠣᠷᠣᠵᠤ ᠢᠷᠡᠵᠦ ᠳᠡᠶᠢᠯᠬᠦ᠂ ᠰᠠᠭᠤᠵᠤ ᠳᠡᠶᠢᠯᠬᠦ᠂ ᠤᠩᠰᠢᠵᠤ ᠳᠡᠶᠢᠯᠬᠦ︾ ᠶᠢ ᠬᠥᠲᠥᠯᠥᠨ ᠵᠢᠯᠣᠭᠤᠳᠬᠤ ᠪᠠ | ᠲᠠᠲᠠᠵᠤ᠂ ᠲᠠᠯ᠎ᠠ ᠨᠤᠲᠤᠭ ᠤᠨ ᠨᠣᠮ ᠤᠨ ᠥᠷᠥᠭᠡ ᠪᠠᠨ ᠦᠨᠡᠨ ᠬᠦ ᠬᠠᠮᠲᠤ ᠶᠢᠨ ᠤᠬᠠᠮᠰᠠᠷ ᠢ ᠨᠢᠭᠲᠠᠷᠠᠭᠤᠯᠬᠤ᠂ | ᠨᠤᠲᠤᠭ ᠤᠨ ᠰᠤᠷᠲᠠᠯ ᠤᠨ ᠪᠣᠯᠪᠠᠰᠤᠨ ᠡᠶ᠎ᠡ ᠵᠣᠬᠢᠴᠠᠯ ᠢ ᠠᠬᠢᠭᠤᠯᠬᠤ᠂ ᠣᠯᠠᠨ ᠲᠦᠮᠡᠨ ᠢ ᠬᠥᠲᠥᠯᠥᠨ | ᠳᠠᠭᠠᠭᠤᠯᠵᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠪᠠᠶᠠᠵᠢᠭᠤᠯᠬᠤ ᠤᠬᠠᠭᠤᠯᠭ᠎ᠠ ᠶᠢᠨ ᠵᠢᠭᠰᠠᠭᠠᠯ ᠤᠨ ᠭᠠᠵᠠᠷ | ᠪᠣᠯᠭᠠᠨ᠎ᠠ᠃ ᠨᠣᠮ ᠤᠩᠰᠢᠬᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠦᠵᠡᠯ ᠰᠠᠨᠠᠭᠠᠨ ᠤ ᠲᠠᠯ᠎ᠠ ᠪᠠᠷ ︽ | ᠴᠡᠨᠡᠭᠯᠡᠬᠦ︾᠂ ᠣᠶᠤᠨ ᠰᠠᠨᠠᠭᠠᠨ ᠤ ᠲᠠᠯ᠎ᠠ ᠪᠠᠷ ︽ᠺᠠᠯᠼ ᠨᠥᠬᠦᠪᠥᠷᠢᠯᠡᠬᠦ︾ ᠶᠢ ᠪᠡᠶᠡᠯᠡᠭᠦᠯᠪᠡ᠃ ᠲᠠᠯ᠎ᠠ ᠨᠤᠲᠤᠭ | ᠤᠨ ᠨᠣᠮ ᠤᠨ ᠥᠷᠥᠭᠡ ᠪᠠᠷ ᠠᠴᠢᠶᠠᠯᠠᠪᠤᠷᠢ ᠪᠣᠯᠭᠠᠵᠤ᠂ ︽ᠲᠠᠯ᠎ᠠ ᠨᠤᠲᠤᠭ ᠤᠨ ᠨᠣᠮ ᠤᠨ ᠥᠷᠥᠭᠡ + | ᠬᠤᠪᠢᠰᠬᠠᠯ ᠤᠨ ᠬᠢᠴᠢᠶᠡᠯ ᠤᠨ ᠲᠠᠩᠬᠢᠮ︾ ᠤᠨ ᠬᠡᠯᠪᠡᠷᠢ ᠶᠢᠨ ᠰᠢᠨ᠎ᠡ ᠶᠢ ᠡᠭᠦᠳᠴᠦ᠂ ᠨᠠᠮ ᠤᠨ ᠡᠭᠦᠷ ᠤᠨ | ᠱᠦᠵᠢ ᠨᠠᠮ ᠤᠨ ᠭᠡᠰᠢᠭᠦᠨ ᠢ ᠳᠠᠭᠠᠭᠤᠯᠬᠤ᠂ ᠨᠠᠮ ᠤᠨ ᠭᠡᠰᠢᠭᠦᠨ ᠣᠯᠠᠨ ᠲᠦᠮᠡᠨ ᠢ ᠳᠠᠭᠠᠭᠤᠯᠬᠤ ︽ᠬᠤᠣᠰ | ᠳᠠᠭᠠᠭᠤᠯᠬᠤ︾ ᠶᠢᠨ ᠵᠠᠭᠪᠤᠷ ᠢ ᠰᠦᠪᠡᠭᠴᠢᠯᠡᠨ ᠪᠦᠷᠢᠯᠳᠦᠭᠦᠯᠦᠨ᠎ᠡ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ | ᠣᠯᠠᠨ ᠲᠦᠮᠡᠨ ᠢ ᠳᠠᠶᠢᠴᠢᠯᠠᠨ ᠣᠯᠠᠨ ᠶᠠᠩᠵᠤ ᠬᠡᠯᠪᠡᠷᠢ ᠶᠢᠨ ᠤᠩᠰᠢᠯᠭ᠎ᠠ ᠶᠢᠨ ᠠᠵᠢᠯᠯᠠᠭ᠎ᠠ ᠳᠤ ᠣᠷᠣᠯᠴᠠᠭᠤᠯᠵᠤ᠂ | ᠰᠠᠶᠢᠨ ᠰᠠᠶᠢᠬᠠᠨ ᠰᠤᠷᠤᠯᠴᠠᠬᠤ ᠬᠡᠪ ᠰᠤᠷᠲᠠᠯ ᠢ ᠪᠣᠶ ᠪᠤᠯᠭᠠᠨ᠎ᠠ᠃ ᠲᠠᠯ᠎ᠠ ᠨᠤᠲᠤᠭ ᠤᠨ ᠨᠣᠮ ᠤᠨ ᠥᠷᠥᠭᠡ ᠶᠢᠨ | ᠪᠠᠶᠢᠭᠤᠯᠤᠯᠲᠠ ᠶᠢ ᠭᠤᠤᠯ ᠰᠡᠳᠦᠪᠲᠦ ᠨᠠᠮ ᠤᠨ ᠡᠳᠦᠷ᠂ ᠨᠠᠮ ᠤᠨ ᠭᠡᠰᠢᠭᠦᠨ ᠤ ᠪᠤᠯᠪᠠᠰᠤᠷᠠᠯ ᠲᠠᠢ ᠤᠶᠠᠯᠳᠤᠭᠤᠯᠵᠤ | ᠂ ᠨᠠᠩ ᠣᠯᠠᠨ ᠨᠠᠮ ᠤᠨ ᠭᠡᠰᠢᠭᠦᠨ ᠣᠯᠠᠨ ᠲᠦᠮᠡᠨ ᠤ ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠳᠤ | ᠲᠠᠯᠠᠷᠬᠠᠬᠤ᠂ ᠨᠠᠮ ᠢᠶᠠᠨ ᠳᠠᠭᠠᠬᠤ ᠶᠢ ᠬᠥᠲᠥᠯᠥᠨ ᠵᠢᠯᠣᠭᠤᠳᠴᠤ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ | ᠬᠤᠪᠢᠰᠬᠠᠯ ᠤᠨ ᠬᠥᠮᠦᠵᠢᠯ ᠤᠨ ︽ᠲᠣᠰᠣ ᠨᠡᠮᠡᠬᠦ ᠥᠷᠲᠡᠭᠡ︾ ᠪᠣᠯᠬᠤ ᠶᠢ ᠠᠬᠢᠭᠤᠯᠤᠨ᠎ᠠ᠃ | | ︽ᠲᠠᠯ᠎ᠠ ᠨᠤᠲᠤᠭ ᠤᠨ ᠨᠣᠮ ᠤᠨ ᠥᠷᠥᠭᠡ + ᠭᠤᠤᠯ ᠰᠡᠳᠦᠪᠲᠦ ᠠᠵᠢᠯᠯᠠᠭ᠎ᠠ︾ ᠨᠢ ᠣᠯᠠᠨ ᠲᠦᠮᠡᠨ ᠤ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ | ᠵᠡᠭᠦᠨ ᠳᠥᠷᠥᠯᠵᠢ ᠪᠠᠯᠭᠠᠰᠤ ᠰᠠᠭᠤᠭᠠᠯᠢ ᠠᠷᠠᠳ ᠤᠨ ᠰᠣᠶᠣᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ | ᠰᠠᠭᠤᠭᠠᠯᠢ ᠠᠷᠠᠳ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠲᠠᠯ᠎ᠠ ᠨᠤᠲᠤᠭ ᠤᠨ ᠨᠣᠮ ᠤᠨ | ᠥᠷᠥᠭᠡ ᠳᠤ ᠬᠥᠳᠡᠭᠡ ᠲᠣᠰᠬᠤᠨ ᠤ ᠲᠠᠶᠢᠰᠠᠨ ᠤ ᠲᠠᠷᠢᠶᠠᠴᠢᠳ ᠤᠨ ᠤᠳᠬ᠎ᠠ ᠤᠷᠠᠯᠢᠭ ᠤᠨ ᠠᠵᠢᠯᠯᠠᠭ᠎ᠠ ᠵᠡᠷᠭᠡ | ᠰᠤᠷᠭᠠᠨ ᠬᠥᠮᠦᠵᠢᠯ ᠢ ᠪᠠᠶᠠᠷ ᠴᠡᠩᠭᠡᠯ ᠳᠤ ᠠᠬᠤᠭᠤᠯᠤᠭᠰᠠᠨ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ | ᠣᠯᠠᠨ ᠲᠦᠮᠡᠨ ᠳᠤ ᠤᠳᠬ᠎ᠠ ᠤᠷᠠᠯᠢᠭ ᠤᠨ ᠰᠢᠨ᠎ᠡ ᠰᠤᠷᠲᠠᠯ ᠢ ᠬᠦᠷᠭᠡᠵᠦ᠂ ᠣᠯᠠᠨ ᠲᠦᠮᠡᠨ ᠤ ᠣᠶᠤᠨ ᠰᠠᠨᠠᠭ᠎ᠠ | ᠰᠣᠶᠣᠯ ᠤᠨ ᠠᠮᠢᠳᠤᠷᠠᠯ ᠢ ᠲᠤᠶᠢᠯ ᠤᠨ ᠶᠡᠭᠡ ᠪᠠᠷ ᠪᠠᠶᠠᠯᠢᠭᠵᠢᠭᠤᠯᠪᠠ᠃ ᠰᠤᠯᠠ ᠰᠡᠯᠡᠭᠦᠦ ᠴᠠᠭ᠂ ᠲᠠᠯ᠎ᠠ ᠨᠤᠲᠤᠭ | ᠤᠨ ᠨᠣᠮ ᠤᠨ ᠥᠷᠥᠭᠡ᠂ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠤᠨ ᠰᠡᠯᠡᠭᠦᠴᠡᠯ ᠤᠨ ᠭᠠᠵᠠᠷ ᠪᠣᠯᠵᠠᠶ᠃ ︽ | ᠨᠣᠮ ᠤᠨ ᠥᠷᠥᠭᠡ ᠶᠢ ᠡᠷᠭᠢᠯᠡᠭᠰᠡᠨ ᠤ ᠳᠠᠷᠠᠭ᠎ᠠ᠂ ᠪᠢᠳᠡᠨ ᠳᠤ ᠮᠠᠰᠢ ᠶᠡᠭᠡ ᠬᠠᠪᠰᠤᠷᠤᠯᠭ᠎ᠠ ᠪᠣᠯᠵᠣ᠂ ᠮᠡᠳᠡᠯᠭᠡ | ᠣᠯᠵᠤ ᠰᠤᠷᠬᠤ ᠪᠠᠷ ᠪᠠᠷᠠᠬᠤ ᠥᠬᠡᠶ ᠪᠠᠰᠠ ᠬᠡᠦᠬᠡᠳ ᠲᠤ ᠬᠠᠨᠢ ᠪᠤᠯᠵᠤ᠂ ᠪᠢᠳᠡ ᠮᠠᠰᠢ ᠰᠡᠳᠬᠢᠯ ᠬᠠᠨᠤᠮᠵᠢᠲᠠᠶ | ᠪᠠᠶᠢᠵᠤ᠂ ᠦᠷᠭᠦᠯᠵᠢ ᠠᠳᠡ ᠢᠷᠡᠵᠦ ᠲᠣᠰᠬᠤᠨ ᠤ ᠳᠣᠲᠣᠷᠠᠬᠢ ᠡᠯ᠎ᠡ ᠵᠦᠶᠯ ᠤᠨ ᠠᠵᠢᠯᠯᠠᠭ᠎ᠠ ᠳᠤ ᠣᠷᠣᠯᠴᠠᠬᠤ | ᠪᠠᠷ ᠪᠣᠯᠵᠣᠳᠠᠭ᠃︾ ᠭᠡᠵᠦ ᠵᠢᠯᠠᠭ᠎ᠠ ᠲᠣᠰᠬᠤᠨ ᠤ ᠠᠷᠠᠳ ᠸᠠᠩ ᠡᠭᠡᠴᠢ ᠬᠡᠯᠡᠨ᠎ᠡ᠃ | | ︽ᠲᠠᠯ᠎ᠠ ᠨᠤᠲᠤᠭ ᠤᠨ ᠨᠣᠮ ᠤᠨ ᠥᠷᠥᠭᠡ + ᠰᠣᠶᠣᠯ ᠤᠨ ᠰᠢᠮ᠎ᠡ ᠲᠡᠵᠢᠭᠡᠯ︾ ᠨᠢ ᠲᠠᠷᠢᠶᠠᠴᠢᠨ ᠲᠦᠮᠡᠨ ᠤ | ᠣᠶᠤᠨ ᠤᠬᠠᠭᠠᠨ ᠢ ᠲᠡᠭᠡᠭᠰᠢᠯᠡᠭᠦᠯᠦᠨ᠎ᠡ | ᠲᠠᠯ᠎ᠠ ᠨᠤᠲᠤᠭ ᠤᠨ ᠨᠣᠮ ᠤᠨ ᠥᠷᠥᠭᠡ ᠨᠢ ᠣᠯᠠᠨ ᠨᠡᠶᠢᠲᠡ ᠶᠢᠨ ᠰᠣᠶᠣᠯ ᠢᠶᠠᠷ ᠠᠷᠠᠳ ᠲᠤ ᠠᠰᠢᠭ | ᠬᠦᠷᠲᠡᠭᠡᠬᠦ ᠨᠢᠭᠡᠨ ᠴᠢᠬᠤᠯᠠ ᠢᠨᠵᠧᠨᠧᠷᠢᠩ ᠪᠣᠯᠤᠭᠰᠠᠨ ᠤ ᠬᠤᠪᠢ ᠳᠤ᠂ ᠲᠠᠷᠢᠶᠠᠴᠢᠨ ᠣᠯᠠᠨ ᠲᠦᠮᠡᠨ ᠤ ᠰᠣᠶᠣᠯ | ᠤᠨ ᠰᠢᠮ᠎ᠡ ᠲᠡᠵᠢᠭᠡᠯ ᠬᠦᠷᠲᠡᠵᠦ᠂ ᠦᠵᠡᠯ ᠰᠡᠳᠬᠢᠯᠭᠡ ᠪᠠᠨ ᠪᠣᠯᠪᠠᠰᠤᠷᠠᠭᠤᠯᠬᠤ ︽ᠮᠡᠳᠡᠯᠭᠡ ᠶᠢᠨ ᠲᠣᠮᠣ ᠬᠤᠸᠠᠷᠠᠨ︾ | ᠪᠣᠯᠬᠤ ᠪᠠᠷ ᠪᠠᠷᠠᠬᠤ ᠦᠭᠡᠶ᠂ ᠪᠠᠰᠠ ᠴᠤ ᠲᠠᠷᠢᠶᠠᠴᠢᠳ ᠤᠨ ᠣᠶᠤᠨ ᠮᠡᠳᠡᠯᠭᠡ ᠰᠤᠷᠴᠤ ᠮᠡᠷᠭᠡᠵᠢᠯ ᠳᠡᠭᠡᠭᠰᠢᠯᠡᠭᠦᠯᠬᠦ | ︽ᠰᠢᠵᠢᠷ ᠠᠯᠲᠠᠨ ᠥᠷᠥᠭᠡ︾ ᠪᠣᠯᠬᠤ ᠶᠤᠮ᠃ ᠬᠤᠩ ᠭᠤᠸᠠᠩ ᠲᠣᠰᠬᠤᠨ ᠳᠤ᠂ ᠲᠤᠬᠠᠶ ᠶᠢᠨ ᠭᠠᠵᠠᠷ ᠤᠨ | ᠲᠠᠷᠢᠶᠠᠴᠢᠳ ᠦᠷᠭᠦᠯᠵᠢ ᠨᠣᠮ ᠤᠨ ᠥᠷᠥᠭᠡᠨ ᠳᠡᠭᠡᠨ ᠢᠷᠡᠵᠦ᠂ ᠬᠤᠨᠢᠨ ᠤ ᠠᠵᠤ ᠦᠶᠯᠡᠰ ᠤᠨ ᠮᠠᠲ᠋ᠧᠷᠢᠶᠠᠯ ᠢ | ᠤᠷᠪᠠᠭᠤᠯᠤᠨ ᠦᠵᠡᠵᠦ᠂ ᠢᠷᠡᠬᠦ ᠪᠣᠯᠭᠠᠨ ᠲᠡᠷᠡ ᠪᠦᠷ ᠪᠠᠭ᠎ᠠ ᠪᠤᠰᠤ ᠣᠯᠤᠯᠲᠠ ᠲᠠᠢ ᠪᠠᠶᠢᠳᠠᠭ᠃ ︽ᠠᠳᠡ ᠠᠴᠠ | ᠮᠠᠰᠢ ᠣᠯᠠᠨ ᠮᠢᠨᠦ ᠬᠦᠰᠡᠵᠦ ᠪᠠᠶᠢᠭ᠎ᠠ ᠵᠦᠶᠯ ᠢ ᠣᠯᠵᠤ ᠰᠣᠷᠣᠨ᠎ᠠ᠂ ᠲᠠᠷᠢᠶᠠᠯᠠᠩ ᠤᠨ ᠮᠡᠷᠭᠡᠵᠢᠯ ᠪᠤᠶᠤ ᠲᠡᠵᠢᠭᠡᠨ | ᠦᠷᠡᠵᠢᠭᠦᠯᠬᠦ ᠲᠠᠯ᠎ᠠ ᠪᠠᠷ ᠴᠥᠮ ᠥᠪᠡᠷ ᠤᠨ ᠡᠷᠳᠡᠮ ᠮᠡᠳᠡᠯᠭᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ ᠪᠣᠯᠤᠨ᠎ᠠ | ᠃︾ ᠭᠡᠵᠡᠢ᠃ | | ᠲᠠᠷᠠᠭᠠᠴᠢ ᠶᠢᠨ ᠠᠯᠬᠤᠮ ᠳᠤ᠂ ᠵᠡᠭᠦᠨ ᠲᠦᠷᠦᠯᠵᠢ ᠪᠠᠯᠭᠠᠰᠤ ᠣᠯᠠᠨ ᠲᠦᠮᠡᠨ ᠤ ᠬᠦᠰᠡᠯ ᠡᠷᠡᠮᠡᠯᠵᠡᠯ ᠢ | ᠲᠠᠰᠤᠷᠠᠯᠲᠠ ᠥᠬᠡᠶ ᠬᠤᠷᠢᠶᠠᠵᠤ᠂ ᠠᠵᠢᠯᠯᠠᠭ᠎ᠠ ᠶᠢ ᠢᠯᠡᠭᠦᠬᠡᠨ ᠵᠣᠬᠢᠶᠠᠨ ᠪᠠᠶᠢᠭᠤᠯᠵᠤ᠂ ᠨᠣᠮ ᠪᠢᠴᠢᠭ ᠤᠨ ᠭᠠᠷᠴᠠᠭ | ᠢ ᠲᠡᠭᠦᠯᠳᠡᠷᠵᠢᠭᠦᠯᠵᠦ᠂ ᠲᠠᠯ᠎ᠠ ᠨᠤᠲᠤᠭ ᠤᠨ ᠨᠣᠮ ᠤᠨ ᠥᠷᠥᠭᠡ ᠭᠡᠬᠦ ᠡᠨᠡ ᠬᠦ ᠵᠢᠭᠰᠠᠭᠠᠯ ᠤᠨ ᠭᠠᠵᠠᠷ ᠢ ᠭᠦᠶᠴᠡᠳ | ᠰᠠᠶᠢᠲᠤᠷ ᠠᠰᠢᠭᠯᠠᠵᠤ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ | ᠪᠠᠶᠠᠯᠢᠭᠵᠢᠭᠤᠯᠬᠤ ᠪᠣᠯᠤᠨ᠎ᠠ᠃ ᠲᠠᠯ᠎ᠠ ᠨᠤᠲᠤᠭ ᠤᠨ ᠨᠣᠮ ᠤᠨ ᠥᠷᠥᠭᠡ ᠪᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ︽ᠲᠣᠰᠣ ᠨᠡᠮᠡᠬᠦ ᠥᠷᠲᠡᠭᠡ︾ ᠪᠣᠯᠭᠠᠵᠤ᠂ ᠲᠠᠷᠢᠶᠠᠴᠢᠨ ᠲᠦᠮᠡᠨ ᠳᠤ ᠨᠠᠮ ᠤᠨ ᠴᠢᠭᠯᠡᠯᠲᠡ ᠲᠥᠷᠥ | ᠶᠢᠨ ᠪᠣᠳᠣᠯᠭ᠎ᠠ ᠶᠢ ᠮᠡᠳᠡᠭᠦᠯᠬᠦ᠂ ᠰᠣᠶᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠯᠭᠡ ᠶᠢ ᠰᠤᠷᠤᠯᠴᠠᠬᠤ᠂ | ᠶᠣᠰᠣ ᠰᠤᠷᠲᠠᠬᠤᠨ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ︽ᠬᠢᠴᠢᠶᠡᠯ ᠤᠨ ᠲᠠᠩᠬᠢᠮ︾ ᠪᠣᠯᠭᠠᠵᠤ᠂ | ᠪᠥᠬᠦ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠤ ᠬᠦᠴᠦᠷᠬᠡᠭ ᠶᠡᠭᠡ ᠣᠶᠤᠨ | ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠵᠦ ᠪᠠᠶᠢᠨ᠎ᠠ᠃ |