ᠶᠡᠭᠡ ᠬᠡᠷᠡᠭ ᠶᠠᠪᠤᠳᠡᠯ ᠤᠨ ᠲᠡᠮᠳᠡᠭᠯᠡᠯ (10 ᠰᠠᠷ᠎ᠠ )
ᠨᠡᠶᠢᠲᠡᠯᠡᠭᠰᠡᠨ ᠴᠠᠭ᠄
2024/12/31
   10 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠠᠨ ᠨᠠᠢᠮᠠᠳᠤᠭᠠᠷ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      10 ᠰᠠᠷ᠎ᠠ ᠶᠢᠨ 23 ᠤ ᠡᠳᠦᠷ᠂ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠭᠤᠴᠢᠨ ᠨᠢᠭᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号