ᠱᠦᠶ ᠴᠢᠤᠸᠠᠨ ᠪᠠᠯᠭᠠᠰᠤ ︽ᠪᠠᠭ᠎ᠠ ᠪᠠᠷ ᠶᠡᠭᠡ ᠶᠢ ᠬᠠᠷᠠᠭᠤᠯᠬᠤ︾ ᠪᠠᠷ ᠪᠣᠯᠪᠠᠰᠤᠨ ᠰᠢᠨ᠎ᠡ ᠬᠡᠪ ᠰᠤᠷᠲᠠᠯ  ᠢ ᠬᠥᠲᠥᠯᠥᠨ ᠳᠠᠭᠠᠭᠤᠯᠪᠠ
ᠨᠡᠶᠢᠲᠡᠯᠡᠭᠰᠡᠨ ᠴᠠᠭ᠄
2024/12/28
   ᠤᠢᠢᠷ᠎ᠠ ᠶᠢᠨ ᠵᠢᠯ ᠠᠴᠠ᠂ ᠱᠦᠢ ᠴᠢᠤᠸᠠᠨ ᠪᠠᠯᠭᠠᠰᠤᠨ ᠤ ᠬᠢᠨ ᠨᠠᠮ ᠤᠨ ᠪᠠᠶᠢᠭᠤᠯᠤᠯᠲᠠ ᠪᠠᠷ ᠬᠦᠳᠦᠯᠥᠨ ᠳᠠᠭᠠᠭᠤᠯᠬᠤ ᠶᠢ ᠪᠠᠷᠢᠮᠲᠠᠯᠠᠵᠤ᠂ ᠪᠣᠯᠪᠠᠰᠤᠨ ᠨᠤᠲᠤᠭ ᠤᠨ ᠰᠤᠷᠲᠠᠯ ᠢ ᠪᠤᠢ ᠪᠣᠯᠭᠠᠬᠤ᠂ ᠡᠭᠡᠯ ᠪᠣᠷᠣᠭᠵᠢᠭᠤᠨ ᠠᠷᠠᠳ ᠤᠨ ᠰᠤᠷᠲᠠᠯ ᠢ ᠪᠤᠢ ᠪᠣᠯᠭᠠᠬᠤ ᠪᠠᠷ ᠬᠠᠷᠠᠯᠲᠠ ᠪᠣᠯᠭᠠᠵᠤ᠂ ᠪᠠᠭ᠎ᠠ ᠠᠴᠠ ᠶᠡᠭᠡ ᠶᠢ ᠬᠠᠷᠠᠭᠤᠯᠵᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠤᠯᠠᠨ ᠲᠦᠮᠡᠨ ᠤ ᠪᠣᠯᠪᠠᠰᠤᠨ ᠤ ᠬᠡᠪ ᠪᠣᠯᠪᠠᠰᠤᠷᠠᠯ ᠤᠨ ᠳᠡᠭᠡᠭᠰᠢᠯᠡᠯᠲᠡ ᠶᠢ ᠦᠷᠭᠦᠯᠵᠢᠯᠡᠨ ᠠᠬᠢᠭᠤᠯᠵᠤ᠂ ᠲᠣᠰᠬᠤᠨ ᠤ ᠰᠤᠷᠲᠠᠯ ᠤᠨ ᠪᠣᠯᠪᠠᠰᠤᠨ ᠤ ᠰᠢᠨ᠎ᠡ ᠦᠨᠳᠦᠷᠴᠡ ᠶᠢ ᠬᠠᠮᠲᠤ ᠪᠠᠷ ᠴᠣᠭᠴᠠᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ  ᠳᠤ ᠪᠠᠲᠤ ᠴᠢᠩᠭ᠎ᠠ ᠦᠷᠳᠡᠭ ᠤᠨ ᠬᠦᠳᠤᠯᠤᠨ ᠵᠢᠯᠣᠭᠤᠳᠬᠤ ᠬᠦᠴᠦᠨ᠂ ᠰᠣᠶᠣᠯ ᠤᠨ ᠨᠢᠭᠲᠠᠷᠠᠯ ᠤᠨ ᠬᠦᠴᠦᠨ ᠪᠣᠯᠤᠨ ᠤᠶᠤᠨ ᠰᠠᠨᠠᠭᠠᠨ ᠤ ᠲᠦᠯᠬᠢᠴᠡ ᠬᠦᠴᠦᠨ ᠬᠠᠩᠭᠠᠪᠠ᠃
   ︽ᠪᠠᠭ᠎ᠠ︾ ᠲᠣᠤᠷᠵᠢᠯ ᠨᠢ ︽ᠶᠡᠭᠡ︾ ᠵᠠᠰᠠᠯᠲᠠ ᠶᠢ ᠠᠬᠢᠭᠤᠯᠪᠠ᠃ ︽ᠰᠢᠶᠤᠤ ᠫᠤᠤ ᠽᠢ ᠲᠣᠰᠬᠤᠨ ᠳᠤ ᠬᠤᠶᠠᠷ ᠵᠠᠮ ᠤᠨ ᠳ᠋ᠧᠩ ᠭᠡᠷᠡᠯᠲᠦᠬᠦ ᠦᠭᠡᠢ᠂ ᠲᠣᠰᠬᠤᠨ ᠠᠴᠠ ᠬᠥᠮᠦᠨ ᠡᠷᠢᠵᠦ ᠵᠠᠰᠠᠭᠤᠯᠤᠭᠠᠷᠠᠶ᠃︾ ︽ᠪᠣᠯᠤᠨ᠎ᠠ ︕︾ ᠡᠨᠡ ᠪᠣᠯ ᠰᠢᠶᠤᠤ ᠫᠤᠤ ᠽᠢ ᠲᠣᠰᠬᠤᠨ ᠤ ᠲᠤᠤᠷᠵᠢᠯ ᠤᠨ ᠬᠠᠮᠢᠶᠠᠷᠤᠯᠲᠠ ᠶᠢᠨ ᠠᠵᠢᠯᠲᠠᠨ ᠪᠣᠯᠤᠨ ᠲᠣᠰᠬᠤᠨ ᠤ ᠺᠠᠳ᠋ᠷᠴᠤᠳ ᠤᠨ ᠡᠳᠦᠷ ᠲᠤᠲᠤᠮ ᠤᠨ ᠶᠠᠷᠢᠯᠴᠠᠭ᠎ᠠ ᠪᠣᠯᠤᠨ᠎ᠠ᠂ ᠮᠥᠨ ᠴᠦ ᠱᠦᠶ ᠴᠢᠤᠸᠠᠨ ᠪᠠᠯᠭᠠᠰᠤᠨ  ᠤ ᠪᠣᠶ ᠪᠥᠬᠦᠶ ᠲᠤᠤᠷᠵᠢᠯ ᠤᠨ ᠬᠠᠮᠢᠶᠠᠷᠤᠯᠲᠠ ᠶᠢᠨ ᠠᠵᠢᠯᠲᠠᠨ ᠤ ᠡᠳᠦᠷ ᠲᠤᠲᠤᠮ ᠤᠨ ᠠᠵᠢᠯ ᠤᠨ ᠬᠤᠷᠢᠶᠠᠩᠭᠤᠶ ᠳᠦᠷᠰᠦ ᠪᠣᠯᠤᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ᠱᠦᠶ ᠴᠢᠤᠸᠠᠨ ᠪᠠᠯᠭᠠᠰᠤ ᠲᠣᠤᠷᠴᠢᠯᠠᠭᠰᠠᠨ ᠵᠠᠰᠠᠯᠲᠠ ᠶᠢ ᠶᠡᠭᠡ ᠪᠠᠷ ᠠᠬᠢᠭᠤᠯᠵᠤ᠂ ᠲᠣᠤᠷᠴᠢᠯᠠᠭᠰᠠᠨ ᠬᠦᠴᠦᠨ ᠢ ᠰᠠᠶᠢᠲᠤᠷ ᠪᠠᠶᠢᠭᠤᠯᠵᠤ᠂ ᠪᠥᠬᠦ ᠪᠠᠯᠭᠠᠰᠤᠨ ᠤ 76 ᠲᠤᠤᠷᠵᠢᠯ ᠤᠨ ᠬᠠᠮᠢᠶᠠᠷᠤᠯᠲᠠ ᠶᠢᠨ ᠠᠵᠢᠯᠲᠠᠨ ︽ᠡᠭᠦᠳᠡ ᠡᠷᠦᠬᠡ ᠶᠢ ᠨᠢ ᠮᠡᠳᠡᠬᠦ᠂ ᠬᠥᠮᠦᠨ ᠨᠢ ᠲᠠᠨᠢᠯ ᠲᠡᠰᠦᠯ︾ ᠪᠠᠶᠢᠬᠤ ᠳᠠᠪᠠᠭᠤᠯᠢᠭ ᠢᠶᠠᠨ ᠭᠦᠶᠴᠡᠳ ᠠᠰᠢᠭᠯᠠᠨ᠂ ︽ᠬᠡᠷ ᠲᠤ ᠨᠢ ᠬᠦᠷᠴᠦ ᠦᠶᠯᠡᠴᠢᠯᠡᠬᠦ︾᠂ ︽ᠬᠡᠷ ᠵᠠᠭᠤᠷ᠎ᠠ  ᠶᠢᠨ ᠵᠣᠭᠤᠭ ᠳᠡᠯᠭᠡᠬᠦ︾ ᠵᠡᠷᠭᠡ ᠠᠷᠭ᠎ᠠ ᠬᠡᠯᠪᠡᠷᠢ ᠪᠠᠷ ᠲᠣᠰᠬᠤᠨ ᠤ ᠠᠷᠠᠳ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠲᠠᠰᠤᠷᠠᠯᠲᠠ ᠥᠬᠡᠶ ᠴᠢᠩᠭᠠᠳᠬᠠᠪᠠ︔ ︽ᠵᠢᠭᠰᠠᠭᠠᠨ ᠪᠠᠶᠢᠴᠠᠭᠠᠭᠴᠢ︾ ᠪᠣᠯᠵᠣ᠂ ᠲᠤᠤᠷᠵᠢᠯ ᠤᠨ ᠳᠣᠲᠣᠷᠠᠬᠢ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠭᠰᠡᠨ ᠡᠷᠦᠬᠡ᠂ ᠣᠨᠴᠠ ᠬᠦᠴᠢᠷᠳᠡᠯᠲᠡᠶ ᠬᠥᠮᠦᠰ  ᠢ ᠠᠰᠠᠷᠠᠨ ᠲᠡᠵᠢᠭᠡᠬᠦ ᠵᠢᠴᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠵᠦ ᠪᠠᠶᠢᠭ᠎ᠠ ᠵᠡᠷᠭᠡ ᠣᠨᠴᠠᠭᠠᠶ ᠬᠥᠮᠦᠰ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠣᠷᠣᠨ ᠪᠦᠰᠡ ᠶᠢᠨ ᠳᠣᠲᠣᠷᠠᠬᠢ ᠰᠠᠭᠤᠷᠢ ᠪᠡᠯᠡᠳᠬᠡᠮᠵᠢ  ᠶᠢᠨ ᠪᠥᠲᠥᠭᠡᠨ ᠪᠠᠶᠢᠭᠤᠯᠤᠯᠲᠠ ᠶᠢᠨ ᠳᠤᠲᠠᠭᠤᠳᠠᠯ ᠢ ᠵᠢᠭᠰᠠᠭᠠᠨ ᠪᠠᠶᠢᠴᠠᠭᠠᠵᠤ᠂ ᠠᠰᠠᠭᠤᠳᠠᠯ ᠢ ᠴᠠᠭ ᠲᠤᠬᠠᠶ ᠳᠤᠨᠢ ᠰᠢᠶᠳᠪᠦᠷᠢᠯᠡᠨ᠎ᠡ︔ ︽ᠤᠬᠠᠭᠤᠯᠤᠭᠴᠢ︾ ᠪᠣᠯᠵᠣ᠂ ᠲᠠᠷᠢᠶᠠᠨ ᠭᠠᠵᠠᠷ᠂ ᠲᠠᠷᠢᠶᠠᠴᠢᠨ ᠡᠷᠦᠬᠡ ᠶᠢᠨ ᠬᠦᠷᠢᠶᠡᠨ ᠳᠤ ᠭᠦᠨᠵᠡᠭᠡᠶᠢᠷᠡᠨ᠂ ︽ᠡᠭᠦᠳᠡᠨ ᠡᠮᠦᠨᠡᠬᠢ ᠳᠥᠷᠪᠡᠨ ᠳᠠᠭᠠᠭᠠᠴᠢᠯᠠᠯᠲᠠ︾᠂ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠂ ᠣᠶ ᠰᠢᠭᠤᠶ ᠶᠢᠨ ᠭᠠᠯ ᠢ ᠰᠡᠷᠭᠡᠶᠢᠯᠡᠬᠦ ᠵᠡᠷᠭᠡ ᠶᠢ ᠨᠢᠭᠤᠷᠲᠠᠨ ᠤᠬᠠᠭᠤᠯᠵᠤ᠂ ︽ᠨᠠᠮ ᠤᠨ ᠭᠡᠰᠢᠭᠦᠨ ᠳᠠᠶᠢᠴᠢᠯᠠᠬᠤ ᠂ ᠲᠠᠷᠢᠶᠠᠴᠢᠨ ᠡᠷᠦᠬᠡ ᠣᠷᠣᠯᠴᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠬᠦᠴᠦᠯᠡᠨ ᠪᠣᠶ ᠪᠣᠯᠭᠠᠨ᠎ᠠ︔ ︽ᠡᠶᠡᠳᠡᠭᠦᠯᠦᠭᠴᠢ︾ ᠪᠣᠯᠵᠤ᠂ ︽ᠣᠯᠠᠨ ᠲᠦᠮᠡᠨ ᠤ ᠰᠤᠷᠪᠤᠯᠵᠢᠯᠠᠭ᠎ᠠ︾ ᠶᠢ ︽ᠣᠯᠠᠨ ᠲᠦᠮᠡᠨ ᠤ ᠳᠤᠮᠳᠠ ᠣᠴᠢᠬᠤ︾ ᠪᠣᠯᠭᠠᠨ ᠬᠤᠪᠢᠷᠠᠭᠤᠯᠵᠤ᠂ ᠣᠯᠠᠨ ᠲᠦᠮᠡᠨ ᠤ ᠰᠡᠳᠬᠢᠯ ᠤᠨ ᠳᠠᠭᠤᠨ ᠢ ᠰᠣᠨᠣᠰᠴᠤ᠂ ᠠᠷᠠᠳ ᠤᠨ ᠠᠮᠢᠳᠤᠷᠠᠯ ᠤᠨ ᠬᠦᠰᠡᠯ ᠱᠠᠭᠠᠷᠳᠠᠯᠭ᠎ᠠ ᠳᠤ ᠬᠠᠷᠢᠭᠤᠯᠲᠠ ᠥᠭᠴᠦ᠂ ᠵᠥᠷᠢᠴᠡᠯ ᠵᠢᠭᠤᠷᠠᠯᠳᠤᠭᠠᠨ ᠢ ᠰᠢᠶᠳᠪᠦᠷᠢᠯᠡᠨ᠎ᠡ᠃ 2024 ᠣᠨ ᠠᠴᠠ ᠨᠠᠰᠢ᠂ ᠲᠣᠰᠬᠤᠨ ᠤ ᠺᠠᠳ᠋ᠷ᠂ ᠲᠤᠤᠷᠵᠢᠯ ᠤᠨ ᠠᠵᠢᠯᠲᠠᠨ ᠢᠶᠠᠷ ᠳᠠᠮᠵᠢᠭᠤᠯᠤᠨ ᠣᠯᠠᠨ ᠲᠦᠮᠡᠨ ᠤ ᠵᠥᠷᠢᠴᠡᠯ ᠵᠢᠭᠤᠷᠠᠯᠳᠤᠭᠠᠨ ᠢ 19 ᠰᠢᠶᠳᠪᠦᠷᠢᠯᠡᠵᠦ᠂ ᠠᠮᠤᠷ ᠠᠮᠤᠭᠤᠯᠠᠩ ᠤᠨ ᠪᠠᠶᠢᠭᠤᠯᠤᠯᠲᠠ᠂ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢ 36 ᠤᠳᠠᠭ᠎ᠠ ᠥᠷᠨᠢᠭᠦᠯᠵᠦ᠂ ᠣᠯᠠᠨ ᠲᠦᠮᠡᠨ ᠳᠤ 2000 ᠭᠠᠷᠤᠶ ᠬᠥᠮᠦᠨ ᠤᠳᠠᠭ᠎ᠠ ᠠᠰᠢᠭ ᠬᠦᠷᠲᠡᠭᠡᠵᠦ᠂ ᠠᠵᠢᠯ ᠢ ᠲᠤᠷᠷᠵᠢᠯ ᠳᠤ ᠨᠠᠶᠢᠳᠠᠪᠤᠷᠢᠵᠢᠭᠤᠯᠬᠤ᠂ ᠵᠥᠷᠢᠴᠡᠯ ᠢ ᠲᠤᠤᠷᠵᠢᠯ ᠳᠤ ᠠᠷᠢᠯᠭᠠᠬᠤ᠂ ᠦᠶᠯᠡᠴᠢᠯᠡᠭᠡ ᠶᠢ ᠲᠤᠤᠷᠵᠢᠯ ᠳᠤ ᠨᠠᠶᠢᠳᠠᠪᠤᠷᠢᠵᠢᠭᠤᠯᠬᠤ᠂ ᠤᠴᠢᠷ ᠶᠠᠪᠤᠳᠠᠯ ᠢ ᠲᠤᠤᠷᠵᠢᠯ ᠳᠤ ᠰᠢᠶᠳᠪᠦᠷᠢᠯᠡᠬᠦ ᠶᠢ ᠦᠨᠡᠨ ᠬᠦ ᠪᠠᠲᠤᠯᠠᠵᠤ᠂ ᠲᠣᠰᠬᠤᠨ ᠳᠤᠭᠤᠶᠢᠯᠠᠩ ᠤᠨ ︽ᠵᠢᠵᠢᠭ ᠲᠣᠤᠷᠴᠢᠯᠠᠯ︾ ᠢᠶᠠᠷ ᠬᠥᠳᠡᠭᠡ ᠲᠣᠰᠬᠤᠨ ᠤ ︽ᠶᠡᠭᠡ ᠵᠠᠰᠠᠯᠲᠠ︾ ᠶᠢ ᠳᠠᠶᠢᠴᠢᠯᠠᠪᠠ᠃
   ︽ᠪᠠᠭ᠎ᠠ︾ ᠣᠷᠴᠢᠨ ᠲᠣᠭᠤᠷᠢᠨ ︽ᠶᠡᠭᠡ︾ ᠲᠦᠷᠢ ᠲᠥᠷᠬᠦ ᠶᠢ ᠪᠤᠢ ᠪᠤᠯᠭᠠᠨ᠎ᠠ᠃ ᠱᠦᠢ ᠴᠢᠤᠸᠠᠨ ᠪᠠᠯᠭᠠᠰᠤ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ︽ᠮᠢᠩᠭ᠎ᠠ ᠲᠦᠮᠡ  ᠶᠢᠨ ᠢᠨᠵᠧᠨᠧᠷᠢᠩ︾ ᠤᠨ ᠲᠤᠷᠰᠢᠯᠭ᠎ᠠ ᠶᠢ ᠢᠳᠡᠪᠬᠢᠲᠡᠢ ᠰᠤᠷᠤᠯᠴᠠᠨ ᠳᠡᠯᠭᠡᠷᠡᠭᠦᠯᠵᠦ᠂ ︽ᠬᠥᠳᠡᠭᠡ ᠲᠣᠰᠬᠤᠨ ᠢ ᠴᠡᠪᠡᠷᠯᠡᠬᠦ᠂ ᠦᠵᠡᠰᠬᠦᠯᠡᠩᠲᠦ ᠰᠠᠶᠢᠬᠠᠨ ᠭᠡᠷ ᠣᠷᠣᠨ︾ ᠬᠥᠳᠡᠭᠡ ᠲᠣᠰᠬᠤᠨ ᠢ ᠴᠡᠪᠡᠷᠯᠡᠬᠦ ᠠᠵᠢᠯᠯᠠᠭ᠎ᠠ ᠥᠷᠨᠢᠭᠦᠯᠵᠦ ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠰᠠᠶᠢᠵᠢᠷᠠᠭᠤᠯᠬᠤ ᠶᠢ ᠠᠬᠢᠭᠤᠯᠵᠠᠢ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠲᠣᠰᠬᠤᠨ ᠳᠠᠭᠠᠭᠠᠴᠢᠯᠠᠭᠰᠠᠨ ᠤᠳᠤᠷᠢᠳᠤᠯᠭ᠎ᠠ ᠲᠦᠷᠦᠭᠦᠯᠡᠵᠦ᠂ ᠲᠣᠰᠬᠤᠨ ᠤ ︽ᠬᠤᠶᠠᠷ ᠵᠥᠪᠯᠡᠯ︾ ᠪᠠ ᠲᠣᠰᠬᠤᠨ ᠤ ᠨᠠᠮ  ᠤᠨ ᠭᠡᠰᠢᠭᠦᠨ ᠺᠠᠳ᠋ᠷ᠂ ᠪᠦᠬᠦᠨ ᠢ ᠬᠥᠳᠡᠭᠡ ᠲᠣᠰᠬᠤᠨ ᠳᠤ ᠪᠠᠭᠤᠵᠤ᠂ ᠠᠵᠢᠯᠲᠠᠨ ᠤ ᠬᠦᠴᠦᠨ ᠢ ᠡᠮᠬᠢᠯᠡᠨ ᠨᠡᠶᠢᠯᠡᠭᠦᠯᠵᠦ  ︽ᠨᠠᠷᠢᠯᠢᠭ︾ ᠠᠴᠠ ᠭᠠᠷᠳᠠᠬᠤ ᠶᠢ  ᠪᠠᠷᠢᠮᠲᠠᠯᠠᠵᠦ᠂ ︽ᠪᠣᠳᠠᠲᠠᠶ︾ ᠲᠡᠶᠢᠰᠢ ᠬᠦᠴᠦᠯᠡᠨ᠂ ᠭᠤᠣᠯ ᠳᠡᠳ᠋ ᠵᠠᠮ᠂ ᠰᠣᠶᠣᠯ ᠤᠨ ᠠᠭᠤᠳᠠᠮ ᠲᠠᠯᠠᠪᠠᠶ᠂ ᠭᠤᠤ ᠰᠤᠪᠠᠭ᠂ ᠭᠡᠷ ᠤᠨ ᠠᠷᠤ ᠥᠪᠥᠷ᠂ ᠰᠤᠯᠠ ᠬᠦᠷᠢᠶ᠎ᠡ ᠵᠡᠷᠭᠡ ᠭᠤᠤᠯᠳᠠᠯᠭ᠎ᠠ ᠲᠠᠢ ᠣᠷᠣᠨ ᠳᠤ ᠲᠦᠪᠯᠡᠷᠡᠭᠦᠯᠵᠦ᠂ ᠡᠰᠢ ᠰᠦᠷᠡᠯ᠂ ᠡᠯᠳᠡᠪ ᠡᠪᠡᠰᠦ᠂ ᠬᠤᠪᠠᠭ᠋ᠠᠶ ᠨᠠᠪᠴᠢ᠂ ᠪᠠᠷᠢᠯᠭ᠎ᠠ  ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ᠂ ᠨᠤᠷᠠᠩᠬᠠᠶ ᠬᠡᠷᠡᠮ ᠲᠠᠰᠤᠷᠬᠠᠶ ᠬᠠᠶᠢᠰᠠᠩ᠂ ᠪᠠᠭ᠎ᠠ ᠵᠠᠷ ᠵᠡᠷᠭᠡ ᠠᠰᠠᠭᠤᠳᠠᠯ ᠢ ︽ᠲᠣᠤᠷ ᠲᠠᠲᠠᠬᠤ ᠮᠠᠶ᠋ᠢᠭ︾ ᠢᠶᠠᠷ ᠢᠯᠭᠠᠷᠠᠭᠤᠯᠤᠨ ᠴᠡᠭᠴᠡᠯᠡᠬᠦ ᠶᠢᠨ ᠬᠠᠮᠲᠤ᠂ ᠸᠢᠴᠠᠲ ᠬᠤᠯᠪᠤᠭ᠎ᠠ᠂ ᠪᠦᠷᠢᠶ᠎ᠡ᠂ ᠣᠯᠠᠨ ᠨᠡᠶᠢᠲᠡ ᠶᠢᠨ ᠳ᠋ᠤᠭᠠᠷ ᠵᠡᠷᠭᠡ ᠠᠷᠭ᠎ᠠ ᠮᠠᠶ᠋ᠢᠭ ᠢᠶᠠᠷ ᠪᠥᠬᠦ ᠲᠠᠯ᠎ᠠ ᠪᠠᠷ ᠤᠬᠠᠭᠤᠯᠤᠨ ᠲᠠᠶᠢᠴᠢᠯᠠᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠤᠷᠤᠯᠴᠠᠭᠤᠯᠵᠦ᠂ ᠰᠠᠶᠢᠨ ᠳᠠᠳᠬᠠᠯ ᠲᠠᠢ ᠪᠣᠯᠬᠤ᠂ ᠰᠠᠶᠢᠨ ᠣᠷᠴᠢᠨ ᠲᠣᠭᠤᠷᠢᠨ᠂ ᠰᠠᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ᠂ ᠪᠦᠬᠦ ᠬᠥᠮᠦᠰ ᠣᠷᠣᠯᠴᠠᠬᠤ ᠶᠢ ᠬᠦᠴᠦᠯᠡᠨ  ᠪᠦᠷᠢᠯᠳᠦᠭᠦᠯᠵᠦ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠳᠠᠯ ᠢ ᠪᠤᠢ ᠪᠤᠯᠭᠠᠨ᠎ᠠ᠃ ᠣᠳᠣᠬᠠᠨ ᠪᠣᠯᠲᠠᠯ᠎ᠠ᠂ ᠪᠥᠬᠦ ᠪᠠᠯᠭᠠᠰᠤᠨ ᠳᠤ ᠨᠡᠶᠢᠲᠡ 1300 ᠭᠠᠷᠤᠶ ᠬᠥᠮᠦᠨ ᠤᠳᠠᠭ᠎ᠠ᠂ 180 ᠭᠠᠷᠤᠶ ᠮᠠᠰᠢᠨ ᠤᠳᠠᠭ᠎ᠠ ᠬᠥᠳᠡᠯᠭᠡᠵᠦ᠂ 120 ᠭᠠᠷᠤᠶ ᠲᠣᠨ ᠡᠰᠢ ᠰᠦᠷᠡᠯ᠂ ᠡᠯᠳᠡᠪ ᠪᠣᠳᠠᠰ ᠵᠢᠴᠢ ᠠᠮᠢᠳᠤᠷᠠᠯ  ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠵᠦ᠂ 36 ᠥᠨᠴᠥᠭ ᠪᠤᠯᠤᠩ ᠭᠠᠵᠠᠷ ᠢ ᠴᠡᠭᠴᠡᠯᠡᠨ ᠵᠠᠰᠠᠵᠤ᠂ 26 ᠨᠦᠬᠡ ᠴᠥᠭᠦᠷᠥᠮ ᠢ ᠴᠡᠭᠴᠡᠯᠡᠨ ᠵᠠᠰᠠᠵᠤ᠂ ︽ᠣᠷᠴᠢᠨ ᠲᠣᠭᠤᠷᠢᠨ ᠭᠤᠶᠣ ᠰᠠᠶᠢᠬᠠᠨ᠂ ᠠᠮᠢ ᠠᠬᠤᠶ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ᠂ ᠡᠮᠬᠢ ᠳᠢᠭᠯᠢᠮ ᠪᠣᠯᠪᠠᠰᠤᠨ︾ ᠤ ᠰᠢᠨ᠎ᠡ ᠳᠦᠷᠢ ᠲᠥᠷᠬᠦ ᠶᠢ ᠪᠥᠬᠦ ᠬᠦᠴᠦᠨ  ᠢᠶᠠᠷ ᠢᠶᠠᠨ ᠪᠣᠶ ᠪᠣᠯᠭᠠᠪᠠ᠃
