ᠥᠨᠥᠳᠦᠷ ᠠᠴᠠ ᠡᠬᠢᠯᠡᠨ ᠪᠦᠬᠦ ᠲᠠᠯ᠎ᠠ ᠪᠠᠷ ᠬᠡᠷᠡᠭᠵᠢᠭᠦᠯᠦᠨ᠎ᠡ︕
ᠨᠡᠶᠢᠲᠡᠯᠡᠭᠰᠡᠨ ᠴᠠᠭ᠄
2024/12/3
   ᠰᠤᠷᠪᠤᠯᠵᠢᠯᠠᠭᠴᠢ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠣᠶᠢᠯᠠᠭᠠᠭᠰᠠᠨ ᠢᠶᠠᠷ᠂ ᠡᠨᠡ ᠵᠢᠯ ᠤᠨ 12 ᠰᠠᠷ᠎ᠠ ᠶᠢᠨ 2 ᠤᠨ ᠡᠳᠦᠷ ᠠᠴᠠ ᠡᠬᠢᠯᠡᠨ ᠮᠠᠰᠢᠨ ᠲᠡᠷᠭᠡᠨ ᠤ ᠠᠶᠠᠯᠠᠯ ᠤᠨ ᠦᠨᠡᠮᠯᠡᠯ ᠢ ᠪᠥᠬᠦ ᠤᠯᠤᠰ ᠲᠤ ᠡᠯᠧᠺᠲᠷᠤᠨᠴᠢᠯᠠᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠤᠯᠤᠰ ᠤᠨ ᠪᠣᠶ ᠪᠥᠬᠦᠶ ᠲᠡᠷᠭᠡᠨ ᠤ ᠡᠵᠡᠨ ᠴᠥᠮ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠪᠠᠷ ᠳᠠᠮᠵᠢᠭᠤᠯᠤᠨ ᠡᠯᠧᠺᠲᠷᠣᠨ ᠠᠶᠠᠯᠠᠯ ᠤᠨ ᠦᠨᠡᠮᠯᠡᠯ ᠭᠤᠶᠤᠴᠢᠯᠠᠨ ᠠᠪᠴᠤ ᠪᠣᠯᠤᠨ᠎ᠠ᠃    ᠡᠨᠡ ᠵᠢᠯ ᠤᠨ 7 ᠰᠠᠷ᠎ᠠ ᠶᠢᠨ 1 ᠤ ᠡᠳᠦᠷ᠂ ᠳᠣᠲᠣᠭᠠᠳᠤ ᠶᠢ ᠬᠠᠮᠠᠭᠠᠯᠠᠬᠤ ᠶᠠᠮᠤᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠳᠣᠲᠣᠭᠠᠳᠤ ᠶᠢ ᠬᠠᠮᠠᠭᠠᠯᠠᠬᠤ 8 ᠵᠤᠶᠢᠯ ᠤᠨ ᠥᠭᠡᠷᠡᠴᠢᠯᠡᠯᠲᠡ ᠶᠢᠨ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠲᠤᠷᠰᠢᠯᠲᠠ ᠬᠢᠭᠰᠡᠨ ᠰᠠᠭᠤᠷᠢᠨ ᠳᠡᠭᠡᠷ᠎ᠡ᠂ ᠪᠥᠬᠦ ᠤᠯᠤᠰ ᠲᠤ ᠮᠠᠰᠢᠨ ᠲᠡᠷᠭᠡᠨ ᠤ ᠠᠶᠠᠯᠠᠯ ᠤᠨ ᠦᠨᠡᠮᠯᠡᠯ ᠢ ᠡᠯᠧᠺᠲᠷᠤᠨᠴᠢᠯᠠᠨ ᠬᠡᠷᠡᠭᠯᠡᠬᠦ ᠶᠢ ᠪᠦᠯᠦᠭ ᠬᠤᠪᠢᠶᠠᠨ ᠳᠡᠯᠭᠡᠷᠡᠭᠦᠯᠪᠡ᠃ ᠣᠳᠣᠬᠠᠨ ᠪᠣᠯᠲᠠᠯ᠎ᠠ ᠨᠢᠭᠡᠨᠲᠡ 8600 ᠭᠠᠷᠤᠶ ᠲᠦᠮᠡᠨ ᠲᠡᠷᠭᠡᠨ ᠤ ᠡᠵᠡᠨ ᠳᠤ ᠡᠯᠧᠺᠲᠷᠣᠨ ᠠᠶᠠᠯᠠᠯ ᠤᠨ ᠦᠨᠡᠮᠯᠡᠯ ᠣᠯᠭᠤᠵᠤ᠂ ᠰᠦᠯᠵᠢᠶᠡᠨ ᠳᠡᠭᠡᠷ᠎ᠡ ︽ᠦᠨᠡᠮᠯᠡᠯ ᠢᠶᠠᠨ ᠦᠵᠡᠭᠦᠯᠬᠦ︾ ︽ᠺᠣᠳ᠋ ᠢᠶᠠᠨ ᠦᠵᠡᠭᠦᠯᠬᠦ︾ ᠤᠶᠢᠯᠡᠴᠢᠯᠡᠭᠡ ᠬᠠᠩᠭᠠᠪᠠ᠃ ᠣᠶᠢᠯᠠᠭᠠᠭᠰᠠᠨ ᠢᠶᠠᠷ᠂ 8 ᠵᠤᠶᠢᠯ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠠᠴᠠ ᠨᠠᠰᠢ ᠨᠢᠭᠡᠨᠲᠡ 1 ᠳ᠋ᠦᠩᠰᠢᠭᠤᠷ ᠭᠠᠷᠤᠶ ᠬᠥᠮᠦᠨ ᠤᠳᠠᠭ᠎ᠠ ᠳᠤ ᠠᠰᠢᠭ ᠬᠦᠷᠲᠡᠭᠡᠵᠦ᠂ ᠣᠯᠠᠨ ᠲᠦᠮᠡᠨ ᠪᠠ ᠠᠵᠤ ᠠᠬᠤᠶᠢᠯᠠᠯ ᠤᠨ ᠳᠠᠷᠤᠭᠠᠰᠤ ᠶᠢ 40 ᠳ᠋ᠦᠩᠰᠢᠭᠤᠷ ᠭᠠᠷᠤᠶ ᠲᠥᠭᠦᠷᠢᠭ ᠬᠥᠩᠭᠡᠷᠡᠭᠦᠯᠵᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号