ᠣᠷᠣᠯᠭ᠎ᠠ ᠳᠤ ᠬᠤᠯᠪᠣᠭᠳᠠᠨ᠎ᠠ︕ ᠡᠨᠡ ᠶᠠᠪᠤᠳᠠᠯ ᠢ ᠰᠠᠷ᠎ᠠ ᠶᠢᠨ ᠰᠡᠭᠦᠯᠴᠢ ᠠᠴᠠ ᠡᠮᠦᠨ᠎ᠡ ᠱᠠᠯᠠᠪᠳᠠᠨ ᠬᠢᠬᠦ ᠬᠡᠷᠡᠭᠲᠡᠶ
ᠨᠡᠶᠢᠲᠡᠯᠡᠭᠰᠡᠨ ᠴᠠᠭ᠄
2024/12/3
   2025 ᠣᠨ ᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠤᠶᠢᠯ ᠤᠨ ᠨᠡᠮᠡᠯᠲᠡ ᠰᠠᠭᠤᠳᠬᠠᠯ ᠤᠨ ᠮᠡᠳᠡᠭᠡ ᠵᠠᠩᠭᠢ ᠶᠢ 12 ᠰᠠᠷ᠎ᠠ ᠶᠢᠨ 1 ᠤ ᠡᠳᠦᠷ ᠠᠴᠠ ᠡᠬᠢᠯᠡᠵᠦ ᠨᠤᠲᠠᠯᠠᠨ ᠲᠣᠭᠲᠠᠭᠠᠨ᠎ᠠ᠂ ᠭᠠᠶᠢᠯᠢ ᠲᠤᠰᠢᠶᠠᠭᠴᠢ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ APP ᠪᠠᠷ ᠳᠠᠮᠵᠢᠭᠤᠯᠤᠨ 2025 ᠣᠨ ᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠤᠶᠢᠯ ᠤᠨ ᠨᠡᠮᠡᠯᠲᠡ ᠰᠠᠭᠤᠳᠬᠠᠯ ᠤᠨ ᠮᠡᠳᠡᠭᠡ ᠵᠠᠩᠭᠢ ᠪᠠᠨ ᠪᠠᠳᠤᠯᠠᠨ ᠨᠤᠳᠠᠯᠠᠬᠤ ᠶᠢ ᠵᠠᠪᠠᠯ ᠲᠣᠰ ᠰᠠᠷ᠎ᠠ ᠶᠢᠨ ᠳᠣᠲᠣᠷ᠎ᠠ ᠪᠡᠶᠡᠯᠡᠭᠦᠯᠬᠦ ᠬᠡᠷᠡᠭᠲᠡᠶ᠃ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ APP ᠶᠢ ᠪᠠᠭᠤᠯᠭᠠᠬᠤ ᠶᠢᠨ ᠬᠠᠮᠲᠤ ᠨᠡᠭᠡᠭᠡᠵᠦ ︽ᠲᠤᠰᠬᠠᠶ ᠵᠤᠶᠢᠯ ᠤᠨ ᠨᠡᠮᠡᠯᠲᠡ ᠰᠠᠭᠤᠳᠬᠠᠯ ᠤᠨ ᠲᠠᠭᠯᠠᠨ ᠮᠡᠳᠡᠭᠦᠯᠬᠦ︾ ᠵᠠᠭᠪᠤᠷ ᠢ ᠲᠤᠪᠰᠢᠵᠦ ᠮᠡᠳᠡᠭᠡ ᠵᠠᠩᠭᠢ ᠶᠢ ᠨᠤᠲᠠᠯᠠᠨ᠎ᠠ᠃ ᠭᠠᠶᠢᠯᠢ ᠲᠤᠰᠢᠶᠠᠭᠴᠢ ᠨᠢ ᠵᠢᠯ ᠪᠦᠷᠢ ᠶᠢᠨ 12 ᠰᠠᠷ᠎ᠠ ᠶᠢᠨ 1 ᠤ ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ ᠳᠠᠷᠠᠭ᠎ᠠ ᠵᠢᠯ ᠤᠨ ᠲᠤᠰᠬᠠᠶ ᠵᠤᠶᠢᠯ ᠤᠨ ᠨᠡᠮᠡᠯᠲᠡ ᠰᠠᠭᠤᠳᠬᠠᠯ ᠭᠥᠷᠳᠡᠬᠦ ᠠᠭᠤᠯᠭ᠎ᠠ ᠶᠢ ᠨᠤᠲᠠᠯᠠᠨ ᠲᠣᠭᠲᠠᠭᠠᠬᠤ ᠬᠡᠷᠡᠭᠳᠡᠢ᠃ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠤᠶᠢᠯ ᠤᠨ ᠨᠡᠮᠡᠯᠲᠡ ᠰᠠᠭᠤᠳᠬᠠᠯ ᠤᠨ ᠵᠤᠶᠢᠯᠠᠰ ᠲᠤ ᠦᠷ᠎ᠡ ᠬᠡᠦᠬᠡᠳ ᠤᠨ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ᠂ ᠬᠦᠨᠳᠦ ᠡᠪᠡᠳᠴᠢᠨ ᠤ ᠡᠮᠴᠢᠯᠡᠭᠡ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ᠂ ᠣᠷᠣᠨ ᠰᠠᠭᠤᠴᠠ ᠶᠢᠨ ᠲᠦᠷᠢᠶᠡᠰᠦᠨ ᠮᠥᠩᠭᠦ᠂ ᠨᠠᠰᠤᠲᠠᠨ ᠢᠶᠠᠨ ᠠᠴᠢᠯᠠᠨ ᠲᠡᠵᠢᠭᠡᠬᠦ᠂ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠵᠡᠷᠭᠡ ᠲᠤᠯᠤᠭᠠᠨ ᠵᠤᠶᠢᠯ ᠪᠠᠭᠲᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号