ᠵᠢᠵᠢᠭ ᠵᠠᠬ᠎ᠠ ᠳᠡᠯᠭᠡᠭᠦᠷ᠂ ᠲᠤᠮᠤ ᠠᠷᠠᠳ ᠤᠨ ᠠᠮᠢᠳᠤᠷᠠᠯ᠂ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ | ᠳᠡᠯᠭᠡᠭᠦᠷ ᠤᠨ ᠬᠤᠯᠪᠤᠵᠤ ᠪᠠᠶᠢᠭ᠎ᠠ ᠨᠢ ᠤᠯᠠᠨ ᠲᠦᠮᠡᠨ ᠤ ︽ᠢᠳᠡᠰᠢᠨ ᠨᠤᠭᠤᠭ᠎ᠠ ᠶᠢᠨ ᠰᠠᠭᠰᠤ︾ ᠪᠣᠯᠤᠨ᠎ᠠ᠂ | ᠤᠯᠠᠨ ᠲᠦᠮᠡᠨ ᠤ ᠠᠮᠢᠳᠤᠷᠠᠯ ᠳᠤ ᠳᠤᠲᠠᠭᠳᠠᠵᠤ ᠪᠣᠯᠤᠰᠢ ᠦᠭᠡᠢ ᠰᠠᠭᠤᠷᠢ ᠲᠥᠬᠦᠭᠡᠷᠦᠮᠵᠢ ᠪᠣᠯᠤᠨ᠎ᠠ᠃ 12 | ᠰᠠᠷ᠎ᠠ ᠶᠢᠨ 28 ᠤ ᠡᠳᠦᠷ᠂ ᠲᠦᠴᠢᠦᠸᠠᠨ ᠰᠢᠶᠠᠨ ᠤ ᠠᠷᠠᠳ ᠲᠤ ᠲᠥᠬᠦᠮ ᠦᠵᠡᠭᠦᠯᠬᠦ ᠲᠠᠷᠢᠶᠠᠯᠠᠩ ᠤᠨ | ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠵᠢᠩᠬᠢᠨᠢ ᠪᠠᠷ ᠡᠬᠢᠯᠡᠵᠦ᠂ ᠪᠥᠬᠦ ᠰᠢᠶᠠᠨ ᠤ ᠠᠷᠠᠳ ᠲᠦᠮᠡᠨ | ᠵᠢᠴᠢ ᠡᠵᠡᠩᠨᠡᠯᠲᠡ ᠶᠢᠨ ᠪᠡᠶᠡᠴᠢ ᠴᠣᠭᠴᠠ ᠳᠤ ᠠᠮᠤᠷ ᠲᠦᠪᠰᠢᠨ᠂ ᠲᠠᠭᠠᠯᠠᠮᠵᠢᠲᠠᠶ᠂ ᠳᠥᠭᠦᠮ ᠳᠥᠲᠡ ᠪᠠᠷᠠᠭ᠎ᠠ | ᠬᠤᠳᠠᠯᠳᠤᠨ ᠠᠪᠬᠤ ᠣᠷᠴᠢᠨ ᠨᠥᠬᠦᠴᠡᠯ ᠢ ᠪᠣᠶ ᠪᠣᠯᠭᠠᠵᠤ᠂ ᠠᠷᠠᠳ ᠣᠯᠠᠨ ᠤ ᠠᠮᠢᠳᠤᠷᠠᠯ ᠤᠨ ᠵᠣᠯ ᠵᠢᠷᠭᠠᠯ ᠤᠨ | ᠵᠢᠭᠠᠯᠲᠠ ᠲᠤᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | | ᠵᠠᠬ᠎ᠠ ᠳᠡᠯᠭᠡᠭᠦᠷ ᠲᠤ ᠣᠷᠣᠵᠤ ᠢᠷᠡᠬᠦ ᠳᠤ᠂ ᠬᠥᠮᠦᠨ ᠬᠠᠷ᠎ᠠ ᠣᠯᠠᠰᠢᠷᠠᠵᠤ᠂ ᠴᠢᠮᠡᠭᠡ ᠪᠠᠷ ᠢᠷᠡᠭᠰᠡᠨ | ᠰᠠᠭᠤᠭᠠᠯᠢ ᠠᠷᠠᠳ ᠪᠦᠬᠦᠶᠢᠯᠡ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠢ | ᠳᠦᠭᠦᠷᠭᠡᠵᠦ᠂ ᠵᠠᠷᠢᠮ ᠨᠢ ᠰᠢᠯᠢᠨ ᠰᠣᠩᠭᠤᠬᠤ ᠪᠠᠷ ᠶᠠᠭᠠᠷᠠᠵᠤ᠂ ᠵᠠᠷᠢᠮ ᠨᠢ ᠬᠤᠳᠠᠯᠳᠤᠨ ᠠᠪᠬᠤ ᠪᠠᠷ ᠶᠠᠭᠠᠷᠠᠵᠤ᠂ | ᠬᠦᠷ ᠬᠥᠭᠵᠢᠶᠡᠨ ᠲᠠᠢ ᠪᠠᠶᠢᠯ᠎ᠠ᠃ ᠵᠠᠬ᠎ᠠ ᠳᠡᠯᠭᠡᠭᠦᠷ ᠳᠣᠲᠣᠷ᠎ᠠ ᠠᠭᠤᠵᠢᠭᠤ ᠰᠠᠷᠠᠭᠤᠯ᠂ ᠠᠷᠢᠭᠤᠨ ᠴᠡᠪᠡᠷ ᠪᠠᠶᠢᠨ᠎ᠠ᠃ | ᠰᠢᠨ᠎ᠡ ᠰᠣᠷᠭᠤᠭ ᠮᠢᠬᠠᠨ ᠤ ᠲᠥᠷᠥᠯ᠂ ᠰᠢᠨ᠎ᠡ ᠰᠣᠷᠭᠤᠭ ᠢᠳᠡᠰᠢᠨ ᠨᠣᠭᠤᠭ᠎ᠠ᠂ ᠪᠤᠯᠭᠤᠭᠰᠠᠨ ᠢᠳᠡᠭᠡᠨ ᠵᠡᠷᠭᠡ | ᠡᠯ᠎ᠡ ᠲᠥᠷᠥᠯ ᠤᠨ ᠦᠶᠯᠡᠳᠬᠦᠨ ᠪᠠᠷᠠᠭ᠎ᠠ ᠲᠠᠸᠠᠷ ᠨᠢ ᠴᠥᠮ ᠪᠦᠷᠢᠨ ᠪᠠᠶᠢᠵᠤ᠂ ᠲᠥᠷᠥᠯ ᠠᠩᠭᠢᠯᠠᠯ ᠨᠢ ᠡᠮᠬᠢ | ᠵᠢᠷᠤᠮ ᠲᠠᠢ ᠪᠠᠶᠢᠬᠤ ᠶᠢᠨ ᠬᠠᠮᠲᠤ ᠠᠳᠠᠯᠢ ᠪᠤᠰᠤ ᠪᠦᠲᠦᠭᠡᠭᠳᠡᠬᠦᠨ ᠤ ᠣᠷᠣᠨ ᠪᠦᠰᠡ ᠶᠢ ᠬᠤᠪᠢᠶᠠᠷᠢᠯᠠᠵᠤ᠂ ᠣᠯᠠᠨ | ᠲᠦᠮᠡᠨ ᠤ ᠬᠤᠳᠠᠯᠳᠤᠨ ᠠᠪᠬᠤ ᠳᠤ ᠨᠠᠩ ᠲᠥᠬᠦᠮ ᠪᠣᠯᠭᠠᠵᠤ᠂ ︽ᠢᠳᠡᠰᠢᠨ ᠨᠤᠭᠤᠭ᠎ᠠ ᠶᠢᠨ ᠰᠠᠭᠰᠤ︾ ᠢ ᠨᠠᠩ | ᠰᠠᠨᠠᠭ᠎ᠠ ᠠᠮᠤᠷ᠂ ᠨᠠᠩ ᠲᠠᠭᠠᠯᠠᠮᠵᠢᠲᠠᠶ ᠪᠣᠯᠭᠠᠪᠠ᠃ | | ︽ᠪᠢ ᠵᠢᠮᠢᠰ ᠬᠤᠳᠠᠯᠳᠤᠭᠠᠳ 10 ᠵᠢᠯ ᠪᠣᠯᠵᠤ ᠪᠠᠶᠢᠨ᠎ᠠ᠂ ᠵᠡᠭᠡᠯᠢ ᠳᠡᠭᠡᠷ᠎ᠡ ᠪᠠᠰᠠ ᠳᠡᠯᠭᠡᠭᠦᠷ ᠪᠠᠶᠢᠨ᠎ᠠ᠂ | ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠬᠤᠳᠠᠯᠳᠤᠭᠠᠴᠢᠨ ᠤᠷᠢᠵᠤ ᠪᠠᠶᠢᠬᠤ ᠶᠢ | ᠰᠤᠨᠤᠰᠤᠭᠠᠳ᠂ ᠪᠢ ᠬᠠᠮᠤᠭ ᠲᠡᠷᠢᠭᠦᠨ ᠳᠤ ᠨᠡᠭᠦᠵᠦ ᠢᠷᠡᠭᠰᠡᠨ ᠶᠤᠮ᠂ ᠵᠠᠰᠠᠭ ᠣᠨ ᠣᠷᠳᠣᠨ ᠤ ᠮᠠᠨ ᠤ | ᠬᠤᠳᠠᠯᠳᠤᠭᠠᠴᠢᠨ ᠤ ᠲᠥᠯᠥᠭᠡ ᠪᠣᠳᠣᠭᠰᠠᠨ ᠳᠤ ᠲᠠᠯᠠᠷᠬᠠᠵᠤ ᠪᠠᠶᠢᠨ᠎ᠠ᠂ ᠡᠨᠡ ᠤᠳᠠᠭ᠎ᠠ ᠣᠯᠠᠨ ᠢᠶᠠᠷ ᠢᠶᠠᠨ ᠬᠠᠮᠲᠤ | ᠪᠠᠷᠠᠭ᠎ᠠ ᠬᠤᠳᠠᠯᠳᠤᠪᠠᠯ᠂ ᠬᠠᠷᠢᠯᠴᠠᠨ ᠨᠣᠮ ᠵᠠᠯᠠᠬᠤ ᠪᠠᠷ ᠪᠠᠷᠠᠬᠤ ᠦᠭᠡᠢ᠂ ᠪᠠᠰᠠ ᠰᠠᠯᠬᠢ ᠦᠯᠢᠶᠡᠨ ᠨᠡᠷᠡᠨ ᠳᠤ | ᠡᠭᠡᠭᠡᠬᠦ ᠬᠡᠷᠡᠭ ᠦᠭᠡᠢ᠂ ᠪᠢᠳᠡ ᠲᠤᠩ ᠵᠣᠯ ᠵᠢᠷᠭᠠᠯᠲᠠᠢ᠃ ᠥᠨᠥ ᠥᠷᠯᠥᠭᠡ ᠨᠢᠭᠡᠨᠲᠡ 300 ᠢᠯᠡᠭᠦᠦ | ᠬᠤᠳᠠᠯᠳᠤᠵᠠᠢ᠂ ᠮᠠᠨ ᠤ ᠰᠢᠨ᠎ᠡ ᠬᠠᠭᠤᠴᠢᠨ ᠵᠣᠴᠢᠳ ᠤᠨ ᠳᠡᠮᠵᠢᠯᠭᠡ ᠳᠤ ᠲᠠᠯᠠᠷᠬᠠᠵᠤ ᠪᠠᠶᠢᠨ᠎ᠠ᠂ ᠪᠢᠳᠡ ᠬᠠᠮᠲᠤ | ᠪᠠᠷ ᠴᠢᠷᠮᠠᠶᠢᠵᠤ᠂ ᠵᠠᠬ᠎ᠠ ᠳᠡᠯᠭᠡᠭᠦᠷ ᠢ ᠤᠯᠠᠮ ᠠᠴᠠ ᠤᠯᠠᠮ ᠬᠥᠭᠵᠢᠶᠡᠨ ᠲᠠᠢ ᠪᠣᠯᠭᠠᠶ᠎ᠠ᠃︾ ᠭᠡᠵᠦ ᠳᠡᠯᠭᠡᠭᠦᠷ ᠤᠨ | ᠡᠵᠡᠨ ᠵᠢᠩ ᠸᠠᠨ ᠯᠦᠩ ᠬᠡᠯᠡᠪᠡ᠃ | | ︽ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠦᠨᠡᠬᠡᠷ ᠰᠠᠶᠢᠨ᠂ ᠣᠷᠣᠵᠤ ᠢᠷᠡᠭᠰᠡᠭᠡᠷ ᠰᠡᠳᠬᠢᠯ | ᠰᠠᠷᠠᠭᠤᠯᠵᠢᠨ᠎ᠠ᠂ ᠵᠠᠬ᠎ᠠ ᠳᠡᠯᠭᠡᠭᠦᠷ ᠪᠠᠷᠢᠭᠰᠠᠨ ᠴᠤ ᠪᠠᠷᠢᠮᠵᠢᠶ᠎ᠠ ᠲᠠᠢ᠂ ᠡᠯ᠎ᠡ ᠲᠠᠯ᠎ᠠ ᠶᠢᠨ ᠬᠢᠨ ᠴᠥᠮ ᠮᠠᠰᠢ | ᠲᠠᠭᠠᠰᠢᠶᠠᠵᠤ ᠪᠠᠶᠢᠨ᠎ᠠ᠂ ᠪᠢᠳᠡ ᠠᠳᠡ ᠢᠷᠡᠭᠡᠳ ᠮᠠᠰᠢ ᠰᠡᠳᠬᠢᠯ ᠬᠠᠨᠤᠮᠵᠢᠲᠠᠶ ᠪᠠᠶᠢᠨ᠎ᠠ᠃ ᠡᠳᠡᠭᠡᠷ ᠵᠢᠯ ᠤᠳ ᠲᠤ | ᠪᠢᠳᠡ ᠭᠠᠳᠠᠨ᠎ᠠ ᠪᠠᠭ᠎ᠠ ᠪᠤᠰᠤ ᠵᠣᠪᠠᠯᠠᠩ ᠠᠮᠰᠠᠵᠤ᠂ ᠡᠴᠦᠰ ᠲᠡᠭᠡᠨ ᠠᠳᠡ ᠢᠷᠡᠵᠡᠢ᠂ ᠵᠠᠰᠠᠭ ᠤᠨ ᠣᠷᠳᠣᠨ ᠳᠤ | ᠲᠠᠯᠠᠷᠬᠠᠯ᠎ᠠ᠃ ᠮᠠᠨ ᠤ ᠠᠳᠡᠬᠢ ᠪᠠᠷᠠᠭ᠎ᠠ ᠪᠦᠷ ᠰᠢᠨ᠎ᠡ ᠰᠣᠷᠭᠤᠭ᠂ ᠦᠨ᠎ᠡ ᠨᠢ ᠬᠢᠮᠳᠠ᠂ ᠣᠯᠠᠨ ᠢᠶᠠᠷ ᠢᠶᠠᠨ | ᠮᠣᠷᠢᠯᠠᠨ ᠰᠠᠭᠠᠲᠠᠵᠤ᠂ ᠪᠢᠳᠡᠨ ᠤ ᠵᠠᠬ᠎ᠠ ᠳᠡᠯᠭᠡᠭᠦᠷ ᠢ ᠤᠯᠠᠮ ᠠᠴᠠ ᠤᠯᠠᠮ ᠰᠠᠶᠢᠨ ᠪᠣᠯᠭᠠᠬᠤ ᠶᠢ ᠬᠦᠰᠡᠵᠦ ᠪᠠᠶᠢᠨ᠎ᠠ | ᠃︾ ᠭᠡᠵᠦ ᠳᠡᠯᠭᠡᠭᠦᠷ ᠤᠨ ᠡᠵᠡᠨ ᠯᠢᠦ ᠴᠦᠨ ᠬᠤᠸᠠ ᠬᠡᠯᠡᠪᠡ᠃ | | ᠬᠠᠷᠢᠶᠠᠲᠤ ᠣᠷᠣᠨ ᠤ ᠡᠷᠡᠭᠲᠡᠶ ᠡᠮᠡᠭᠲᠡᠶ ᠬᠥᠭᠰᠢᠨ ᠵᠠᠯᠠᠭᠤ ᠬᠤᠶᠢᠨ᠎ᠠ ᠬᠤᠶᠢᠨ᠎ᠠ ᠠᠴᠠ ᠪᠠᠨ ᠵᠠᠬ᠎ᠠ | ᠲᠡᠯᠭᠡᠭᠦᠷ ᠲᠤ ᠢᠷᠡᠵᠦ ᠰᠣᠩᠭᠤᠵᠤ ᠬᠤᠳᠠᠯᠳᠤᠨ ᠠᠪᠴᠤ᠂ ᠲᠤᠬᠠᠶ ᠶᠢᠨ ᠲᠠᠯᠠᠪᠠᠶ ᠳᠤ ᠮᠠᠰᠢ ᠬᠥᠷ ᠬᠥᠭᠵᠢᠶᠡᠨ ᠲᠠᠢ | ᠪᠠᠶᠢᠯ᠎ᠠ᠃ ᠳᠡᠯᠭᠡᠭᠦᠷ ᠤᠨ ᠡᠵᠡᠨ ᠪᠠᠷᠠᠭ᠎ᠠ ᠪᠠᠨ ᠲᠡᠭᠰᠢᠯᠡᠵᠦ᠂ ᠵᠣᠴᠢᠳ ᠢ ᠲᠠᠲᠠᠵᠤ᠂ ᠰᠠᠭᠤᠭᠠᠯᠢ ᠠᠷᠠᠳ ᠰᠢᠨ᠎ᠡ | ᠰᠣᠷᠭᠤᠭ᠂ ᠦᠨ᠎ᠡ ᠬᠠᠩᠰᠢ ᠠᠳᠠᠯᠢᠳᠬᠠᠨ᠂ ᠬᠠᠷᠢᠯᠴᠠᠨ ᠳᠤᠷᠠᠲᠠᠶ ᠪᠠᠷᠠᠭ᠎ᠠ ᠬᠤᠳᠠᠯᠳᠤᠨ ᠠᠪᠬᠤ ᠶᠢ ᠪᠤᠯᠢᠶᠠᠯᠳᠤᠨ᠎ᠠ | ᠃ | ︽ᠥᠨᠥᠳᠦᠷ ᠮᠠᠨ ᠤ ᠠᠷᠠᠳ ᠲᠤ ᠲᠥᠬᠦᠮ ᠦᠵᠡᠭᠦᠯᠬᠦ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ | ᠡᠭᠦᠳᠡ ᠪᠠᠨ ᠰᠡᠬᠦᠭᠰᠡᠨ ᠢ ᠰᠣᠨᠣᠰᠤᠭᠠᠳ᠂ ᠪᠢ ᠲᠤᠰᠬᠠᠶᠢᠯᠠᠨ ᠲᠣᠭᠤᠷᠢᠬᠤ ᠪᠠᠷ ᠢᠷᠡᠭᠰᠡᠨ ᠶᠤᠮ᠂ ᠠᠳᠡ ᠢᠷᠡᠵᠦ | ᠦᠵᠡᠭᠰᠡᠨ ᠴᠢᠨᠢ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠦᠨᠡᠬᠡᠷ ᠮᠠᠰᠢ ᠰᠠᠶᠢᠨ᠂ ᠪᠢ ᠰᠠᠶ᠋ᠢᠬᠠᠨ ᠦᠬᠡᠷ ᠤᠨ | ᠬᠠᠪᠢᠷᠭ᠎ᠠ᠂ ᠦᠬᠡᠷ ᠤᠨ ᠮᠢᠬ᠎ᠠ ᠬᠤᠳᠠᠯᠳᠤᠨ ᠠᠪᠤᠭᠰᠠᠨ᠂ ᠴᠥᠮ ᠰᠢᠨ᠎ᠡ ᠪᠠᠷ ᠨᠢᠲᠤᠯᠤᠭᠰᠠᠨ ᠶᠤᠮ᠂ ᠰᠢᠨ᠎ᠡ | ᠰᠣᠷᠭᠤᠭ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠳᠤ ᠰᠡᠳᠬᠢᠯ ᠰᠠᠨᠠᠭ᠎ᠠ ᠮᠠᠰᠢ ᠰᠠᠶᠢᠨ᠂ ᠶᠠᠭᠤᠮ᠎ᠠ ᠨᠢ ᠴᠦ | ᠪᠦᠷᠢᠨ ᠭᠦᠶᠴᠡᠳ᠂ ᠨᠢᠭᠡ ᠤᠳᠠᠭ᠎ᠠ ᠶᠠᠪᠤᠪᠠᠯ ᠪᠦᠷᠢᠨ ᠬᠤᠳᠠᠯᠳᠤᠨ ᠠᠪᠤᠨ᠎ᠠ᠂ ᠦᠨᠡᠬᠡᠷ ᠲᠥᠬᠦᠮ᠃︾ | ᠰᠠᠭᠤᠭᠠᠯᠢ ᠠᠷᠠᠳ ᠵᠠᠩ ᠶᠠᠨ ᠹᠸᠢ ᠬᠡᠯᠡᠪᠡ᠃ | | ᠲᠦᠴᠢᠦᠸᠠᠨ ᠰᠢᠶᠠᠨ ᠤ ᠠᠷᠠᠳ ᠲᠤ ᠲᠥᠬᠦᠮ ᠦᠵᠡᠭᠦᠯᠬᠦ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ | ᠤ ᠵᠠᠬ᠎ᠠ ᠳᠡᠯᠭᠡᠭᠦᠷ ᠢ ᠵᠢᠩᠬᠢᠨᠢ ᠪᠠᠷ ᠡᠬᠢᠯᠡᠨ ᠬᠡᠷᠡᠭᠯᠡᠭᠰᠡᠨ ᠨᠢ ᠲᠦᠴᠢᠦᠸᠠᠨ ᠰᠢᠶᠠᠨ ᠤ ᠬᠠᠮᠢᠶᠠᠷᠤᠯᠲᠠ ᠪᠥᠲᠥᠭᠡᠨ | ᠪᠠᠶᠢᠭᠤᠯᠤᠯᠲᠠ ᠶᠢᠨ ᠠᠵᠢᠯ ᠤᠨ ᠰᠢᠨ᠎ᠡ ᠬᠠᠭᠤᠳᠠᠰᠤ ᠶᠢ ᠰᠡᠯᠭᠦᠭᠰᠡᠨ ᠢ ᠬᠠᠷᠠᠭᠤᠯᠵᠤ᠂ ᠣᠯᠠᠨ ᠲᠦᠮᠡᠨ ᠤ ᠪᠠᠷᠠᠭ᠎ᠠ | ᠬᠤᠳᠠᠯᠳᠤᠨ ᠠᠪᠬᠤ ᠳᠤ ᠨᠠᠩ ᠲᠠᠭᠠᠯᠠᠮᠵᠢᠲᠠᠶ᠂ ᠨᠠᠩ ᠬᠠᠯᠠᠭᠤᠨ ᠳᠤᠯᠠᠭᠠᠨ ᠪᠣᠯᠭᠠᠵᠤ᠂ ᠣᠯᠠᠨ ᠲᠦᠮᠡᠨ ᠤ | ᠬᠤᠳᠠᠯᠳᠤᠨ ᠠᠪᠬᠤ ᠭᠠᠵᠠᠷ᠂ ᠬᠤᠳᠠᠯᠳᠤᠭᠠᠴᠢᠨ ᠡᠵᠡᠩᠨᠡᠬᠦ ᠲᠠᠯᠠᠪᠤᠷ᠂ ᠴᠤᠭᠯᠠᠭ᠎ᠠ ᠪᠠᠯᠭᠠᠰᠤ ᠵᠡᠭᠡᠯᠢ ᠭᠤᠳᠤᠮᠵᠢ | ᠶᠢᠨ ᠦᠵᠡᠮᠵᠢ ᠲᠠᠢ ᠪᠤᠯᠤᠭᠰᠠᠨ ᠪᠠᠶᠢᠨ᠎ᠠ᠃ | ︽ᠮᠠᠨ ᠤ ᠰᠢᠶᠠᠨ ᠤ ᠠᠷᠠᠳ ᠲᠤ ᠲᠥᠬᠦᠮ ᠦᠵᠡᠭᠦᠯᠬᠦ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ | ᠵᠠᠬ᠎ᠠ ᠳᠡᠯᠭᠡᠭᠦᠷ ᠬᠡᠰᠡᠭ ᠬᠤᠭᠤᠴᠠᠭᠠᠨ ᠤ ᠨᠠᠷᠢᠨ ᠨᠢᠮᠪᠠᠶ ᠲᠥᠯᠥᠪᠯᠡᠭᠡ ᠪᠠ ᠪᠡᠯᠡᠳᠬᠡᠯ ᠢᠶᠠᠷ ᠳᠡᠮᠵᠢᠨ᠂ ᠣᠲᠣ | ᠨᠢᠭᠡᠨᠲᠡ ᠡᠵᠡᠩᠨᠡᠯᠲᠡ ᠶᠢᠨ ᠨᠥᠬᠦᠴᠡᠯ ᠢ ᠪᠦᠷᠢᠯᠳᠦᠭᠦᠯᠵᠦ᠂ ᠵᠠᠬ᠎ᠠ ᠳᠡᠯᠭᠡᠭᠦᠷ ᠤᠨ ᠨᠡᠭᠡᠭᠡᠯᠲᠡ ᠶᠢ ᠳᠠᠭᠠᠯᠳᠤᠨ᠂ | ᠠᠶᠠᠨᠴᠢᠳ ᠤᠨ ᠲᠤᠭ᠎ᠠ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ ᠬᠤᠳᠠᠯᠳᠤᠭᠠᠨ ᠤ ᠠᠭᠤᠷ ᠠᠮᠢᠰᠬᠤᠯ ᠡᠳᠦᠷ | ᠢᠷᠡᠬᠦᠶ᠎ᠡ ᠥᠳᠬᠡᠨ ᠵᠤᠵᠠᠭᠠᠨ ᠪᠣᠯᠵᠤ᠂ ᠪᠢᠳᠡ ᠵᠠᠬ᠎ᠠ ᠳᠡᠯᠭᠡᠭᠦᠷ ᠤᠨ ᠬᠠᠮᠢᠶᠠᠷᠤᠯᠲᠠ ᠦᠢᠯᠡᠴᠢᠯᠡᠭᠡᠨ ᠤ ᠪᠦᠯᠬᠦᠮ | ᠪᠣᠯᠤᠭᠰᠠᠨ ᠤ ᠬᠤᠪᠢ ᠳᠤ ᠬᠤᠶᠢᠰᠢᠳᠠ ᠦᠢᠯᠡᠴᠢᠯᠡᠭᠡᠨ ᠤ ᠶᠠᠰᠤ ᠴᠢᠨᠠᠷ ᠳᠡᠭᠡᠷ᠎ᠡ ᠬᠦᠴᠦ ᠲᠠᠯᠪᠢᠵᠤ᠂ ᠲᠠᠸᠠᠷ ᠤᠨ | ᠶᠠᠰᠤ ᠴᠢᠨᠠᠷ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ | ᠦᠢᠯᠡᠴᠢᠯᠡᠭᠡᠨ ᠤ ᠶᠠᠰᠤ ᠴᠢᠨᠠᠷ ᠪᠠ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠥᠷᠭᠡᠨ ᠣᠯᠠᠨ ᠬᠤᠲᠠ ᠶᠢᠨ ᠠᠷᠠᠳ ᠲᠤ ᠨᠠᠩ ᠲᠠᠭᠠᠯᠠᠮᠵᠢᠲᠠᠶ ᠪᠠᠷᠠᠭ᠎ᠠ ᠬᠤᠳᠠᠯᠳᠤᠨ ᠠᠪᠬᠤ ᠣᠷᠴᠢᠨ | ᠲᠣᠭᠤᠷᠢᠨ ᠢ ᠪᠦᠷᠢᠯᠳᠦᠭᠦᠯᠵᠦ ᠥᠭᠭᠦᠨ᠎ᠡ᠃︾ ᠭᠡᠵᠦ ᠲᠦᠴᠢᠦᠸᠠᠨ ᠰᠢᠶᠠᠨ ᠤ ᠠᠷᠠᠳ ᠲᠤ ᠲᠥᠬᠦᠮ ᠦᠵᠡᠭᠦᠯᠬᠦ | ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠠᠯᠪᠠᠨ ᠬᠡᠷ ᠤᠨ ᠬᠠᠷᠢᠭᠤᠴᠠᠯᠭᠠᠲᠠᠨ ᠬᠤ᠋ | ᠬᠠᠶ ᠪᠢᠩ ᠬᠡᠯᠡᠪᠡ᠃ | | ᠣᠶᠢᠯᠠᠭᠠᠭᠰᠠᠨ ᠢᠶᠠᠷ᠂ ᠲᠦᠴᠢᠦᠸᠠᠨ ᠰᠢᠶᠠᠨ ᠤ ᠠᠷᠠᠳ ᠲᠤ ᠲᠥᠬᠦᠮ ᠦᠵᠡᠭᠦᠯᠬᠦ ᠲᠠᠷᠢᠶᠠᠯᠠᠩ ᠤᠨ | ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠨᠢ ᠭᠦᠩ ᠨᠦᠩ ᠵᠡᠭᠡᠯᠢ ᠶᠢᠨ ᠡᠮᠦᠨ᠎ᠡ ᠲᠠᠯ᠎ᠠ᠂ ᠤᠤᠯ ᠤᠨ | ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠶᠢᠲᠤ ᠲᠠᠯ᠎ᠠ ᠳᠤ ᠪᠠᠶᠢᠷᠢᠯᠠᠵᠤ | ᠪᠠᠶᠢᠨ᠎ᠠ᠃ ᠡᠳᠦᠷ ᠪᠦᠷᠢ ᠶᠢᠨ ᠡᠵᠡᠩᠨᠡᠬᠦ ᠴᠠᠭ ᠨᠢ ᠡᠷᠲᠡ ᠶᠢᠨ 07᠄ 00 ᠠᠴᠠ ᠣᠷᠣᠢ ᠶᠢᠨ 17᠄ 30 ᠴᠠᠭ᠃ | ᠵᠠᠬ᠎ᠠ ᠳᠡᠯᠭᠡᠭᠦᠷ ᠨᠢ ᠤᠰᠤᠨ ᠭᠠᠷᠤᠯᠲᠠ᠂ ᠮᠢᠬᠠᠨ ᠤ ᠵᠦᠢᠯ᠂ ᠢᠳᠡᠰᠢᠨ ᠨᠣᠭᠤᠭ᠎ᠠ᠂ ᠵᠢᠮᠢᠰ᠂ ᠬᠠᠲᠠᠭᠠᠭᠰᠠᠨ | ᠪᠠᠷᠠᠭ᠎ᠠ᠂ ᠪᠤᠯᠭᠤᠭᠰᠠᠨ ᠢᠳᠡᠭᠡᠨ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠤᠪᠢᠶᠠᠷᠢ ᠲᠣᠭᠤᠷᠢᠭ ᠪᠠᠶᠢᠨ᠎ᠠ᠃ | ᠲᠣᠰ ᠵᠠᠬ᠎ᠠ ᠳᠡᠯᠭᠡᠭᠦᠷ ᠨᠢ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ᠂ ᠬᠡᠷᠡᠭᠯᠡᠭᠡ ᠨᠢ ᠲᠣᠳᠣᠷᠬᠠᠶ ᠪᠥᠭᠡᠳ | ᠰᠠᠨᠠᠭ᠎ᠠ ᠠᠮᠤᠷ᠂ ᠡᠳ᠋ ᠪᠣᠳᠠᠰ ᠨᠢ ᠭᠤᠶᠣ᠂ ᠦᠨ᠎ᠡ ᠨᠢ ᠬᠢᠮᠳᠠ᠂ ᠪᠠᠷᠠᠭ᠎ᠠ ᠬᠤᠳᠠᠯᠳᠤᠨ ᠠᠪᠬᠤ ᠣᠷᠴᠢᠨ | ᠲᠣᠭᠤᠷᠢᠨ ᠨᠢ ᠲᠠᠭᠠᠯᠠᠮᠵᠢᠲᠠᠶ ᠣᠳᠣᠨ ᠲᠠᠰ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠬᠤ | ᠪᠠᠷ ᠴᠢᠷᠮᠠᠶᠢᠵᠤ᠂ ᠥᠷᠭᠡᠨ ᠣᠯᠠᠨ ᠲᠦᠮᠡᠨ ᠳᠤ ᠴᠢᠨᠠᠷ ᠰᠠᠶᠢᠲᠠᠶ ᠳᠥᠭᠦᠮ ᠳᠥᠲᠡ ᠪᠥᠭᠡᠳ ᠲᠠᠭᠠᠯᠠᠮᠵᠢᠲᠠᠶ | ᠪᠠᠷᠠᠭ᠎ᠠ ᠬᠤᠳᠠᠯᠳᠤᠨ ᠠᠪᠬᠤ ᠦᠶᠯᠡᠴᠢᠯᠡᠭᠡ ᠬᠠᠩᠭᠠᠪᠠ᠃ | ︽ᠲᠦᠴᠢᠦᠸᠠᠨ ᠰᠢᠶᠠᠨ ᠤ ᠠᠷᠠᠳ ᠲᠤ ᠲᠥᠬᠦᠮ ᠦᠵᠡᠭᠦᠯᠬᠦ ᠲᠠᠷᠢᠶᠠᠯᠠᠩ ᠤᠨ ᠪᠦᠲᠦᠭᠡᠭᠳᠡᠬᠦᠨ ᠤ | ᠠᠷᠠᠯᠵᠢᠶᠠᠨ ᠤ ᠵᠠᠬ᠎ᠠ ᠳᠡᠯᠭᠡᠭᠦᠷ ᠪᠣᠯ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠨᠡ ᠵᠢᠯ | ᠭᠤᠤᠯᠳᠠᠯᠭ᠎ᠠ ᠲᠠᠢ ᠪᠠᠶᠢᠭᠤᠯᠬᠤ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ | ᠢᠨᠵᠧᠨᠧᠷᠢᠩ ᠮᠥᠨ᠂ ᠡᠭᠦᠨ ᠤ ᠵᠣᠷᠢᠯᠭ᠎ᠠ ᠨᠢ ᠥᠷᠭᠡᠨ ᠣᠯᠠᠨ ᠬᠤᠳᠠᠯᠳᠤᠭᠠᠴᠢᠨ ᠡᠷᠦᠬᠡ ᠳᠤ ᠨᠢᠭᠡᠨ | ᠲᠠᠭᠠᠯᠠᠮᠵᠢᠲᠠᠶ ᠠᠵᠢᠯ ᠤᠨ ᠣᠷᠴᠢᠨ ᠲᠣᠭᠤᠷᠢᠨ ᠬᠠᠩᠭᠠᠵᠤ᠂ ᠥᠷᠭᠡᠨ ᠣᠯᠠᠨ ᠬᠡᠷᠡᠭᠯᠡᠭᠴᠢᠳ ᠲᠤ ᠨᠢᠭᠡᠨ | ᠲᠠᠭᠠᠯᠠᠮᠵᠢᠲᠠᠶ᠂ ᠬᠠᠨᠤᠮᠵᠢᠲᠠᠶ᠂ ᠰᠠᠨᠠᠭ᠎ᠠ ᠠᠮᠤᠷ ᠪᠠᠷᠠᠭ᠎ᠠ ᠬᠤᠳᠠᠯᠳᠤᠨ ᠠᠪᠬᠤ ᠲᠠᠯᠠᠪᠤᠷ ᠬᠠᠩᠭᠠᠵᠤ᠂ ᠠᠷᠠᠳ ᠲᠤ | ᠲᠥᠬᠦᠮ ᠦᠵᠡᠭᠦᠯᠬᠦ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠲᠤ ᠢᠳᠡᠰᠢᠨ | ᠨᠣᠭᠤᠭ᠎ᠠ ᠵᠢᠮᠢᠰ ᠤᠨ ᠲᠣᠭᠤᠷᠢᠭ᠂ ᠤᠰᠤᠨ ᠭᠠᠷᠤᠯᠲᠠ ᠶᠢᠨ ᠮᠢᠬᠠᠨ ᠤ ᠲᠣᠭᠤᠷᠢᠭ᠂ ᠪᠤᠯᠭᠤᠭᠰᠠᠨ ᠢᠳᠡᠭᠡᠨ | ᠬᠠᠳᠠᠭᠠᠭᠰᠠᠨ ᠰᠢᠨ᠎ᠡ ᠰᠣᠷᠭᠤᠭ ᠲᠣᠭᠤᠷᠢᠭ ᠵᠡᠷᠭᠡ ᠣᠷᠣᠨ ᠪᠦᠰᠡ ᠶᠢ ᠲᠣᠬᠢᠷᠠᠭᠤᠯᠵᠤ᠂ ᠣᠯᠠᠨ ᠲᠦᠮᠡᠨ ᠤ ᠡᠳᠦᠷ | ᠲᠤᠲᠤᠮ ᠤᠨ ᠠᠮᠢᠳᠤᠷᠠᠯ ᠤᠨ ᠡᠳ᠋ ᠪᠣᠳᠠᠰ ᠤᠨ ᠲᠥᠷᠥᠯ ᠵᠦᠶᠯ ᠤᠨ ᠬᠡᠷᠡᠭᠴᠡᠭᠡ ᠶᠢ ᠬᠠᠩᠭᠠᠵᠤ ᠴᠢᠳᠠᠨ᠎ᠠ᠃ | ᠤᠷᠤᠨ ᠪᠦᠰᠡ ᠪᠦᠷᠢ ᠳᠤ ᠬᠤᠳᠠᠯᠳᠤᠭᠠᠴᠢᠨ ᠣᠯᠠᠨ᠂ ᠪᠠᠷᠠᠭ᠎ᠠ ᠪᠦᠷᠢ ᠳᠤ ᠰᠣᠩᠭᠤᠯᠲᠠ ᠣᠯᠠᠨ᠃ ᠪᠢᠳᠡᠨ ᠤ | ᠣᠯᠠᠨ ᠲᠦᠮᠡᠨ ᠳᠤ ᠬᠠᠨᠤᠮᠵᠢᠲᠠᠶ᠂ ᠲᠠᠭᠠᠯᠠᠮᠵᠢᠲᠠᠶ ᠪᠠᠷᠠᠭ᠎ᠠ ᠬᠤᠳᠠᠯᠳᠤᠨ ᠠᠪᠬᠤ ᠣᠶᠢᠯᠠᠭᠠᠯᠲᠠ ᠬᠠᠩᠭᠠᠬᠤ ᠶᠢᠨ | ᠲᠥᠯᠥᠭᠡ᠂ ᠥᠨᠥᠳᠦᠷ ᠵᠢᠩᠬᠢᠨᠢ ᠪᠠᠷ ᠡᠵᠡᠩᠨᠡᠯᠲᠡ ᠶᠢᠨ ᠵᠠᠭᠪᠤᠷ ᠢᠶᠠᠨ ᠡᠬᠢᠯᠡᠭᠦᠯᠵᠡᠶ᠂ ᠥᠷᠭᠡᠨ ᠣᠯᠠᠨ ᠲᠦᠮᠡᠨ ᠤ | ᠮᠣᠷᠢᠯᠠᠨ ᠰᠠᠭᠠᠲᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠠᠷᠠᠳ ᠲᠤ ᠲᠥᠬᠦᠮ ᠦᠵᠡᠭᠦᠯᠬᠦ ᠲᠠᠷᠢᠶᠠᠯᠠᠩ ᠤᠨ | ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠯᠠᠪᠲᠠᠶ ᠲᠠᠨ ᠳᠤ ᠰᠡᠳᠭᠢᠯ ᠬᠠᠨᠤᠮᠵᠢᠳᠠᠢ ᠦᠢᠯᠡᠴᠢᠯᠡᠭᠡ | ᠬᠠᠩᠭᠠᠨ᠎ᠠ᠃︾ ᠭᠡᠵᠦ ᠲᠦᠴᠢᠦᠸᠠᠨ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ | ᠤ ᠳᠠᠷᠤᠭ᠎ᠠ ᠸᠠᠩ ᠶᠠᠨ ᠬᠤᠢ ᠬᠡᠯᠡᠪᠡ᠃ | ︽ᠪᠠᠭ᠎ᠠ ᠵᠠᠬ᠎ᠠ ᠳᠡᠯᠭᠡᠭᠦᠷ︾ ᠨᠢ ︽ᠶᠡᠭᠡ ᠠᠷᠠᠳ ᠤᠨ ᠠᠮᠢᠳᠤᠷᠠᠯ︾ ᠲᠠᠢ ᠬᠤᠯᠪᠣᠭᠳᠠᠵᠤ ᠪᠠᠶᠢᠳᠠᠭ᠃ | ᠠᠷᠠᠳ ᠲᠤ ᠲᠥᠬᠦᠮ ᠦᠵᠡᠭᠦᠯᠬᠦ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ | ᠪᠥᠲᠥᠭᠡᠨ ᠪᠠᠶᠢᠭᠤᠯᠤᠯᠲᠠ ᠨᠢ ᠬᠤᠲᠠ ᠶᠢᠨ ᠡᠳᠦᠷ ᠲᠤᠲᠤᠮ ᠤᠨ ᠠᠮᠢᠳᠤᠷᠠᠯ ᠳᠤ ᠲᠥᠬᠦᠮ ᠦᠵᠡᠭᠦᠯᠪᠡ᠃ ᠰᠢᠨ᠎ᠡ | ᠵᠢᠯ ᠤᠳᠠᠯ ᠥᠬᠡᠶ ᠬᠦᠷᠴᠦ ᠢᠷᠡᠬᠦ ᠪᠣᠯᠤᠯ᠎ᠠ᠂ ᠪᠥᠬᠦ ᠰᠢᠶᠠᠨ ᠤ ᠰᠠᠭᠤᠭᠠᠯᠢ ᠠᠷᠠᠳ ᠲᠤ ︽ᠨᠢᠭᠡ ᠥᠷᠲᠡᠭᠡ | ᠮᠠᠶ᠋ᠢᠭ︾ ᠤᠨ ᠴᠠᠭᠠᠨ ᠰᠠᠷ᠎ᠠ ᠶᠢᠨ ᠪᠠᠷᠠᠭ᠎ᠠ ᠶᠢ ᠪᠦᠷᠢᠨ ᠬᠤᠳᠠᠯᠳᠤᠨ ᠠᠪᠬᠤ ᠲᠠᠪᠴᠠᠩ ᠬᠠᠩᠭᠠᠬᠤ ᠶᠢᠨ ᠲᠥᠯᠥᠭᠡ᠂ | ᠲᠦᠴᠢᠦᠸᠠᠨ ᠰᠢᠶᠠᠨ ᠤ ᠠᠷᠠᠳ ᠲᠤ ᠲᠥᠬᠦᠮ ᠦᠵᠡᠭᠦᠯᠬᠦ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ | ᠵᠠᠬ᠎ᠠ ᠳᠡᠯᠭᠡᠭᠦᠷ ᠪᠠᠰᠠ 2025 ᠣᠨ ᠤ ︽ᠲᠦᠴᠢᠦᠸᠠᠨ ᠢᠶᠠᠷ ᠵᠤᠭᠠᠴᠠᠵᠤ ᠪᠠᠷᠠᠭ᠎ᠠ ᠬᠤᠳᠠᠯᠳᠤᠨ ᠠᠪᠬᠤ︾ | ᠠᠵᠢᠯᠯᠠᠭ᠎ᠠ ᠥᠷᠨᠢᠭᠦᠯᠵᠦ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠠᠭᠤᠷ ᠠᠮᠢᠰᠬᠤᠯ ᠢ ᠤᠯᠠᠮ ᠨᠢᠭᠡ | ᠠᠯᠬᠤᠮ ᠪᠠᠶᠠᠯᠢᠭᠵᠢᠭᠤᠯᠤᠨ ᠬᠥᠭᠵᠢᠶᠡᠨᠲᠡᠶ ᠪᠣᠯᠭᠠᠬᠤ ᠪᠣᠯᠤᠨ᠎ᠠ᠃ |