   ︽ᠵᠢᠵᠢᠭ︾ ᠯᠠᠪᠠᠷ ᠨᠢ ︽ᠲᠤᠮᠤ︾ ᠬᠡᠪ ᠰᠤᠷᠲᠠᠯ ᠢ ᠴᠤᠤᠷᠢᠶᠠᠲᠤᠭᠤᠯᠤᠨ᠎ᠠ᠃ ᠥᠷᠯᠥᠭᠡ ᠡᠷᠲᠡ ᠱᠦᠢ ᠴᠢᠤᠸᠠᠨ ᠪᠠᠯᠭᠠᠰᠤᠨ ᠤ ᠾᠧ ᠹᠠ ᠲᠣᠰᠬᠤᠨ ᠳᠤ ᠴᠡᠭᠡᠯᠬᠡᠨ ᠳᠠᠭᠤ ᠪᠠᠷ ᠴᠢᠮᠡᠭᠡ  ᠲᠠᠮᠵᠢᠭᠤᠯᠤᠨ᠎ᠠ᠂ ᠡᠨᠡ ᠪᠣᠯ ᠲᠣᠰᠬᠤᠨ ᠤ ᠺᠠᠳ᠋ᠷ ︽ᠾᠧ ᠹᠠ ᠲᠣᠰᠬᠤᠨ ᠤ ᠲᠦᠷᠢᠮ ᠠᠷᠠᠳ ᠤᠨ ᠭᠡᠷ᠎ᠡ︾ ᠶᠢ ᠨᠡᠪᠲᠡᠷᠡᠭᠦᠯᠵᠦ ᠪᠠᠶᠢᠭ᠎ᠠ ᠶᠠᠪᠤᠳᠠᠯ ᠪᠣᠯᠤᠨ᠎ᠠ᠃ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ ᠂ ᠪᠣᠯᠪᠠᠰᠤᠨ ᠬᠥᠳᠡᠭᠡ ᠲᠣᠰᠬᠤᠨ ᠤ ᠬᠡᠪ ᠰᠤᠷᠲᠠᠯ ᠢ ᠪᠣᠶ ᠪᠣᠯᠭᠠᠬᠤ ᠶᠢᠨ ᠲᠥᠯᠥᠭᠡ᠂ ᠱᠦᠶ ᠴᠢᠤᠸᠠᠨ ᠪᠠᠯᠭᠠᠰᠤ ︽ᠬᠥᠳᠡᠭᠡ ᠲᠣᠰᠬᠤᠨ ᠤ ᠵᠢᠵᠢᠭ ᠪᠦᠷᠢᠶ᠎ᠡ︾ ᠶᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠰᠠᠷ᠎ᠠ ᠪᠦᠷᠢ ᠨᠢᠭᠡ ᠭᠤᠤᠯ ᠰᠡᠳᠦᠪ ᠰᠣᠩᠭᠤᠵᠤ᠂ ᠡᠳᠦᠷ ᠪᠦᠷᠢ ᠶᠢᠨ ᠥᠷᠯᠥᠭᠡ᠂ ᠦᠳᠡ ᠳᠤ ᠪᠠ ᠣᠷᠣᠶ ᠶᠢᠨ ᠲᠠᠷᠢᠶᠠᠯᠠᠩ ᠤᠨ ᠰᠤᠯᠠ ᠴᠠᠭ᠂ ᠬᠤᠭᠤᠯᠠ ᠢᠳᠡᠬᠦ ᠴᠠᠭ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ︽ᠬᠤᠪᠢ ᠬᠤᠷᠠᠮᠳᠤᠭᠤᠯᠬᠤ ᠲᠦᠷᠢᠮ︾ ᠤᠨ ᠬᠤᠪᠢ ᠲᠣᠭᠲᠠᠭᠠᠬᠤ ᠪᠠᠷᠢᠮᠵᠢᠶ᠎ᠠ᠂ ᠬᠡᠪ ᠵᠠᠩᠰᠢᠯ ᠢ ᠥᠭᠡᠷᠡᠴᠢᠯᠡᠬᠦ ᠬᠠᠮᠢᠶ᠎ᠠ ᠪᠥᠬᠦᠶ ᠮᠡᠳᠡᠯᠭᠡ ᠵᠡᠷᠭᠡ ᠳᠤ ᠲᠥᠪᠯᠡᠷᠡᠭᠦᠯᠦᠨ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠳᠠᠭᠤᠤ᠂ ᠰᠢ ᠵᠦᠴᠦᠭᠡ᠂ ᠱᠤᠭ ᠶᠠᠷᠢᠶ᠎ᠠ᠂ ᠠᠮᠢᠳᠤᠷᠠᠯ ᠤᠨ ᠵᠢᠵᠢᠭ ᠲᠤᠰᠠᠯᠠᠭᠴᠢ ᠶᠢ ᠨᠡᠪᠲᠡᠷᠡᠭᠦᠯᠬᠦ ᠦᠶ᠎ᠡ ᠳᠤ ᠨᠡᠪᠲᠡᠷᠡᠭᠦᠯᠵᠦ᠂ ᠣᠯᠠᠨ ᠲᠦᠮᠡᠨ ᠳᠤ ᠲᠠᠷᠢᠶᠠᠨ ᠭᠠᠵᠠᠷ ᠲᠤ ᠠᠵᠢᠯ ᠬᠢᠯᠭᠡᠵᠦ᠂ ᠬᠡᠷ ᠲᠡᠭᠡᠨ ᠬᠤᠭᠤᠯᠠ ᠢᠳᠡᠬᠦ ᠳᠤ ᠴᠥᠮ ᠰᠢᠨ᠎ᠡ ᠦᠵᠡᠯ ᠰᠠᠨᠠᠭ᠎ᠠ᠂ ᠰᠢᠨ᠎ᠡ ᠲᠥᠷᠥ ᠶᠢᠨ ᠪᠣᠳᠣᠯᠭ᠎ᠠ ᠶᠢ ᠮᠡᠳᠡᠷᠡᠭᠦᠯᠦᠨ᠎ᠡ᠃ ᠣᠳᠣᠬᠠᠨ ᠳᠤ᠂ ︽ᠬᠥᠳᠡᠭᠡ ᠲᠣᠰᠬᠤᠨ  ᠤ ᠵᠢᠵᠢᠭ ᠪᠦᠷᠢᠶ᠎ᠡ︾ ᠨᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠠᠩ ᠳᠠᠳᠬᠠᠯ ᠢ ᠥᠭᠡᠷᠡᠴᠢᠯᠡᠬᠦ ᠵᠡᠷᠭᠡ ᠠᠵᠢᠯ ᠤᠨ ᠳᠤᠮᠳᠠ᠂ ᠤᠬᠠᠭᠤᠯᠭ᠎ᠠ ᠬᠢᠵᠦ ᠬᠥᠲᠥᠯᠥᠨ ᠵᠢᠯᠣᠭᠤᠳᠬᠤ ᠴᠢᠬᠤᠯᠠ ᠦᠶᠯᠡᠳᠦᠯ ᠦᠵᠡᠭᠦᠯᠵᠦ᠂ ᠨᠢᠭᠡᠨᠲᠡ ᠬᠦᠴᠦᠷᠬᠡᠭ ᠤᠯᠤᠰ ᠤᠨ ᠲᠠᠭᠤᠨ ᠢ ᠳᠠᠮᠵᠢᠭᠤᠯᠬᠤ ᠲᠣᠮᠣ ᠵᠢᠭᠰᠠᠭᠠᠯ ᠤᠨ ᠭᠠᠵᠠᠷ᠂ ᠪᠣᠯᠪᠠᠰᠤᠨ ᠠᠷᠭ᠎ᠠ ᠬᠡᠯᠪᠡᠷᠢ ᠶᠢ ᠰᠠᠨᠠᠭᠠᠴᠢᠯᠠᠬᠤ ᠲᠣᠮᠣ ᠬᠢᠴᠢᠶᠡᠯ ᠤᠨ ᠲᠠᠩᠬᠢᠮ ᠪᠣᠯᠵᠣ᠂ ᠠᠯᠢ ᠣᠯᠠᠨ ᠰᠢᠨ᠎ᠡ ᠦᠵᠡᠯᠲᠡ᠂ ᠰᠢᠨ᠎ᠡ ᠦᠵᠡᠯ ᠰᠠᠨᠠᠭ᠎ᠠ ᠨᠢ ︽ᠡᠭᠡᠯ ᠠᠷᠠᠳ ᠤᠨ ᠬᠡᠷ ᠲᠤ ᠣᠷᠣᠵᠤ︾ ᠂ ᠣᠲᠣ ᠪᠣᠯᠲᠠᠯ᠎ᠠ᠂ ᠨᠡᠶᠢᠲᠡ 500 ᠭᠠᠷᠤᠶ ᠲᠠᠯᠠᠪᠠᠶ ᠤᠳᠠᠭ᠎ᠠ ᠨᠡᠪᠲᠡᠷᠡᠭᠦᠯᠵᠦ᠂ ᠣᠯᠠᠨ ᠲᠦᠮᠡᠨ ᠳᠤ 10000 ᠭᠠᠷᠤᠶ ᠬᠥᠮᠦᠨ ᠤᠳᠠᠭ᠎ᠠ ᠠᠰᠢᠭ ᠬᠦᠷᠲᠡᠭᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号