ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/12/3
   11 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠠᠢ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠪᠦᠭᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠢ ᠬᠤᠷᠰᠢᠶ᠎ᠠ ᠪᠠᠶᠢᠭᠤᠯᠤᠭᠳᠠᠭᠰᠠᠨ 70 ᠵᠢᠯ ᠤᠨ ᠣᠶ ᠶᠢᠨ ᠲᠠᠰᠢᠷᠠᠮ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠶᠡᠷᠦᠩᠬᠡᠢ ᠰᠠᠶᠢᠳ ᠯᠢ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠠᠵᠢᠯ ᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠢ᠃ ᠬᠤᠷᠰᠢᠶ᠎ᠠ ᠶᠢᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠭᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠱᠠᠯᠠᠪᠳᠠᠨ ᠲᠥᠯᠥᠪᠵᠢᠭᠦᠯᠦᠨ ᠠᠬᠢᠭᠤᠯᠵᠤ᠂ ᠠᠯᠢ ᠲᠦᠷᠭᠡᠨ ᠢᠶᠠᠷ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠰᠢᠨ᠎ᠡ ᠬᠤᠪᠢᠷᠠᠯᠲᠠ ᠰᠢᠨ᠎ᠡ ᠬᠡᠷᠡᠭᠴᠡᠭᠡ ᠳᠤ ᠢᠳᠡᠪᠬᠢᠲᠡᠢ ᠵᠣᠬᠢᠴᠠᠵᠤ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠢᠶᠠᠨ ᠳᠡᠭᠡᠭᠰᠢᠯᠡᠭᠦᠯᠦᠨ᠂ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ ᠪᠣᠳᠠᠲᠠᠢ ᠠᠳᠬᠤᠵᠤ᠂ ᠲᠠᠷᠢᠶᠠᠯᠠᠩ ᠤᠨ ᠡᠳ᠋ ᠪᠠᠷᠠᠭ᠎ᠠ ᠶᠢᠨ ᠬᠠᠩᠭᠠᠯᠭ᠎ᠠ᠂ ᠮᠠᠯ ᠠᠵᠤ ᠠᠬᠤᠢ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ᠂ ᠳᠠᠬᠢᠯᠲᠠ ᠡᠬᠢ ᠪᠠᠶᠠᠯᠢᠭ ᠢ ᠪᠤᠴᠠᠭᠠᠨ ᠬᠤᠷᠢᠶᠠᠵᠤ ᠠᠰᠢᠭᠯᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠳᠠᠪᠠᠭᠤᠯᠢᠭ ᠲᠠᠭᠠᠨ ᠰᠠᠭᠤᠷᠢᠯᠠᠵᠤ᠂ ᠢᠳᠡᠪᠬᠢᠲᠡᠢ ᠰᠦᠪᠡᠭᠴᠢᠯᠡᠨ᠂ ᠦᠢᠯᠡᠴᠢᠯᠡᠭᠡᠨ ᠤ ᠬᠦᠷᠢᠶ᠎ᠡ ᠪᠠᠨ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠢᠯᠵᠠᠷᠠᠨ ᠬᠤᠪᠢᠷᠠᠬᠤ ᠶᠢ ᠰᠡᠷᠭᠡᠶᠢᠯᠡᠬᠦ ᠳᠦᠷᠢᠮ ᠤᠨ ᠰᠢᠩᠭᠡᠯᠢᠭ ᠢ ᠴᠢᠩᠭ᠎ᠠ ᠰᠦᠯᠵᠢᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠠᠷᠢᠶᠠᠲᠤ ᠨᠠᠷ ᠤᠨ ᠬᠤᠯᠪᠤᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠤᠨ ᠬᠠᠷᠢᠶᠠᠲᠤ ᠨᠠᠷ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠷᠭᠡᠨ ᠤᠯᠠᠨ ᠬᠠᠷᠢᠶᠠᠲᠤ ᠨᠠᠷ ᠤᠨ ᠭᠡᠷ ᠪᠦᠯᠢ ᠬᠠᠷᠢᠶᠠᠲᠤ ᠠᠬ᠎ᠠ ᠳᠡᠭᠦᠦ ᠨᠠᠷ ᠲᠠᠢ ᠣᠯᠣᠯᠴᠠᠨ ᠬᠠᠷᠢᠯᠴᠠᠬᠤ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠮᠠᠨ ᠤ ᠣᠷᠣᠨ ᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠵᠢᠴᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠶᠡᠭᠡ ᠪᠠᠷ ᠤᠬᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠨᠡᠩ ᠤᠯᠠᠨ ᠬᠠᠷᠢᠶᠠᠲᠤ ᠨᠠᠷ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠷᠢᠶᠠᠲᠤ ᠨᠠᠷ ᠲᠤ ᠬᠤᠯᠪᠣᠭᠳᠠᠬᠤ ᠠᠵᠢᠯ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠬᠠᠷᠢᠶᠠᠲᠤ ᠨᠠᠷ ᠤᠨ ᠡᠲᠡᠭᠡᠳ ᠤᠨ ᠤᠯᠠᠨ ᠲᠦᠮᠡᠨ ᠲᠠᠢ ᠬᠠᠷᠢᠯᠴᠠᠵᠤ ᠲᠡᠳᠡᠨ ᠳᠤ ᠦᠢᠯᠡᠴᠢᠯᠡᠬᠦ ᠠᠵᠢᠯ ᠢ ᠦᠨᠡᠨ ᠬᠦ ᠪᠣᠳᠠᠲᠠᠢ ᠨᠠᠷᠢᠯᠢᠭ ᠬᠢᠬᠦ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠦᠷ ᠮᠤᠩᠭᠤᠯ ‍ᠤᠨ‌ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠦᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号